ᠰᠢ ᠵᠢᠨ ᠫᠢᠡᠭ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠬᠤ ᠵᠢᠨ ᠲᠥᠯᠥᠭᠡ ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶ᠎ᠠ ᠵᠢᠨ᠎ᠬᠢᠨ᠂ 10 ᠳ᠋ᠤᠭ᠋ᠠᠷ ᠰᠠᠷ᠎ᠠ ᠵᠢᠨ 25᠂ 26᠎ᠳᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠨᠣᠮ ᠤᠩᠰᠢᠬᠤ ᠠᠩᠭᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ᠂ ᠪᠠᠭ᠎ᠤᠨ ᠪᠦᠷᠢᠯᠳᠦᠭᠦᠨ ᠪᠠ ᠪᠥᠬᠥ ᠨᠠᠮ᠎ᠤᠨ ᠪᠠᠢ᠌ᠭᠤᠯᠤᠯᠲᠠ ᠵᠢᠨ ᠵᠢᠭ᠋ᠠᠨ ᠵᠢᠯᠣᠭᠣᠳᠤᠭᠴᠢ 80 ᠬᠥᠮᠥᠨ ᠰᠤᠷᠤᠯᠴᠠᠯᠭ᠎ᠠ ᠪᠣᠯᠪᠠᠰᠤᠷᠠᠯ ᠳᠤ ᠣᠷᠣᠯᠴᠠᠵᠠᠢ᠃

ᠲᠤᠰ ᠨᠣᠮ ᠤᠩᠰᠢᠬᠤ ᠠᠩᠭᠢ ᠵᠢᠨ᠎ᠬᠢᠨ ᠤᠭ ᠵᠣᠬᠢᠶᠠᠯ᠎ᠢ᠎ᠨᠢ ᠤᠩᠰᠢᠵᠤ᠂ ᠤᠭ ᠵᠣᠬᠢᠶᠠᠯ᠎ᠢ᠎ᠨᠢ ᠰᠤᠷᠴᠤ᠂ ᠤᠭ ᠶᠣᠰᠣ ᠵᠢ᠎ᠨᠢ ᠤᠬᠠᠬᠤ ᠵᠢ ᠪᠠᠷᠢᠮᠲᠠᠯᠠᠵᠤ᠂ ᠬᠤᠪᠢ ᠬᠥᠮᠥᠨ ᠥᠪᠡᠷ ᠵᠶ᠋ᠡᠨ ᠰᠤᠷᠬᠤ ᠪᠠ ᠲᠥᠪᠯᠡᠷᠡᠭᠦᠯᠦᠨ ᠬᠢᠴᠢᠶᠡᠯᠯᠡᠬᠦ ᠵᠢ ᠤᠶᠠᠯᠳᠤᠭᠤᠯᠬᠤ᠂ ᠲᠤᠰᠬᠠᠢ ᠰᠡᠳᠦᠪ ᠵᠶ᠋ᠡᠷ ᠰᠤᠳᠤᠯᠤᠨ ᠶᠠᠷᠢᠯᠴᠠᠬᠤ ᠪᠠ ᠰᠤᠷᠤᠯᠴᠠᠵᠤ ᠰᠣᠯᠢᠯᠴᠠᠬᠤ ᠵᠢ ᠤᠶᠠᠯᠳᠤᠭᠤᠯᠬᠤ ᠠᠷᠭ᠎ᠠ ᠪᠠᠷ ᠥᠷᠨᠢᠭᠦᠯᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠂ 《ᠰᠢ ᠵᠢᠨ ᠫᠢᠩ ᠤᠨ ᠵᠣᠬᠢᠶᠠᠯ᠎ᠤᠨ ᠰᠣᠩᠭᠣᠮᠠᠯ》᠎ᠤᠨ ᠨᠢᠭᠡᠳᠦᠭᠡᠷ ᠪᠣᠳᠢ᠂ ᠬᠣᠶᠠᠳᠤᠭ᠋ᠠᠷ ᠪᠣᠳᠢ᠂ 《ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠲᠤᠰᠬᠠᠢ ᠰᠡᠳᠦᠪ᠎ᠤᠨ ᠲᠣᠪᠴᠢᠯᠠᠯ》 ᠵᠡᠷᠭᠡ ᠨᠣᠮ᠎ᠢ ᠦᠪᠡᠷ ᠵᠶ᠋ᠡᠨ ᠰᠤᠷᠤᠯᠴᠠᠭᠰᠠᠨ ᠰᠠᠭᠤᠷᠢᠨ ᠳᠡᠭᠡᠷ᠎ᠡ ᠨᠣᠮ ᠤᠩᠰᠢᠬᠤ ᠠᠩᠭᠢ᠎ᠳᠤ ᠪᠠᠰᠠ ᠭᠤᠷᠪᠠᠨ ᠲᠤᠰᠬᠠᠢ ᠮᠡᠷᠭᠡᠵᠢᠯᠲᠡᠨ ᠡᠷᠳᠡᠮᠲᠡᠨ᠎ᠢ ᠤᠷᠢᠵᠤ᠂ 《 ᠰᠢ ᠵᠢᠨ ᠫᠢᠡᠭ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ ᠤᠨ ᠣᠨᠴᠠᠯᠢᠭ᠎ᠲᠠᠢ ᠨᠡᠢ᠌ᠭᠡᠮ ᠵᠢᠷᠤᠮ ᠤᠨ ᠦᠵᠡᠯ ᠰᠠᠨᠠᠭ᠎ᠠ ᠪᠣᠯ ᠤᠳᠤ ᠦᠶ᠎ᠡ ᠵᠢᠨ ᠳᠤᠮᠳᠠᠳᠤ ᠤᠯᠤᠰ ᠤᠨ ᠮᠠᠷᠺᠰ ᠤᠨ ᠦᠵᠡᠯ ᠮᠥᠨ》 《ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ ᠠᠴᠢ ᠬᠠᠷᠢᠭᠤᠯᠤᠨ ᠡᠷᠡᠯᠬᠡᠭᠯᠡᠨ ᠤᠷᠤᠭᠰᠢᠯᠠᠵᠤ ᠳᠤᠮᠳᠠᠳᠤ ᠤᠯᠤᠰ ᠤᠨ ᠮᠠᠶᠢᠭ ᠤᠨ ᠣᠳᠣᠬᠢᠴᠢᠯᠠᠭᠰᠠᠨ ᠥᠪᠥᠷ ᠮᠣᠩᠭᠣᠯ ᠤᠨ ᠰᠢᠨ᠎ᠡ ᠬᠠᠭᠤᠳᠠᠰᠤ ᠵᠢ ᠪᠢᠴᠢᠭᠯᠡᠰᠤᠬᠡᠢ》 ᠪᠣᠯᠣᠨ 《ᠰᠢ ᠵᠢᠨ ᠫᠢᠡᠭ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ ᠤᠨ ᠣᠨᠴᠠᠯᠢᠭ᠎ᠲᠠᠢ ᠨᠡᠢ᠌ᠭᠡᠮ ᠵᠢᠷᠤᠮ ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠷᠲᠢᠨᠴᠦ ᠵᠢᠨ ᠦᠵᠡᠯᠲᠡ ᠠᠷᠭ᠎ᠠ ᠵᠢᠨ ᠤᠨᠤᠯ》 ᠭᠡᠬᠦ ᠭᠤᠷᠪᠠᠨ ᠲᠤᠰᠬᠠᠢ ᠰᠡᠳᠦᠪ ᠤᠨ ᠲᠣᠭᠣᠷᠢᠨ᠎ᠳᠤ ᠲᠤᠰ ᠲᠤᠰ ᠵᠢᠯᠤᠭᠤᠳᠤᠭᠤᠯᠤᠬᠰᠠᠨᠤ ᠬᠠᠮᠳᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠵᠢ ᠵᠣᠬᠢᠶᠠᠨ ᠪᠠᠢ᠌ᠭᠤᠯᠵᠤ 《ᠥᠪᠥᠷ ᠮᠣᠩᠭᠣᠯ᠎ᠳᠤ ᠥᠭᠭᠦᠭᠰᠡᠨ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠦᠢ᠍ᠯᠡᠳᠦᠯᠭᠡᠵᠢᠭᠦᠯᠵᠦ᠂ ᠲᠤᠬᠠᠢ᠌ᠯᠠᠭᠰᠠᠨ ᠠᠵᠢᠯ᠎ᠤᠨ ᠪᠠᠢ᠌ᠷᠢ᠎ᠳᠤ᠎ᠪᠠᠨ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ》 ᠲᠣᠭᠣᠷᠢᠨ᠎ᠳᠤ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