ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠪᠦᠬᠦ ᠣᠷᠣᠨ᠎ᠤ ᠨᠡᠢ᠌ᠭᠡᠮ᠎ᠤᠨ ᠲᠤᠰᠠᠯᠠᠮᠵᠢ ᠵᠢᠨ ᠬᠦᠷᠢᠶ᠎ᠡ ᠴᠠᠷᠠᠭ᠎ᠠ᠎ᠳᠤ 《ᠴᠢᠳᠠᠪᠤᠷᠢ᠎ᠪᠠᠨ ᠳᠡᠭᠡᠭᠰᠢᠯᠡᠭᠦᠯᠵᠦ ᠰᠢᠯᠢᠳᠡᠭ᠎ᠢ ᠡᠷᠡᠮᠴᠡᠬᠦ᠂ ᠪᠣᠳᠠᠲᠠᠢ ᠠᠵᠢᠯᠯᠠᠵᠤ ᠠᠷᠠᠳ᠎ᠲᠤ ᠠᠰᠢᠭ ᠬᠦᠷᠲᠡᠭᠡᠬᠦ》 ᠠᠵᠢᠯᠯᠠᠭ᠎ᠠ ᠵᠢ ᠭᠦᠨᠵᠡᠭᠡᠢ ᠦᠷᠨᠢᠬᠦᠯᠪᠡ
ᠨᠡᠶᠢᠲᠡᠯᠡᠭᠰᠡᠨ ᠴᠠᠭ᠄ 2023-10-31

    ᠪᠦᠬᠦ ᠣᠷᠣᠨ᠎ᠤ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠲᠤᠰᠠᠯᠠᠮᠵᠢ ᠵᠢᠨ ᠦᠷ᠎ᠡ ᠪᠦᠲᠦᠮᠵᠢ ᠪᠠ ᠦᠢ᠍ᠯᠡᠴᠢᠯᠡᠭᠡᠨ᠎ᠤ ᠴᠢᠳᠠᠪᠤᠷᠢ ᠵᠢᠨ ᠲᠣᠭᠣᠷᠢᠨ᠎ᠳᠤ ᠬᠣᠶᠠᠳᠤᠭ᠋ᠠᠷ ᠪᠦᠯᠦᠭ ᠭᠣᠣᠯ ᠰᠡᠳᠦᠪᠲᠦ ᠬᠥᠮᠦᠵᠢᠯ᠎ᠤᠨ 《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ᠎ᠲᠠᠢ ᠤᠶᠠᠯᠳᠤᠭᠤᠯᠤᠨ᠂ ᠨᠡᠡᠭ ᠬᠠᠨᠳᠤᠯᠭ᠋ᠠᠲᠤ ᠴᠢᠨᠠᠷ᠎ᠲᠠᠢ᠂ ᠨᠡᠡᠭ ᠦᠷᠬᠡᠨ ᠬᠦᠷᠢᠶ᠎ᠡ ᠬᠡᠪᠴᠢᠶ᠎ᠡ ᠵᠢ ᠬᠠᠮᠤᠷᠠᠬᠰᠠᠨ᠂ ᠦᠢ᠍ᠯᠡᠳᠦᠯ ᠵᠶ᠋ᠡᠷ ᠨᠠᠩ ᠰᠢᠭᠤᠳ᠂ ᠦᠷ᠎ᠡ ᠪᠦᠲᠦᠮᠵᠢ᠎ᠪᠠᠷ ᠨᠠᠩ ᠢᠯᠡᠷᠬᠡᠢ ᠠᠷᠭ᠎ᠠ᠎ᠪᠠᠷ ᠨᠡᠢ᠌ᠭᠡᠮ᠎ᠤᠨ ᠲᠤᠰᠠᠯᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ 《ᠴᠢᠳᠠᠪᠤᠷᠢ ᠵᠢ ᠳᠡᠭᠡᠭᠰᠢᠯᠡᠭᠦᠯᠦᠨ ᠰᠢᠯᠢᠳᠡᠭ᠎ᠢ ᠡᠷᠡᠮᠴᠡᠬᠦ᠂ ᠪᠣᠳᠠᠲᠠᠢ᠎ᠪᠠᠷ ᠠᠵᠢᠯᠯᠠᠵᠤ ᠠᠷᠠᠳ᠎ᠲᠤ ᠠᠰᠢᠭ ᠬᠦᠷᠲᠡᠭᠡᠬᠦ》 ᠠᠵᠢᠯᠯᠠᠭ᠎ᠠ ᠵᠢ ᠭᠦᠨᠵᠡᠭᠡᠢ᠌ᠷᠡᠭᠦᠯᠦᠨ᠂ ᠪᠣᠳᠠᠲᠤ ᠦᠷ᠎ᠡ ᠪᠦᠲᠦᠮᠵᠢ ᠣᠯᠬᠤ ᠵᠢ ᠵᠢᠯᠤᠭᠣᠳᠴᠤ᠂ ᠬᠦᠴᠢᠷᠳᠡᠯᠲᠡᠢ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠠᠮᠤᠭᠤᠯᠠᠡᠭ ᠲᠥᠷᠥᠭᠳᠡᠯ᠎ᠢ ᠦᠨᠡᠨ ᠬᠦ᠌ ᠨᠡᠮᠡᠭᠳᠡᠬᠦᠯᠪᠡ᠃
 
   ᠤᠯᠠᠨ ᠲᠦᠮᠡᠨ᠎ᠤ  ᠪᠠᠴᠢᠮᠳᠠᠯ ᠬᠦᠴᠢᠷᠳᠡᠯ ᠵᠤᠪᠠᠨᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠢ᠌ᠭᠡᠮ᠎ᠤᠨ ᠲᠤᠰᠠᠯᠠᠮᠵᠢ ᠵᠢᠨ ᠬᠦᠷᠢᠶ᠎ᠡ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠵᠦ ᠶᠠᠰᠤ ᠴᠢᠨᠠᠷ᠎ᠢ ᠳᠡᠭᠡᠭᠰᠢᠯᠡᠭᠦᠯᠬᠦ ᠵᠢ ᠠᠬᠢᠭᠤᠯᠪᠠ

  

