ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠶᠡᠷᠦᠩᠬᠡᠢ ᠡᠪᠯᠡᠯ᠎ᠤᠨ ᠬᠣᠶᠠᠳᠤᠭ᠋ᠠᠷ ᠬᠤᠭᠤᠴᠠᠭ᠋ᠠᠨ᠎ᠤ ᠪᠠᠢ᠌ᠩᠭᠤ ᠵᠢᠨ ᠬᠡᠷᠡᠭ ᠡᠷᠬᠢᠯᠡᠭᠴᠢᠳ᠎ᠤᠨ ᠬᠤᠷᠠᠯ᠎ᠤᠨ ᠬᠣᠶᠠᠳᠤᠭ᠋ᠠᠷ ᠬᠤᠷᠠᠯ᠎ᠢ 10 ᠳ᠋ᠤᠭ᠋ᠠᠷ ᠰᠠᠷ᠎ᠠ ᠵᠢᠨ 24᠎ᠤ ᠡᠳᠦᠷ ᠬᠢᠩᠭ᠋ᠠᠨ ᠠᠢ᠌ᠮᠠᠭ᠎ᠤᠨ ᠷᠠᠰᠢᠶᠠᠨ ᠪᠠᠯᠭ᠋ᠠᠰᠤᠨ᠎ᠳᠤ ᠬᠤᠷᠠᠯᠳᠤᠭᠤᠯᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ᠂ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ᠂ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠶᠡᠷᠦᠩᠬᠡᠢ ᠡᠪᠯᠡᠯ᠎ᠤᠨ ᠪᠠᠢ᠌ᠩᠭᠤ ᠵᠢᠨ ᠳᠡᠳ᠋ ᠳᠠᠷᠤᠭ᠎ᠠ ᠬᠥᠩ ᠸᠧᠢ ᠴᠦᠨ ᠬᠤᠷᠠᠯ᠎ᠢ ᠡᠷᠭᠢᠯᠡᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ ᠳᠡᠳ᠋ ᠳᠠᠷᠤᠭ᠎ᠠ ᠪᠥᠭᠡᠳ ᠨᠠᠷᠢᠨ ᠪᠢᠴᠢᠭ᠎ᠤᠨ ᠳᠠᠷᠤᠭ᠎ᠠ ᠴᠡᠩᠭᠡᠯᠲᠦ ᠠᠵᠢᠯ᠎ᠤᠨ ᠮᠡᠳᠡᠭᠦᠯᠦᠯᠲᠡ ᠬᠢᠪᠡ᠃ 24 ᠪᠠᠢ᠌ᠩᠭᠤ ᠵᠢᠨ ᠬᠡᠷᠡᠭ ᠡᠷᠬᠢᠯᠡᠭᠴᠢ ᠪᠣᠯᠣᠨ 4 ᠬᠢᠨᠠᠭᠴᠢ ᠬᠤᠷᠠᠯ᠎ᠳᠤ ᠣᠷᠣᠯᠴᠠᠪᠠ᠃

ᠮᠡᠳᠡᠭᠦᠯᠦᠯᠲᠡ᠎ᠳᠤ ᠵᠢᠭ᠋ᠠᠬᠰᠠᠨ᠎ᠨᠢ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ ᠬᠣᠶᠠᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ 2022 ᠣᠨ᠎ᠤ 8 ᠰᠠᠷ᠎ᠠ᠎ᠳᠤ ᠪᠠᠢ᠌ᠭᠤᠯᠤᠬᠳᠠᠬᠰᠠᠨ᠎ᠠᠴᠠ ᠨᠠᠭ᠋ᠠᠰᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠮᠠᠰᠢᠳᠠ ᠴᠢᠬᠤᠯᠠᠴᠢᠯᠠᠭᠰᠠᠨ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠦᠴᠦᠲᠡᠢ ᠲᠡᠮᠵᠢᠯᠬᠡ᠎ᠪᠠᠷ ᠡᠯ᠎ᠡ ᠪᠠᠢ᠌ᠩᠭᠤ ᠵᠢᠨ ᠬᠡᠷᠡᠭ ᠡᠷᠬᠢᠯᠡᠭᠴᠢ᠂ ᠬᠡᠷᠡᠭ ᠡᠷᠬᠢᠯᠡᠭᠴᠢ᠂ ᠭᠡᠰᠢᠭᠦᠨ ᠨᠢᠬᠡᠴᠢ᠂ ᠨᠡᠢ᠌ᠭᠡᠮ᠎ᠤᠨ ᠡᠯ᠎ᠡ ᠡᠲᠡᠭᠡᠳ᠎ᠤᠨ ᠬᠠᠨᠳᠢᠪ ᠡᠷᠬᠦᠬᠦ ᠠᠵᠤ ᠠᠬᠤᠢ᠌ᠯᠠᠯ ᠪᠠ ᠪᠤᠶᠠᠨᠰᠠᠭ ᠲᠦᠮᠡᠨ᠎ᠤ ᠬᠠᠮᠲᠤ ᠵᠢᠨ ᠴᠢᠷᠮᠠᠢ᠌ᠯᠭ᠎ᠠ ᠪᠠᠷ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠎ᠲᠠᠢ ᠨᠢᠭᠲᠠ ᠤᠶᠠᠯᠳᠤᠭᠤᠯᠤᠨ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠦᠯᠡᠰᠦᠩᠭᠦᠢ ᠵᠢᠨ ᠬᠠᠤᠯᠢ》᠎ᠪᠠᠷ ᠵᠢᠷᠤᠮᠯᠠᠯ ᠪᠣᠯᠭ᠋ᠠᠵᠤ᠂ ᠨᠢᠭᠦᠯᠡᠰᠦᠩᠭᠦᠢ ᠵᠢᠨ ᠬᠠᠨᠳᠢᠪ ᠡᠷᠬᠦᠬᠦ ᠠᠷᠭ᠎ᠠ ᠵᠠᠮ᠎ᠢ ᠥᠷᠭᠡᠳᠬᠡᠨ᠂ ᠬᠠᠨᠳᠢᠪ᠎ᠤᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠵᠦ᠂ ᠨᠢᠭᠦᠯᠡᠰᠦᠩᠭᠦᠢ ᠵᠢᠨ ᠠᠷᠭ᠎ᠠ ᠵᠢᠨ ᠰᠢᠨ᠎ᠡ ᠵᠢ ᠡᠭᠦᠳᠬᠦ ᠵᠢ ᠰᠦᠪᠡᠭᠴᠢᠯᠡᠵᠦ᠂ ᠰᠢᠨ᠎ᠡ ᠨᠢᠭᠦᠯᠡᠰᠦᠩᠭᠦᠢ ᠵᠢᠨ ᠵᠦᠢ᠍ᠯᠡᠰ᠎ᠢ ᠲᠠᠰᠤᠷᠠᠯᠳᠠ ᠦᠭᠡᠢ ᠪᠤᠢ ᠪᠣᠯᠭ᠋ᠠᠵᠤ᠂ ᠬᠠᠨᠳᠢᠪ ᠡᠷᠬᠦᠬᠦ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠪᠠ ᠪᠤᠶᠠᠨᠰᠠᠭ ᠬᠦᠮᠦᠰ᠎ᠤᠨ ᠨᠡᠢ᠌ᠭᠡᠮ᠎ᠳᠤ ᠠᠴᠢ ᠬᠠᠷᠢᠭᠤᠯᠬᠤ᠎ᠳᠤ ᠦᠢ᠍ᠯᠡᠴᠢᠯᠡᠭᠡᠨ᠎ᠤ ᠲᠠᠪᠴᠠᠩ ᠪᠠᠶ᠋ᠢᠭᠤᠯᠬᠤ᠎ᠪᠠᠷ ᠴᠢᠷᠮᠠᠢ᠌ᠪᠠ᠃ ᠨᠢᠭᠡ ᠵᠢᠯ᠎ᠤᠨ ᠲᠤᠷᠰᠢ ᠶᠡᠷᠦᠩᠬᠡᠢ ᠡᠪᠯᠡᠯ᠎ᠤᠨ ᠭᠥᠯᠢᠶᠡᠨ ᠠᠪᠤᠭᠰᠠᠨ ᠬᠠᠨᠳᠢᠪ ᠮᠥᠩᠭᠥ ᠡᠳ᠋ ᠪᠣᠳᠠᠰ᠎ᠤᠨ ᠥᠷᠲᠡᠭ 15506.19 ᠲᠦᠮᠡᠨ ᠲᠥᠭᠥᠷᠢᠭ᠎ᠲᠤ ᠬᠦᠷᠦᠭᠰᠡᠨ᠎ᠤ ᠲᠤᠳᠤᠷ᠎ᠠ ᠬᠠᠨᠳᠢᠪᠯᠠᠬᠰᠠᠨ ᠪᠡᠯᠡ ᠮᠥᠩᠭᠥ 3725.53 ᠲᠦᠮᠡᠨ ᠲᠥᠭᠥᠷᠢᠭ᠂ 11780.66 ᠲᠦᠮᠡᠨ ᠲᠥᠭᠥᠷᠢᠭ᠎ᠤᠨ ᠡᠳ᠋ ᠪᠣᠳᠠᠰ (2022 ᠣᠨ᠎ᠤ ᠳᠣᠣᠷ᠎ᠠ ᠬᠠᠭ᠋ᠠᠰ ᠵᠢᠯ᠎ᠤᠨ ᠬᠢᠵᠢᠭ᠎ᠤᠨ ᠬᠤᠭᠤᠴᠠᠭ᠋ᠠᠨ᠎ᠳᠤ 3018.28 ᠲᠦᠮᠡᠨ ᠲᠥᠭᠥᠷᠢᠭ᠎ᠤᠨ ᠬᠢᠵᠢᠭ ᠢ ᠰᠡᠷᠬᠡᠢ᠌ᠯᠡᠬᠦ ᠪᠡᠯᠡ ᠮᠥᠩᠭᠥ ᠪᠠ 240.7 ᠲᠦᠮᠡᠨ ᠲᠥᠭᠥᠷᠢᠭ᠎ᠤᠨ ᠡᠳ᠋ ᠪᠣᠳᠠᠰ᠎ᠢ ᠭᠥᠯᠢᠶᠡᠨ ᠠᠪᠴᠤ᠂ ᠪᠦᠬᠦᠨ᠎ᠢ ᠬᠢᠵᠢᠭ ᠢ ᠰᠡᠷᠭᠡᠢ᠌ᠯᠡᠨ ᠡᠵᠡᠮᠳᠡᠬᠦ ᠠᠵᠢᠯ᠎ᠳᠤ ᠬᠡᠷᠡᠭᠯᠡᠪᠡ) ᠪᠠᠢ᠌ᠨ᠎ᠠ᠃ 9 ᠰᠠᠷ᠎ᠠ ᠵᠢᠨ ᠰᠡᠭᠦᠯᠴᠢ ᠪᠣᠯᠲᠠᠯ᠎ᠠ 14582.2 ᠲᠦᠮᠡᠨ ᠲᠥᠭᠥᠷᠢᠭ᠎ᠤᠨ ᠪᠡᠯᠨ ᠮᠦᠡᠭᠭᠦ ᠪᠠ ᠡᠳ᠋ ᠪᠤᠳᠠᠰ᠎ᠢ 12 ᠨᠢᠬᠡᠴᠢ᠂ 10 ᠬᠣᠰᠢᠭᠤ ᠰᠢᠶᠠᠨ᠂ 45 ᠭᠠᠴᠠᠭ᠎ᠠ ᠲᠣᠰᠬᠣᠨ᠂ 37 ᠨᠡᠢ᠌ᠭᠡᠮ ᠲᠣᠭᠣᠷᠢᠭ᠎ᠢ ᠲᠤᠰᠠᠯᠠᠨ ᠂ 6983 ᠬᠦᠴᠢᠷᠳᠡᠯᠲᠡᠢ ᠣᠯᠠᠨ ᠲᠦᠮᠡᠨ᠎ᠢ ᠬᠠᠪᠰᠤᠷᠴᠠᠢ᠃