    ᠡᠯ᠎ᠡ ᠠᠢ᠌ᠮᠠᠭ ᠬᠣᠲᠠ ᠵᠢᠨ᠎ᠬᠢᠨ ᠨᠡᠢ᠌ᠭᠡᠮ᠎ᠤᠨ ᠲᠤᠰᠠᠯᠠᠮᠵᠢ ᠵᠢᠨ ᠬᠦᠷᠢᠶ᠎ᠡ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠬᠡᠷᠡᠭᠵᠢᠭᠦᠯᠬᠦ ᠠᠷᠭ᠎ᠠ ᠵᠢ ᠲᠣᠭᠲᠠᠭ᠋ᠠᠵᠤ᠂ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠬᠢᠨᠠᠨ ᠬᠠᠷᠭᠤᠭᠤᠯᠵᠤ ᠨᠤᠲᠠᠯᠠᠬᠤ ᠠᠷᠭ᠎ᠠ᠎ᠳᠤ ᠴᠠᠭ ᠲᠤᠬᠠᠢ᠎ᠳᠤ᠎ᠨᠢ ᠵᠠᠰᠠᠪᠤᠷᠢ ᠣᠷᠣᠭᠤᠯᠵᠤ᠂ ᠠᠰᠠᠷᠠᠨ ᠲᠡᠵᠢᠭᠡᠬᠦ ᠵᠠᠷᠤᠳᠠᠯ᠎ᠤᠨ ᠬᠠᠮᠤᠭ᠎ᠤᠨ ᠥᠨᠳᠥᠷ ᠪᠠᠷᠢᠮᠵᠢᠶ᠎ᠠ ᠵᠢ ᠲᠣᠭᠲᠠᠭ᠋ᠠᠬᠤ᠂ ᠭᠡᠷ ᠪᠦᠯᠢ ᠵᠢᠨ ᠠᠰᠠᠷᠠᠨ ᠲᠡᠵᠢᠭᠡᠬᠦ ᠵᠠᠷᠤᠳᠠᠯ᠎ᠢ ᠪᠠᠭᠤᠷᠠᠭᠤᠯᠬᠤ᠂ ᠠᠵᠢᠯ ᠦᠭᠡᠢ ᠨᠤᠴᠢᠳᠠᠢ ᠵᠡᠮᠳᠡᠭᠴᠦᠳ᠎ᠢ 《ᠭᠠᠭᠴᠠ ᠬᠥᠮᠥᠨ᠎ᠤ ᠡᠷᠦᠬᠡ》᠎ᠪᠠᠷ ᠯᠠᠪᠯᠠᠯᠲᠠ ᠪᠣᠯᠭ᠋ᠠᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠭᠤᠶᠤᠴᠢᠯᠠᠭᠤᠯᠬᠤ᠂ ᠨᠠᠭ᠋ᠠᠲᠤ ᠵᠠᠬ᠎ᠠ ᠵᠢᠨ ᠪᠠᠲᠤᠯᠠᠭ᠎ᠠ᠎ᠠᠴᠠ ᠢᠳᠡᠭ ᠢᠳᠡᠭ ᠰᠠᠯᠭ᠋ᠠᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠵᠡᠷᠭᠡ᠎ᠪᠠᠷ ᠳᠠᠮᠵᠢᠭᠤᠯᠤᠨ  ᠨᠡᠢ᠌ᠭᠡᠮ᠎ᠤᠨ  ᠲᠤᠰᠠᠯᠠᠮᠵᠢ ᠵᠢᠨ ᠬᠦᠷᠢᠶ᠎ᠡ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠵᠦ ᠶᠠᠰᠤ ᠴᠢᠨᠠᠷ᠎ᠢ ᠳᠡᠭᠡᠭᠰᠢᠯᠡᠭᠦᠯᠬᠦ ᠵᠢ ᠠᠬᠢᠭᠤᠯᠵᠤ᠂ ᠪᠠᠭᠤᠷᠠᠢ᠎ᠳᠤ᠎ᠨᠢ ᠲᠡᠳᠬᠦᠮᠵᠢ᠎ᠲᠠᠢ᠂ ᠬᠦᠴᠢᠷᠲᠡᠢ᠎ᠳᠤ᠎ᠨᠢ ᠲᠤᠰᠠᠯᠠᠮᠵᠢ᠎ᠲᠠᠢ ᠪᠠᠢ᠌ᠬᠤ ᠵᠢ ᠪᠡᠶᠡᠯᠡᠬᠦᠯᠪᠡ᠃ ᠡᠯ᠎ᠡ ᠭᠠᠵᠠᠷ᠎ᠤᠨ᠎ᠬᠢᠨ ᠨᠡᠢ᠌ᠭᠡᠮ᠎ᠤᠨ ᠲᠤᠰᠠᠯᠠᠮᠵᠢ ᠵᠢᠨ ᠬᠦᠷᠢᠶ᠎ᠡ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ 《ᠪᠤᠭᠤᠮᠳᠠ ᠰᠢᠪᠳᠤᠯᠤᠯᠳᠠ ᠵᠢᠨ ᠰᠠᠷ᠎ᠠ》 ᠵᠢᠨ ᠠᠵᠢᠯᠯᠠᠭ᠎ᠠ ᠵᠢ ᠬᠡᠷᠡᠭᠵᠢᠭᠦᠯᠵᠦ᠂ ᠣᠷᠣᠯᠭ᠎ᠠ ᠪᠠᠭ᠋ᠠᠲᠠᠢ ᠬᠦᠮᠦᠰ᠎ᠢ ᠮᠠᠭ᠋ᠠᠳᠯᠠᠨ ᠲᠣᠭᠲᠠᠭ᠋ᠠᠬᠤ ᠪᠠ ᠬᠥᠳᠡᠯᠦᠩᠭᠦᠢ ᠪᠠᠢ᠌ᠳᠠᠯ᠎ᠢ᠎ᠨᠢ ᠬᠢᠨᠠᠬᠤ ᠠᠵᠢᠯ᠎ᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠱᠠᠲᠤ  ᠲᠦᠷᠦᠯ ᠬᠤᠪᠢᠶᠠᠬᠰᠠᠨ ᠪᠠᠢ᠌ᠩᠭᠤ ᠵᠢᠨ ᠲᠤᠰᠠᠯᠠᠮᠵᠢ ᠵᠢᠨ ᠠᠵᠢᠯ᠎ᠢ ᠵᠢᠭ᠋ᠠᠨ ᠵᠢᠯᠤᠭᠣᠳᠴᠤ᠂ ᠲᠤᠰᠠᠯᠠᠮᠵᠢ ᠬᠦᠷᠳᠡᠭᠰᠡᠳ᠎ᠲᠤ ᠨᠠᠷᠢᠯᠢᠭ ᠣᠨᠣᠴᠠᠲᠠᠢ᠂ ᠦᠷ᠎ᠡ ᠪᠦᠳᠤᠮᠵᠢᠳᠡᠢ  ᠦᠢ᠍ᠯᠡᠴᠢᠯᠡᠬᠡ ᠬᠠᠡᠭᠭ᠋ᠠᠬᠰᠠᠨ ᠵᠶ᠋ᠡᠷ 9 ᠳ᠋ᠤᠬᠡᠷ ᠰᠠᠷ᠎ᠠ ᠵᠢᠨ ᠰᠡᠭᠦᠯᠴᠢ ᠪᠣᠯᠲᠠᠯ᠎ᠠ ᠮᠠᠨ᠎ᠤ ᠣᠷᠣᠨ ᠬᠣᠲᠠ ᠬᠥᠳᠡᠭᠡ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠳᠡᠭᠴᠢ 153.9 ᠲᠦᠮᠡᠨ ᠬᠥᠮᠥᠨ᠂ ᠬᠣᠲᠠ ᠬᠥᠳᠡᠭᠡ ᠵᠢᠨ ᠣᠨᠴᠠ ᠬᠦᠴᠢᠷᠳᠡᠯᠲᠡᠢ ᠬᠥᠮᠥᠰ᠎ᠤᠨ 9.7 ᠲᠦᠮᠡᠨ ᠬᠥᠮᠥᠨ᠎ᠢ ᠪᠠᠲᠤᠯᠠᠵᠤ᠂ 198.2 ᠲᠦᠮᠡᠨ ᠣᠷᠣᠯᠭ᠎ᠠ ᠪᠠᠭ᠎ᠠ ᠬᠦᠮᠦᠰ᠎ᠢ ᠪᠠᠢ᠌ᠡᠭᠭᠤ ᠵᠢᠨ ᠬᠢᠨᠠᠯᠳᠠ᠎ᠳᠤ ᠣᠷᠣᠭᠤᠯᠵᠤ᠂ ᠡᠭᠦᠨ᠎ᠳᠤ 163.6 ᠲᠦᠮᠡᠨ ᠬᠦᠴᠢᠷᠳᠡᠯᠲᠡᠢ ᠣᠯᠠᠨ ᠲᠦᠮᠡᠨ᠎ᠢ ᠲᠥᠷᠥᠯ ᠬᠤᠪᠢᠶᠠᠨ ᠲᠤᠰᠠᠯᠠᠪᠠ᠃

   

  ᠲᠤᠰᠠᠯᠠᠮᠵᠢ ᠵᠢ ᠲᠥᠷᠥᠯ ᠬᠤᠪᠢᠶᠠᠨ ᠬᠡᠷᠡᠭᠵᠢᠭᠦᠯᠵᠦ᠂ ᠭᠠᠮᠰᠢᠭ᠎ᠠᠴᠠ ᠪᠣᠯᠵᠤ ᠬᠦᠴᠢᠷᠳᠡᠯ᠎ᠳᠤ ᠲᠤᠯᠭ᠋ᠠᠷᠠᠭᠰᠠᠨ ᠣᠯᠠᠨ ᠲᠦᠮᠡᠨ᠎ᠤ ᠠᠮᠢᠳᠤᠷᠠᠯ᠎ᠢ ᠴᠢᠷᠮᠠᠢ᠌ᠨ ᠪᠠᠳᠤᠯᠠᠪᠠ

 

   ᠦᠨᠤ ᠵᠢᠯ ᠮᠠᠨ᠎ᠤ ᠤᠷᠤᠨ᠎ᠤ ᠣᠯᠠᠨ ᠭᠠᠵᠠ᠊ ᠦᠶᠡᠷ ᠤᠰᠤᠲᠤᠯ᠎ᠤᠨ ᠭᠠᠮᠰᠢᠭ᠎ᠲᠤ ᠲᠤᠬᠢᠶᠠᠯᠳᠤᠬᠰᠠᠨ ᠪᠠᠢ᠌ᠳᠠᠯ᠎ᠳᠤ ᠴᠢᠭᠯᠡᠬᠦᠯᠤᠨ ᠡᠷᠲᠡᠯᠡᠨ ᠣᠷᠣᠯᠴᠠᠵᠤ᠂ ᠰᠠᠨᠠᠭ᠋ᠠᠴᠢᠯᠠᠭ᠎ᠠ᠎ᠠᠴᠠ᠎ᠪᠠᠨ ᠠᠵᠢᠯ ᠬᠢᠵᠦ᠂ ᠪᠥᠬᠥ ᠲᠠᠯ᠎ᠠ᠎ᠪᠠᠷ ᠪᠠᠢ᠌ᠳᠠᠯ᠎ᠢ ᠣᠢ᠌ᠯᠠᠭ᠋ᠠᠨ ᠵᠢᠭᠰᠠᠭ᠋ᠠᠨ ᠪᠠᠢ᠌ᠴᠠᠭ᠋ᠠᠵᠤ᠂ ᠲᠤᠰᠠᠯᠠᠮᠵᠢ ᠭᠤᠶᠤᠴᠢᠯᠠᠬᠤ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠲᠣᠬᠢᠲᠠᠢ ᠪᠦᠬᠡᠳ ᠪᠠᠲᠤᠯᠠᠭ᠎ᠠ᠎ᠲᠠᠢ ᠪᠠᠢ᠌ᠯᠭ᠋ᠠᠬᠤ ᠵᠢ  ᠪᠠᠲᠤᠯᠠᠪᠠ᠃ ᠨᠢᠭᠡ᠎ᠳᠤ᠂ ᠨᠡᠢ᠌ᠭᠡᠮ᠎ᠤᠨ ᠲᠤᠰᠠᠯᠠᠮᠵᠢ ᠪᠠ ᠭᠠᠮᠰᠢᠭ᠎ᠤᠨ ᠪᠠᠴᠢᠮ᠎ᠢ ᠠᠷᠭ᠋ᠠᠴᠠᠭ᠋ᠠᠬᠤ ᠲᠥᠷᠥ ᠵᠢᠨ ᠪᠣᠳᠣᠯᠭ᠎ᠠ ᠵᠢ ᠵᠣᠯᠭ᠋ᠠᠭᠤᠯᠬᠤ ᠵᠢ ᠴᠢᠩᠭ᠋ᠠᠳᠬᠠᠵᠤ᠂ ᠲᠦᠷ ᠴᠠᠭ᠎ᠤᠨ  ᠲᠤᠰᠠᠯᠠᠮᠵᠢ ᠵᠢᠨ ᠡᠷᠴᠢᠮ᠎ᠢ ᠴᠢᠡᠭᠭ᠋ᠠᠷᠠᠭᠤᠯᠤᠨ ᠨᠥᠬᠥᠴᠡᠯ᠎ᠳᠤ ᠨᠡᠢ᠌ᠴᠡᠬᠦ ᠭᠠᠮᠰᠢᠭᠳᠠᠭᠰᠠᠨ ᠣᠯᠠᠨ ᠲᠦᠮᠡᠨ᠎ᠢ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ᠎ᠢ ᠲᠤᠰᠠᠯᠠᠵᠤ ᠠᠰᠠᠷᠠᠨ ᠲᠡᠵᠢᠭᠡᠬᠦ ᠬᠦᠷᠢᠶ᠎ᠡ ᠬᠡᠪᠴᠢᠶᠡᠨ᠎ᠳᠤ ᠴᠠᠭ ᠲᠤᠬᠠᠢ᠎ᠳᠤ᠎ᠨᠢ ᠣᠷᠣᠭᠤᠯᠵᠤ᠂ 《ᠪᠠᠲᠤᠯᠠᠬᠤ ᠶᠣᠰᠣᠲᠠᠢ ᠵᠢ᠎ᠨᠢ ᠪᠦᠬᠦᠨ᠎ᠢ ᠪᠠᠲᠤᠯᠠᠵᠤ》 ᠴᠢᠳᠠᠬᠰᠠᠨ ᠪᠠᠢ᠌ᠨ᠎ᠠ᠃ ᠦᠨᠳᠦᠰᠦᠨ ᠠᠮᠢᠳᠤᠷᠠᠯ᠎ᠨᠢ ᠦᠶᠡᠷ᠎ᠤᠨ ᠬᠤᠭᠤᠴᠠᠭ᠋ᠠᠨ᠎ᠤ ᠭᠠᠮᠰᠢᠭ᠎ᠲᠤ ᠨᠥᠯᠥᠭᠡᠯᠡᠭᠳᠡᠭᠰᠡᠨ᠂ ᠨᠡᠢ᠌ᠭᠡᠮ᠎ᠤᠨ  ᠲᠤᠰᠠᠯᠠᠮᠵᠢ ᠵᠢᠨ ᠪᠤᠰᠤᠳ ᠳᠦᠷᠢᠮ᠎ᠲᠤ ᠲᠦᠷ ᠴᠠᠭ ᠤᠷᠤᠭᠤᠯᠬᠤ ᠵᠢᠨ ᠠᠷᠭ᠎ᠠ ᠦᠭᠡᠢ ᠭᠠᠮᠰᠢᠭᠳᠠᠭᠰᠠᠨ ᠤᠯᠠᠨ ᠲᠦᠮᠡᠨ᠎ᠳᠤ ᠴᠠᠭ ᠲᠤᠬᠠᠢ᠎ᠳᠤ᠎ᠨᠢ ᠲᠦᠷ ᠴᠠᠭ᠎ᠤᠨ ᠲᠤᠰᠠᠯᠠᠮᠵᠢ ᠣᠯᠭᠣᠵᠤ᠂ 《ᠬᠦᠴᠢᠷᠳᠡᠯ᠎ᠳᠤ ᠲᠤᠯᠭ᠋ᠠᠷᠠᠪᠠᠯ ᠵᠠᠪᠠᠯ ᠬᠠᠪᠰᠤᠷᠴᠤ᠂ ᠬᠦᠴᠢᠷᠳᠡᠯ᠎ᠳᠤ ᠲᠤᠯᠭ᠋ᠠᠷᠠᠪᠠᠯ ᠵᠠᠪᠠᠯ ᠠᠪᠤᠷᠠᠵᠤ》 ᠴᠢᠳᠠᠪᠠ᠃ ᠬᠣᠶᠠᠷ᠎ᠲᠤ᠂ ᠰᠢᠯᠵᠢᠭᠦᠯᠦᠨ ᠲᠠᠨᠢᠯᠴᠠᠭᠤᠯᠬᠤ ᠦᠢ᠍ᠯᠡᠴᠢᠯᠡᠭᠡ ᠵᠢ ᠴᠠᠭ ᠲᠤᠬᠠᠢ᠎ᠳᠤ᠎ᠨᠢ ᠬᠠᠡᠭᠭ᠋ᠠᠯ᠎ᠠ᠃ ᠭᠠᠮᠰᠢᠭᠳᠠᠭᠰᠠᠨ ᠬᠥᠮᠥᠰ᠎ᠢ ᠲᠤᠰᠠᠯᠠᠬᠤ ᠪᠠ ᠨᠢᠭᠦᠯᠡᠰᠦᠩᠭᠦᠢ ᠵᠢᠨ ᠦᠢ᠍ᠯᠡᠰ᠎ᠤᠨ ᠬᠠᠪᠰᠤᠷᠤᠨ ᠲᠡᠳᠬᠦᠬᠦ ᠵᠢ ᠵᠣᠯᠭ᠋ᠠᠭᠤᠯᠬᠤ ᠵᠢ ᠴᠢᠩᠭ᠋ᠠᠳᠬᠠᠵᠤ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ ᠪᠤᠯᠤᠨ ᠡᠯ᠎ᠡ ᠲᠦᠷᠦᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠢᠳᠡᠪᠬᠢᠲᠡᠢ᠎ᠪᠠᠷ ᠵᠣᠬᠢᠶᠠᠨ ᠪᠠᠢ᠌ᠭᠤᠯᠤᠨ ᠵᠣᠬᠢᠴᠠᠭᠤᠯᠵᠤ ᠪᠠᠢ᠌ᠭ᠋ᠠᠳ ᠭᠠᠮᠰᠢᠭᠳᠠᠭᠰᠠᠨ ᠤᠯᠠᠨ ᠲᠦᠮᠡᠨ᠎ᠳᠤ ᠴᠠᠭ ᠲᠤᠬᠠᠢ᠎ᠳᠤ᠎ᠨᠢ ᠡᠳ᠋ ᠪᠣᠳᠠᠰ ᠬᠠᠨᠳᠢᠪᠯᠡᠵᠤ᠂ ᠰᠡᠳᠬᠢᠴᠡ ᠵᠢᠨ ᠲᠠᠯ᠎ᠠ᠎ᠪᠠᠷ ᠵᠢᠯᠤᠭᠣᠳᠬᠤ᠂ ᠬᠠᠯᠠᠮᠵᠢᠯᠠᠬᠤ ᠵᠡᠷᠭᠡ ᠦᠢ᠍ᠯᠡᠴᠢᠯᠡᠭᠡ ᠬᠠᠩᠭ᠋ᠠᠪᠠ᠃  ᠦᠶᠡᠷ ᠤᠰᠤᠳᠤᠯ᠎ᠳᠤ ᠭᠠᠮᠰᠢᠭᠳᠠᠭᠰᠠᠨ ᠣᠯᠠᠨ ᠲᠦᠮᠡᠨ᠎ᠢ 30.17 ᠲᠦᠮᠡᠨ ᠤᠳᠠᠭ᠎ᠠ ᠪᠠᠢ᠌ᠴᠠᠭ᠋ᠠᠨ ᠭᠠᠷᠭ᠋ᠠᠵᠤ᠂ ᠨᠥᠬᠥᠴᠡᠯ᠎ᠳᠤ ᠨᠡᠢ᠌ᠴᠡᠬᠦ 625 ᠬᠦᠮᠦᠨ᠎ᠢ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠵᠡᠷᠭᠡ ᠦᠨᠳᠦᠰᠦᠨ ᠠᠮᠢᠳᠤᠷᠠᠯ᠎ᠤᠨ ᠲᠤᠰᠠᠯᠠᠮᠵᠢ ᠵᠢᠨ ᠬᠡᠪᠴᠢᠶᠡᠨ᠎ᠳᠤ ᠴᠠᠭ ᠲᠤᠬᠠᠢ᠎ᠳᠤ᠎ᠨᠢ ᠣᠷᠣᠭᠤᠯᠵᠤ᠂  ᠭᠠᠮᠰᠢᠭᠳᠠᠭᠰᠠᠨ ᠣᠯᠠᠨ ᠲᠦᠮᠡᠨ᠎ᠢ 7551 ᠤᠳᠠᠭ᠎ᠠ ᠲᠦᠷ ᠴᠠᠭ ᠲᠤᠰᠠᠯᠠᠵᠤ᠂ 1232.37 ᠲᠦᠮᠡᠨ ᠲᠥᠭᠥᠷᠢᠭ᠎ᠤᠨ ᠪᠡᠯᠡ ᠮᠥᠩᠭᠥ ᠵᠠᠷᠤᠴᠠᠭᠤᠯᠵᠠᠢ᠃

   

   ᠲᠤᠰᠠᠯᠠᠮᠵᠢ ᠵᠢᠨ ᠦᠢ᠍ᠯᠡᠴᠢᠯᠡᠭᠡ ᠵᠢ ᠰᠢᠨ᠎ᠡ ᠵᠢ ᠡᠭᠦᠳᠦᠨ ᠰᠢᠯᠢᠳᠡᠭᠵᠢᠭᠦᠯᠵᠦ᠂ ᠬᠣᠶᠠᠷ ᠨᠠᠷᠢᠨ ᠲᠠᠩᠰᠠ ᠵᠢ 《ᠰᠢᠷᠪᠢᠪᠡᠯ ᠮᠡᠳᠡᠴᠢᠬᠡᠬᠦ》 ᠪᠤᠯᠭ᠋ᠠᠪᠠ

  

   ᠪᠥᠬᠥ ᠣᠷᠣᠨ᠎ᠳᠤ ᠬᠦᠴᠢᠷᠳᠡᠯᠲᠡᠢ ᠣᠯᠠᠨ ᠲᠦᠮᠡᠨ᠎ᠢ ᠬᠠᠯᠠᠮᠵᠢᠯᠠᠨ ᠲᠡᠳᠬᠦᠬᠦ ᠲᠤᠰᠬᠠᠢ ᠠᠵᠢᠯᠯᠠᠭ᠎ᠠ᠂ ᠦᠨᠳᠦᠰᠦᠨ ᠵᠦᠢ᠍ᠯ᠎ᠢ ᠳᠠᠭ᠋ᠠᠭ᠋ᠠᠨ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ ᠠᠵᠢᠯᠯᠠᠭ᠎ᠠ ᠵᠢ ᠥᠷᠨᠢᠭᠦᠯᠵᠦ᠂ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠵᠤ  ᠲᠡᠳᠬᠦᠬᠦ 《ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ》 ᠪᠠ ᠰᠡᠳᠬᠢᠯ᠎ᠢ ᠳᠤᠯᠠᠭ᠋ᠠᠴᠠᠭᠤᠯᠬᠤ ᠦᠢ᠍ᠯᠡᠴᠢᠯᠡᠭᠡᠨ᠎ᠤ 《ᠲᠤᠰᠠᠯᠠᠮᠵᠢ ᠵᠢᠨ ᠨᠠᠷᠢᠨ ᠲᠠᠡᠭᠰᠨ》 ᠵᠢ ᠭᠠᠷᠭ᠋ᠠᠵᠤ᠂ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠪᠠ ᠠᠷᠠᠳ᠎ᠲᠤ ᠠᠰᠢᠭ ᠬᠦᠷᠲᠡᠭᠡᠬᠦ ᠪᠡᠯᠡ ᠮᠥᠩᠭᠥ ᠵᠢ 《ᠰᠢᠷᠪᠢᠪᠡᠯ ᠮᠡᠳᠡᠴᠢᠬᠡᠬᠦ》 ᠪᠤᠯᠭ᠋ᠠᠪᠠ᠃ ᠬᠦᠴᠢᠷᠳᠡᠯᠲᠡᠢ ᠣᠯᠠᠨ ᠲᠦᠮᠡᠨ᠎ᠤ ᠡᠳᠦᠷ ᠢᠷᠡᠬᠦᠶ᠎ᠡ ᠨᠡᠮᠡᠭᠳᠡᠵᠤ ᠪᠦᠬᠦᠢ ᠣᠯᠠᠨ ᠶᠠᠩᠵᠤ ᠵᠢᠨ  ᠲᠤᠰᠠᠯᠠᠮᠵᠢ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠴᠢᠭᠯᠡᠭᠦᠯᠦᠨ᠂ ᠡᠯ᠎ᠡ ᠭᠠᠵᠠᠷ᠎ᠤᠨ᠎ᠬᠢᠨ  ᠲᠤᠰᠠᠯᠠᠮᠵᠢ ᠵᠢᠨ ᠠᠷᠭ᠎ᠠ ᠵᠢᠨ ᠰᠢᠨ᠎ᠡ ᠵᠢ ᠡᠭᠦᠳᠴᠦ᠂ 《ᠪᠣᠳᠠᠰ + ᠦᠢ᠍ᠯᠡᠴᠢᠯᠡᠭᠡ》 ᠵᠢᠨ ᠲᠤᠰᠠᠯᠠᠮᠵᠢ ᠵᠢ ᠢᠳᠡᠪᠬᠢᠲᠡᠢ ᠬᠥᠭᠵᠢᠭᠦᠯᠵᠦ᠂  ᠲᠤᠰᠠᠯᠠᠮᠵᠢ ᠵᠢᠨ ᠦᠢ᠍ᠯᠡᠴᠢᠯᠡᠭᠡᠨ᠎ᠤ ᠣᠯᠠᠨ ᠡᠰᠢᠲᠦ ᠬᠠᠩᠭ᠋ᠠᠯᠭ᠎ᠠ ᠵᠢᠨ ᠪᠠᠢ᠌ᠷᠢᠰᠢᠯ᠎ᠢ ᠲᠦᠷᠭᠡᠨ ᠪᠣᠶ ᠪᠣᠯᠭ᠋ᠠᠵᠤ᠂ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤ᠎ᠨᠢ ᠲᠣᠬᠢᠷᠠᠭᠤᠯᠤᠨ ᠬᠦᠴᠢᠷᠳᠡᠯᠲᠡᠢ ᠣᠯᠠᠨ ᠲᠦᠮᠡᠨ᠎ᠳᠤ ᠣᠶᠤᠨ ᠰᠠᠨᠠᠭ᠋ᠠᠨ᠎ᠤ ᠲᠠᠢ᠌ᠳᠬᠤᠷᠠᠭᠤᠯᠤᠯ᠂ ᠰᠡᠳᠬᠢᠴᠡ ᠵᠢᠨ ᠲᠠᠢ᠌ᠳᠬᠤᠷᠠᠭᠤᠯᠤᠯ᠂ ᠬᠠᠷᠠᠭ᠋ᠠᠯᠵᠠᠨ ᠰᠤᠪᠢᠯᠠᠬᠤ ᠵᠡᠷᠭᠡ ᠦᠢ᠍ᠯᠡᠴᠢᠯᠡᠭᠡ ᠬᠠᠡᠭᠭ᠋ᠠᠬᠰᠠᠨ ᠪᠠᠢ᠌ᠨ᠎ᠠ᠃ ᠦᠬᠠᠢ ᠬᠤᠳᠠ ᠵᠢᠨ᠎ᠬᠢᠨ ᠦᠢ᠍ᠯᠡᠴᠢᠯᠡᠭᠡᠨ᠎ᠤ ᠲᠦᠷᠦᠯ᠎ᠤᠨ ᠲᠤᠰᠠᠯᠠᠮᠵᠢ ᠵᠢᠨ ᠬᠥᠭᠵᠢᠯᠲᠡ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠵᠤ᠂ 《ᠵᠣᠯ ᠵᠢᠷᠭ᠋ᠠᠯᠲᠤ ᠦᠬᠠᠢ᠎ᠳᠤ ᠲᠤᠰᠠᠯᠠᠮᠵᠢ ᠲᠡᠷᠬᠡᠳᠡ ᠴᠢᠨᠢ ᠪᠤᠢ ᠠᠪᠤᠷᠠᠬᠤ》 ᠬᠡᠬᠦ ᠨᠡᠢ᠌ᠭᠡᠮ᠎ᠤᠨ ᠠᠪᠤᠷᠠᠨ ᠲᠤᠰᠠᠯᠠᠬᠤ ᠣᠨᠴᠠᠯᠢᠭᠲᠤ ᠲᠦᠷᠦᠯ ᠲᠡᠮᠳᠡᠭ᠎ᠢ ᠴᠢᠷᠮᠠᠢ᠌ᠨ ᠡᠭᠦᠳᠴᠦ᠂ ᠦᠨᠳᠦᠰᠦᠨ ᠪᠠᠳᠤᠯᠠᠭ᠎ᠠ ᠵᠢ ᠤᠯᠠᠮ ᠨᠠᠢ᠌ᠳᠠᠪᠤᠷᠢᠳᠠᠢ ᠪᠤᠯᠭ᠋ᠠᠵᠤ ᠶᠠᠰᠤ ᠴᠢᠨᠠᠷ᠎ᠢ ᠲᠡᠭᠡᠭᠰᠢᠯᠡᠬᠦᠯᠤᠨ᠂ ᠲᠡᠰ ᠲᠡᠪᠰᠢᠬᠦᠯᠵᠤ ᠴᠢᠳᠠᠪᠠ᠃ ᠬᠥᠯᠥᠨ ᠪᠤᠢ᠍ᠢ᠍ᠷ ᠬᠤᠳᠠ ᠵᠢᠨ᠎ᠬᠢᠨ ᠬᠢᠯᠢ ᠵᠢᠨ ᠬᠠᠮᠠᠭ᠋ᠠᠯᠠᠯᠲᠠ ᠵᠢᠨ ᠴᠠᠭᠳᠠᠭ᠎ᠠ ᠪᠤᠯᠤᠨ ᠠᠷᠠᠳ ᠤᠯᠠᠨ᠎ᠢ ᠠᠭᠤᠰᠤᠯᠴᠠᠭᠤᠯᠬᠤ᠎ᠪᠠᠷ ᠠᠴᠢᠶᠠᠯᠠᠪᠤᠷᠢ ᠪᠣᠯᠭ᠋ᠠᠵᠤ᠂ ᠬᠢᠯᠢ ᠵᠢᠨ ᠲᠣᠮᠢᠯᠠᠭᠰᠠᠨ ᠰᠠᠯᠪᠤᠷᠢ᠎ᠳᠤ ᠲᠤᠰᠠᠯᠠᠮᠵᠢ ᠵᠢᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠦᠷᠳᠡᠬᠡ ᠪᠠᠢ᠌ᠭᠤᠯᠵᠤ᠂ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ᠂ ᠲᠦᠷᠦ ᠵᠢᠨ ᠪᠣᠳᠣᠯᠭ᠎ᠠ ᠵᠢ ᠭᠡᠷ᠎ᠲᠤ᠎ᠨᠢ ᠬᠦᠷᠭᠡᠬᠦ᠂ ᠠᠷᠠᠳ᠎ᠤᠨ ᠬᠦᠴᠢᠷᠳᠡᠯ ᠵᠤᠪᠠᠨᠢᠯ᠎ᠢ ᠠᠷᠢᠯᠭ᠋ᠠᠬᠤ᠂ ᠨᠠᠰᠤᠲᠠᠢ᠌ᠴᠤᠳ᠎ᠢ ᠬᠠᠪᠰᠤᠷᠬᠤ ᠵᠡᠷᠭᠡ ᠲᠤᠰᠠᠯᠠᠮᠵᠢ ᠵᠢᠨ ᠰᠢᠷᠢᠰ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠵᠦ᠂ 《ᠮᠢᠩᠭ᠋ᠠᠨ ᠭᠠᠵᠠᠷ᠎ᠤᠨ ᠬᠢᠯᠢ ᠬᠢᠵᠠᠭ᠋ᠠᠷ᠎ᠤᠨ  ᠲᠤᠰᠠᠯᠠᠮᠵᠢ ᠵᠢᠨ ᠪᠦᠰᠡ》 ᠵᠢ ᠪᠠᠢ᠌ᠭᠤᠯᠪᠠ᠃ ᠪᠠᠶᠠᠨᠨᠠᠭᠤᠷ ᠬᠤᠳᠠ ᠵᠢᠨ᠎ᠬᠢᠨ ᠵᠠᠰᠠᠭ᠎ᠤᠨ ᠣᠷᠳᠣᠨ᠎ᠠᠴᠠ ᠲᠤᠰᠠᠯᠠᠬᠤ ᠪᠠ ᠨᠢᠭᠦᠯᠡᠰᠦᠩᠭᠦᠢ ᠵᠢᠨ ᠦᠢ᠍ᠯᠡᠰ ᠵᠶ᠋ᠡᠷ ᠲᠡᠳᠬᠦᠬᠦ ᠲᠦᠷᠦ ᠵᠢᠨ ᠪᠣᠳᠣᠯᠭ᠎ᠠ᠂  ᠲᠤᠰᠠᠯᠠᠮᠵᠢ ᠬᠦᠷᠳᠡᠭᠴᠢ᠂ ᠪᠡᠯᠡ ᠮᠥᠩᠭᠥ ᠵᠡᠷᠭᠡ ᠲᠠᠯ᠎ᠠ᠎ᠪᠠᠷ ᠵᠣᠯᠭ᠋ᠠᠭᠤᠯᠬᠤ ᠵᠢ ᠠᠬᠢᠭᠤᠯᠵᠤ᠂ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠦᠭᠰᠡᠨ᠂ ᠥᠨᠳᠥᠷ ᠪᠦᠲᠦᠮᠵᠢᠲᠡᠢ ᠬᠠᠮᠵᠢᠯᠴᠠᠭᠰᠠᠨ ᠲᠤᠰᠠᠯᠠᠮᠵᠢ ᠵᠢᠨ ᠲᠣᠭᠲᠠᠴᠠ ᠵᠢ ᠪᠦᠷᠢᠯᠳᠦᠭᠦᠯᠪᠡ᠃ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ 《ᠥᠴᠥᠬᠡᠨ ᠬᠦᠰᠡᠯ》᠎ᠢ 《ᠴᠢᠡᠭ ᠰᠡᠳᠬᠢᠯ᠎ᠠᠴᠠ᠎ᠪᠠᠨ ᠪᠡᠶᠡᠯᠡᠬᠦᠯᠵᠤ ᠦᠭᠭᠦ》 ᠨᠠᠷᠠᠲᠤ ᠲᠥᠷᠥᠯ ᠲᠡᠮᠳᠡᠭᠲᠦ ᠵᠢᠨ ᠦᠢ᠍ᠯᠡᠳᠦᠯ᠎ᠢ ᠦᠷᠭᠦᠯᠵᠢᠯᠡᠨ ᠥᠷᠭᠡᠳᠬᠡᠵᠦ᠂ ᠵᠠᠰᠠᠭ᠎ᠤᠨ ᠣᠷᠳᠣᠨ ᠲᠤᠰᠠᠯᠠᠬᠤ ᠪᠠ ᠨᠢᠭᠦᠯᠡᠰᠦᠩᠭᠦᠢ ᠵᠢᠨ ᠲᠡᠳᠬᠦᠮᠵᠢ ᠵᠢᠨ ᠰᠢᠨ᠎ᠡ ᠵᠢ ᠡᠭᠦᠳᠴᠦ᠂ ᠨᠢᠭᠦᠯᠡᠰᠦᠩᠭᠦᠢ ᠵᠢᠨ ᠬᠦᠴᠦᠨ᠎ᠤ᠎ᠬᠢᠨ᠎ᠤ ᠬᠠᠮᠲᠤ᠎ᠪᠠᠷ ᠪᠠᠶᠠᠵᠢᠬᠤ ᠵᠢ ᠠᠬᠢᠭᠤᠯᠬᠤ ᠦᠢ᠍ᠯᠡᠳᠦᠯ᠎ᠢ ᠢᠳᠡᠪᠬᠢᠲᠡᠢ ᠪᠠᠳᠠᠷᠠᠭᠤᠯᠪᠠ᠃

  

   ᠦᠨᠳᠦᠰᠦᠨ ᠱᠠᠲᠤᠨ᠎ᠤ ᠠᠵᠢᠯ᠎ᠤᠨ ᠰᠠᠭᠤᠷᠢ ᠵᠢ ᠪᠡᠬᠢᠵᠢᠭᠦᠯᠵᠦ᠂ ᠲᠤᠰᠠᠯᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠪᠥᠬᠥ ᠲᠠᠯ᠎ᠠ᠎ᠪᠠᠷ ᠲᠡᠭᠡᠭᠰᠢᠯᠡᠬᠦᠯᠪᠡ

  

   ᠪᠥᠬᠥ ᠣᠷᠣᠨ᠎ᠤ 71 ᠬᠣᠰᠢᠭᠤ ᠰᠢᠶᠠᠨ (ᠬᠣᠲᠠ᠂ ᠲᠣᠭᠣᠷᠢᠭ)᠎ᠤ᠎ᠬᠢᠨ ᠲᠤᠰᠠᠯᠠᠮᠵᠢ ᠵᠢᠨ ᠬᠢᠨᠠᠨ ᠬᠠᠷᠭᠤᠭᠤᠯᠵᠤ ᠨᠤᠲᠠᠯᠠᠬᠤ ᠡᠷᠬᠡ ᠵᠢ ᠰᠤᠮᠤ ᠰᠢᠶᠠᠩ ᠪᠠᠯᠭ᠋ᠠᠰᠤ᠎ᠳᠤ ᠪᠠᠭᠤᠯᠭ᠋ᠠᠵᠤ᠂ 《ᠰᠤᠮᠤ ᠰᠢᠶᠠᠩ ᠪᠠᠯᠭ᠋ᠠᠰᠤ ᠵᠢᠨ ᠬᠢᠨᠠᠨ ᠬᠠᠷᠭᠤᠭᠤᠯᠵᠤ ᠨᠤᠲᠠᠯᠠᠬᠤ᠂ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠶᠠᠪᠤᠳᠠᠯ᠎ᠤᠨ ᠬᠢᠨᠠᠯᠲᠠ ᠬᠠᠮᠢᠶᠠᠷᠤᠯᠲᠠ᠂ ᠲᠣᠮᠣ ᠳ᠋ᠠᠢ᠌ᠲ᠋ᠠ ᠵᠢᠨ ᠡᠨᠧᠷᠭᠢ ᠣᠯᠭᠣᠬᠤ᠎ᠳᠤ ᠬᠢᠨᠠᠯᠲᠠ ᠲᠠᠯᠪᠢᠬᠤ》 ᠬᠠᠮᠢᠶᠠᠷᠤᠯᠲᠠ ᠵᠢᠨ ᠵᠠᠭᠪᠤᠷ᠎ᠢ ᠪᠥᠭ᠊ ᠴᠢᠷᠮᠠᠢ᠌ᠨ ᠪᠣᠶ ᠪᠣᠯᠭ᠋ᠠᠪᠠ᠃ ᠪᠥᠬᠥ ᠣᠷᠣᠨ᠎ᠤ 2787 ᠨᠡᠢ᠌ᠭᠡᠮ᠎ᠤᠨ ᠪᠠᠢ᠌ᠡᠭᠭᠤ ᠵᠢᠨ ᠤᠲᠠᠰᠤ ᠵᠢ ᠢᠯᠡᠵᠢᠬᠦᠯᠵᠤ᠂ ᠬᠦᠴᠢᠷᠳᠡᠯᠲᠡᠢ ᠣᠯᠠᠨ ᠲᠦᠮᠡᠨ᠎ᠤ ᠲᠤᠰᠠᠯᠠᠮᠵᠢ ᠣᠯᠬᠤ ᠭᠠᠵᠠᠷ᠎ᠲᠠᠢ᠂ ᠴᠠᠭ ᠲᠤᠬᠠᠢ᠎ᠳᠤ᠎ᠨᠢ ᠲᠤᠰᠠᠯᠠᠮᠵᠢ ᠭᠥᠷᠳᠡᠬᠦ ᠵᠢ ᠦᠨᠡᠨ ᠬᠦ᠌ ᠪᠠᠲᠤᠯᠠᠪᠠ᠃ ᠨᠡᠢ᠌ᠭᠡᠮ᠎ᠤᠨ ᠲᠤᠰᠠᠯᠠᠮᠵᠢ ᠭᠤᠶᠤᠴᠢᠯᠠᠬᠤ᠎ᠳᠤ᠎ᠪᠠᠨ ᠮᠡᠳᠡᠭᠳᠡᠬᠦ ᠵᠦᠢ᠍ᠯᠡᠰ᠎ᠤᠨ ᠠᠮᠠᠯᠠᠯᠲᠠ ᠵᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ 《ᠢᠯᠡᠷᠬᠡᠢ᠌ᠯᠡᠯᠲᠡ》᠎ᠪᠠᠷ 《ᠭᠡᠷᠡᠴᠢᠯᠡᠯ》᠎ᠢ ᠤᠷᠤᠯᠠᠭᠤᠯᠪᠠ᠃ 《ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠵᠢ ᠲᠦᠷᠭᠡᠳᠬᠡᠬᠦ》᠎ᠪᠠᠷ ᠬᠠᠷᠠᠯᠲᠠ ᠪᠣᠯᠭ᠋ᠠᠨ᠂ 《ᠬᠣᠶᠠᠷ ᠰᠢᠯᠢᠳᠡᠭ》 ᠣᠨ ᠠᠵᠢᠯᠯᠠᠭ᠎ᠠ᠎ᠪᠠᠷ ᠳᠠᠮᠵᠢᠭᠤᠯᠤᠨ ᠭᠤᠶᠤᠴᠢᠯᠠᠬᠤ ᠮᠠᠲᠸᠷᠢᠶᠠᠯ᠂ ᠠᠵᠢᠯ ᠶᠠᠪᠤᠳᠠᠯ ᠭᠦᠢ᠍ᠴᠡᠳᠬᠡᠬᠦ ᠴᠠᠭ᠎ᠢ ᠲᠠᠯ᠎ᠠ᠎ᠪᠠᠷ ᠪᠠᠭ᠋ᠠᠰᠬᠠᠬᠤ ᠵᠢ  ᠵᠢ ᠦᠨᠡᠨ ᠬᠦ᠌ ᠪᠡᠶᠡᠯᠡᠬᠦᠯᠪᠡ᠃
    《ᠴᠢᠳᠠᠪᠤᠷᠢ᠎ᠪᠠᠨ ᠲᠡᠭᠡᠭᠰᠢᠯᠡᠬᠦᠯᠵᠤ ᠰᠢᠯᠢᠳᠡᠭ᠎ᠢ ᠡᠷᠡᠮᠴᠡᠬᠦ᠂ ᠪᠣᠳᠠᠲᠠᠢ ᠠᠵᠢᠯᠯᠠᠵᠤ ᠠᠷᠠᠳ᠎ᠲᠤ ᠠᠰᠢᠭ ᠬᠦᠷᠲᠡᠭᠡᠬᠦ》 ᠠᠵᠢᠯᠯᠠᠭ᠎ᠠ ᠵᠢ ᠡᠬᠢᠯᠡᠬᠦᠯᠦᠭᠰᠡᠨ᠎ᠠᠴᠠ ᠨᠠᠭ᠋ᠠᠰᠢ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠤᠳᠠ᠂ ᠬᠣᠰᠢᠭᠤ ᠰᠢᠶᠠᠨ ᠭᠤᠷᠪᠠᠨ ᠱᠠᠲᠤᠨ᠎ᠤ᠎ᠬᠢᠨ ᠬᠣᠯᠪᠤᠭ᠋ᠠᠯᠠᠨ ᠬᠥᠳᠡᠯᠦᠯᠴᠡᠵᠦ᠂ ᠲᠦᠷᠦ ᠵᠢᠨ ᠪᠣᠳᠣᠯᠭ᠎ᠠ ᠵᠢᠨ ᠪᠣᠯᠪᠠᠰᠤᠷᠠᠯ᠎ᠢ 270 ᠤᠳᠠᠭ᠎ᠠ ᠥᠷᠨᠢᠭᠦᠯᠵᠦ᠂ ᠮᠡᠳᠡᠯᠭᠡ ᠵᠢᠨ ᠤᠷᠤᠯᠳᠤᠭ᠋ᠠᠨ᠂ ᠴᠢᠳᠠᠪᠤᠷᠢ ᠵᠢᠨ ᠮᠥᠷᠥᠢ᠌ᠴᠡᠭᠡᠨ ᠵᠶ᠋ᠡᠷ 51 ᠤᠳᠠᠭ᠎ᠠ ᠪᠣᠯᠪᠠᠰᠤᠷᠠᠯ ᠬᠢᠵᠦ᠂ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ 219 ᠤᠳᠠᠭ᠎ᠠ ᠥᠷᠨᠢᠭᠦᠯᠵᠦ᠂ ᠦᠨᠳᠦᠰᠦᠨ ᠱᠠᠲᠤᠨ᠎ᠳᠤ ᠭᠦᠨᠵᠡᠭᠡᠢ᠌ᠷᠡᠨ 117 ᠤᠳᠠᠭ᠎ᠠ ᠵᠠᠭ᠋ᠠᠯᠳᠤᠯᠭ᠎ᠠ ᠰᠣᠷᠪᠤᠯᠵᠢᠯᠠᠭ᠎ᠠ ᠵᠢ ᠬᠦᠯᠢᠶᠡᠨ ᠠᠪᠴᠤ᠂ ᠬᠦᠴᠢᠷᠳᠡᠯᠲᠡᠢ ᠤᠯᠠᠨ ᠲᠦᠮᠡᠨ᠎ᠤ ᠪᠠᠴᠢᠮᠳᠠᠯ ᠬᠦᠴᠢᠷᠳᠡᠯ ᠵᠤᠪᠠᠨᠢᠯ᠎ᠢ 575 ᠬᠤᠪᠢ ᠰᠢᠢ᠍ᠳᠪᠦᠷᠢᠯᠡᠪᠡ᠃ ᠰᠤᠷᠤᠯᠴᠠᠵᠤ ᠰᠢᠯᠢᠳᠡᠭ᠎ᠢ ᠡᠷᠡᠮᠴᠠᠬᠦ᠂ ᠭᠣᠣᠯ ᠰᠡᠳᠦᠪᠲᠦ ᠤᠬᠠᠭᠤᠯᠭ᠎ᠠ ᠬᠢᠬᠦ᠂ ᠪᠠᠢ᠌ᠴᠠᠭ᠋ᠠᠨ ᠰᠤᠳᠤᠯᠤᠯᠲᠠ ᠬᠢᠵᠦ ᠰᠣᠷᠪᠤᠯᠵᠢᠯᠠᠭ᠎ᠠ ᠵᠢ ᠭᠥᠯᠢᠶᠡᠨ ᠠᠪᠬᠤ ᠵᠡᠷᠭᠡ ᠠᠵᠢᠯᠯᠠᠭ᠎ᠠ᠎ᠪᠠᠷ ᠳᠠᠮᠵᠢᠭᠤᠯᠤᠨ ᠠᠵᠢᠯᠲᠠᠳ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠲᠤᠰᠠᠯᠠᠮᠵᠢ ᠵᠢᠨ ᠦᠢ᠍ᠯᠡᠴᠢᠯᠡᠭᠡ᠎ᠪᠠᠷ ᠬᠥᠮᠥᠰ᠎ᠤᠨ ᠰᠡᠳᠬᠢᠯ᠎ᠢ ᠨᠠᠩ ᠳᠤᠯᠠᠭ᠋ᠠᠴᠠᠭᠤᠯᠵᠤ᠂ ᠬᠦᠴᠢᠷᠳᠡᠯᠲᠡᠢ ᠣᠯᠠᠨ ᠲᠦᠮᠡᠨ᠎ᠳᠤ ᠨᠡᠡᠭ ᠨᠠᠢ᠌ᠳᠠᠪᠤᠷᠢᠳᠠᠢ ᠪᠠᠳᠤᠯᠠᠭ᠎ᠠ ᠬᠠᠡᠭᠭ᠋ᠠᠬᠰᠠᠨ ᠪᠠᠢ᠌ᠨ᠎ᠠ᠃

 

 


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠡᠢ᠌ᠭᠡᠮ᠎ᠤᠨ ᠲᠤᠰᠠᠯᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠴᠢᠳᠠᠪᠤᠷᠢ ᠵᠢᠨ ᠮᠥᠷᠥᠢ᠌ᠴᠡᠭᠡᠨ ᠶᠠᠪᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ᠎ᠬᠢᠨ ᠬᠣᠶᠠᠳᠤᠭ᠋ᠠᠷ ᠬᠤᠭᠤᠴᠠᠭ᠋ᠠᠨ᠎ᠤ ᠪᠠᠢ᠌ᠡᠭᠭᠤ ᠵᠢᠨ ᠬᠡᠷᠡᠭ ᠡᠷᠬᠢᠯᠡᠭᠴᠢᠳ᠎ᠤᠨ ᠬᠤᠷᠠᠯ᠎ᠤᠨ ᠬᠤᠶᠠᠳᠤᠭ᠋ᠠᠷ ᠬᠤᠷᠠᠯ᠎ᠢ ᠬᠤᠷᠠᠯᠳᠤᠭᠤᠯᠪᠠ
ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶ᠎ᠠ ᠵᠢᠨ᠎ᠬᠢᠨ ᠰᠢ ᠵᠢᠨ ᠫᠢᠩ᠎ᠤᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠨᠣᠮ ᠤᠩᠰᠢᠬᠤ ᠠᠩᠭᠢ ᠡᠷᠭᠢᠯᠡᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠦᠢ᠍ᠯᠡᠴᠢᠯᠡᠬᠦ ᠲᠤᠰᠬᠠᠢ ᠠᠵᠢᠯᠯᠠᠭ᠎ᠠ ᠵᠢᠨ ᠰᠣᠯᠢᠯᠴᠠᠭ᠋ᠠᠨ᠎ᠤ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠡᠮᠬᠢ᠎ᠲᠠᠢ ᠦᠷᠨᠢᠬᠦᠯᠵᠤ ᠪᠠᠢ᠌ᠨ᠎ᠠ
 
            