ᠬᠤᠭᠤᠴᠠᠭ᠎ᠠ ᠰᠣᠯᠢᠭᠳᠠᠭᠰᠠᠨ᠎ᠠᠴᠠ ᠨᠠᠭ᠋ᠠᠰᠢ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ᠎ᠬᠢᠨ ᠲᠤᠰ ᠪᠡᠶ᠎ᠡ ᠵᠢᠨ ᠪᠠᠢ᠌ᠭᠤᠯᠤᠯᠲᠠ᠎ᠪᠠᠨ ᠲᠠᠰᠤᠷᠠᠯᠲᠠ ᠦᠭᠡᠢ ᠴᠢᠩᠭ᠋ᠠᠳᠬᠠᠵᠤ᠂ 《ᠨᠠᠮ᠎ᠤᠨ ᠪᠠᠢ᠌ᠭᠤᠯᠤᠯᠲᠠ᠎ᠪᠠᠷ ᠵᠢᠯᠣᠭᠣᠳᠤᠮᠵᠢ ᠪᠣᠯᠭ᠋ᠠᠵᠤ᠂ ᠨᠢᠭᠦᠯᠡᠰᠦᠩᠭᠦᠢ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠪᠠᠷ ᠭᠣᠣᠯ ᠰᠢᠵᠢᠮ ᠪᠣᠯᠭ᠋ᠠᠵᠤ》᠂ ᠤᠬᠠᠭᠤᠯᠬᠤ ᠬᠡᠯᠪᠡᠷᠢ᠎ᠪᠠᠨ ᠪᠠᠶᠠᠯᠢᠭᠵᠢᠭᠤᠯᠤᠨ᠂ ᠠᠯᠪᠠᠨ ᠰᠦᠯᠵᠢᠶ᠎ᠡ᠂ ᠸᠢᠴᠠᠲ ᠵᠶ᠋ᠡᠷ ᠤᠬᠠᠭᠤᠯᠬᠤ ᠲᠠᠪᠴᠠᠩ᠎ᠢ ᠪᠠᠢ᠌ᠭᠤᠯᠵᠤ᠂ ᠲᠣᠰ ᠪᠡᠶ᠎ᠡ ᠵᠢᠨ ᠪᠠᠢ᠌ᠭᠤᠯᠤᠯᠲᠠ᠎ᠪᠠᠨ ᠦᠨᠡᠨ ᠬᠦ᠌ ᠴᠢᠩᠭ᠋ᠠᠳᠬᠠᠨ᠂ ᠳᠦᠷᠢᠮ ᠲᠣᠭᠲᠠᠭ᠋ᠠᠯ ᠵᠶ᠋ᠠᠨ ᠲᠡᠭᠦᠯᠳᠡᠷᠵᠢᠭᠦᠯᠵᠦ᠂ ᠬᠠᠮᠢᠶᠠᠷᠤᠯᠲᠠ ᠵᠢ ᠵᠢᠷᠤᠮᠵᠢᠭᠤᠯᠬᠤ᠂ ᠡᠮᠬᠢ ᠵᠢᠷᠤᠮ᠎ᠲᠠᠢ ᠪᠣᠯᠭ᠋ᠠᠬᠤ ᠵᠢ ᠴᠢᠩᠭ᠋ᠠᠳᠬᠠᠵᠤ᠂ ᠡᠯ᠎ᠡ ᠵᠦᠢ᠍ᠯ᠎ᠤᠨ ᠠᠵᠢᠯ᠎ᠤᠨ ᠬᠠᠤᠯᠢ ᠶᠣᠰᠣᠨ᠎ᠤ ᠡᠮᠬᠢ ᠵᠢᠷᠤᠮ᠎ᠲᠠᠢ ᠶᠠᠪᠤᠭᠳᠠᠬᠤ ᠵᠢ ᠦᠨᠡᠨ ᠬᠦ᠌ ᠪᠠᠲᠤᠯᠠᠪᠠ᠃ ᠲᠤᠬᠠᠢ᠌ᠯᠠᠭᠰᠠᠨ ᠠᠵᠢᠯ᠎ᠤᠨ ᠠᠷᠭ᠎ᠠ ᠵᠠᠮ ᠵᠶ᠋ᠠᠨ ᠥᠷᠭᠡᠳᠬᠡᠵᠦ᠂ ᠳᠤᠮᠳᠠᠳᠤ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ ᠨᠢᠭᠡᠳᠦᠯᠲᠡᠢ ᠲᠣᠬᠢᠷᠠᠭᠤᠯᠤᠯᠲᠠ ᠶᠣᠰᠣᠭ᠋ᠠᠷ 《ᠵᠣᠯ ᠵᠢᠷᠭ᠋ᠠᠯᠲᠤ ᠭᠡᠷ ᠣᠷᠣᠨ》 ᠲᠣᠰᠬᠣᠨ᠎ᠤ ᠬᠠᠷᠢᠯᠴᠠᠨ ᠬᠠᠪᠰᠤᠷᠤᠯᠴᠠᠬᠤ ᠢᠨᠵᠧᠨᠧᠷᠢᠩ ᠵᠡᠷᠭᠡ 11 ᠵᠦᠢ᠍ᠯ᠎ᠤᠨ ᠨᠢᠭᠦᠯᠡᠰᠦᠩᠭᠦᠢ ᠵᠢᠨ ᠲᠤᠰᠠᠯᠠᠬᠤ ᠡᠮ᠎ᠤᠨ ᠵᠦᠢ᠍ᠯᠡᠰ᠎ᠤᠨ ᠲᠥᠷᠥᠯ ᠵᠦᠢ᠍ᠯ᠂ 《ᠪᠥᠬᠥ ᠠᠷᠠᠳ᠎ᠤᠨ ᠡᠷᠡᠭᠦᠯ ᠮᠡᠨᠳᠦ ᠵᠢᠨ ᠴᠡᠭ ᠲᠣᠭᠲᠠᠭ᠋ᠠᠨ ᠲᠡᠳᠬᠦᠬᠦ ᠲᠥᠷᠥᠯ ᠵᠦᠢ᠍ᠯ》᠎ᠤᠨ ᠠᠬᠢᠴᠠ ᠤᠷᠤᠭᠰᠢᠲᠠᠢ ᠪᠠᠢ᠌ᠵᠤ᠂ ᠢᠯᠡᠳᠲᠡ ᠦᠷ᠎ᠡ ᠪᠦᠲᠦᠮᠵᠢ ᠣᠯᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠶᠡᠷᠦᠩᠬᠡᠢ ᠨᠡᠢ᠌ᠭᠡᠮᠯᠢᠭ᠎ᠤᠨ ᠭᠠᠯ ᠤᠨ ᠠᠶᠤᠯ᠎ᠠᠴᠠ ᠠᠪᠤᠷᠠᠬᠤ ᠲᠤᠰᠬᠠᠢ ᠰᠠᠭᠤᠷᠢ ᠮᠥᠩᠭᠥ》 《ᠪᠥᠬᠥ ᠠᠷᠠᠳ᠎ᠤᠨ ᠡᠷᠡᠭᠦᠯ ᠮᠡᠨᠳᠦ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠭᠵᠢᠬᠦᠯᠤᠯᠳᠡ ᠵᠢᠨ ᠲᠤᠰᠬᠠᠢ ᠰᠠᠭᠤᠷᠢ ᠮᠥᠩᠭᠥ》 《ᠴᠢᠨ ᠯᠢ ᠮᠧᠶ ᠵᠢᠨ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠰᠠᠭᠤᠷᠢ ᠮᠥᠩᠭᠥ》 ᠵᠡᠷᠭᠡ ᠣᠯᠠᠨ ᠲᠤᠰᠬᠠᠢ ᠰᠠᠭᠤᠷᠢ ᠮᠥᠩᠭᠥ ᠵᠢ ᠪᠠᠢ᠌ᠭᠤᠯᠪᠠ᠃ 《ᠨᠠᠰᠤᠲᠠᠢ᠌ᠴᠤᠳ᠎ᠢ ᠠᠮᠤᠷᠵᠢᠭᠤᠯᠬᠤ ᠢᠨᠵᠧᠨᠧᠷᠢᠩ》 《ᠥᠪᠥᠷ ᠮᠣᠩᠭᠣᠯ᠎ᠤᠨ ᠡᠮ ᠬᠤᠳᠠᠯᠳᠤᠨ ᠠᠪᠬᠤ ᠡᠷᠡᠭᠦᠯ ᠮᠡᠨᠳᠦ ᠵᠢᠨ ᠨᠥᠬᠥᠪᠦᠷᠢ》 《ᠬᠦᠴᠦ᠎ᠪᠠᠨ ᠬᠠᠮᠲᠤᠳᠬᠠᠨ ᠭᠠᠩ ᠬᠠᠭᠰᠠᠷᠠᠭ᠋ᠠᠨ᠎ᠲᠠᠢ ᠲᠡᠮᠡᠴᠡᠵᠦ ᠭᠠᠮᠰᠢᠭ᠎ᠠᠴᠠ ᠠᠪᠤᠷᠠᠬᠤ》 《ᠢᠷᠡᠬᠡᠳᠤᠢ ᠵᠢᠨ ᠲᠥᠯᠥᠭᠡ》 ᠰᠤᠷᠤᠯᠭ᠎ᠠ ᠵᠢ ᠲᠡᠳᠬᠦᠬᠦ ᠲᠥᠷᠥᠯ ᠵᠦᠢ᠍ᠯ᠎ᠢ ᠤᠷᠤᠭᠰᠢᠲᠠᠢ ᠡᠬᠢᠯᠡᠭᠦᠯᠵᠦ᠂ 《 ᠬᠡᠤᠬᠡᠳ᠎ᠢ ᠬᠠᠮᠠᠭ᠋ᠠᠯᠠᠬᠤ》 ᠥᠨᠥᠴᠢᠨ ᠬᠡᠦᠬᠡᠳ᠎ᠢ ᠲᠤᠰᠠᠯᠠᠬᠤ ᠵᠡᠷᠭᠡ ᠣᠯᠠᠨ ᠲᠥᠷᠥᠯ ᠵᠦᠢ᠍ᠯ᠎ᠢ ᠦᠷᠭᠦᠯᠵᠢᠯᠡᠨ ᠠᠬᠢᠭᠤᠯᠵᠤ᠂ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠭᠤᠷᠪᠠᠳᠤᠭ᠋ᠠᠷ ᠤᠳᠠᠭ᠋ᠠᠨ᠎ᠤ ᠬᠤᠪᠢᠶᠠᠷᠢᠯᠠᠯᠲᠠ ᠵᠢᠨ ᠦᠢ᠍ᠯᠡᠳᠦᠯ᠎ᠢ ᠦᠨᠡᠨ ᠬᠦ᠌ ᠪᠠᠳᠠᠷᠠᠭᠤᠯᠪᠠ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ ᠤᠨ᠎ᠬᠢᠨ᠎ᠨᠢ ᠲᠠᠷᠠᠭ᠋ᠠᠴᠢ᠎ᠪᠠᠷ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢ᠌ᠭᠡᠮ ᠵᠢᠷᠤᠮ᠎ᠤᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠵᠤ᠂ ᠨᠢᠭᠦᠯᠡᠰᠦᠩᠭᠦᠢ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠠᠬᠢᠭᠤᠯᠵᠤ᠂ ᠲᠣᠭ᠋ᠠᠴᠢᠯᠠᠭᠰᠠᠨ ᠨᠢᠭᠦᠯᠡᠰᠦᠩᠭᠦᠢ ᠵᠢᠨ ᠣᠢ᠌ᠯᠠᠭ᠋ᠠᠭᠳᠠᠬᠤᠨ᠎ᠢ ᠪᠤᠶ ᠪᠣᠯᠭ᠋ᠠᠵᠤ᠂ ᠴᠤ ᠰᠢᠨ᠎ᠡ ᠲᠥᠷᠥᠯ ᠵᠦᠢ᠍ᠯ᠎ᠢ ᠨᠠᠷᠢᠨ ᠨᠢᠮᠪᠠᠢ ᠲᠥᠯᠥᠪᠯᠡᠵᠦ᠂ ᠨᠢᠭᠦᠯᠡᠰᠦᠩᠭᠦᠢ ᠵᠢᠨ ᠰᠣᠶᠣᠯ᠎ᠢ ᠪᠠᠳᠠᠷᠠᠭᠤᠯᠤᠨ᠂ ᠨᠡᠢ᠌ᠭᠡᠮ᠎ᠤᠨ᠎ᠬᠢᠨ᠎ᠤ ᠣᠷᠣᠯᠴᠠᠬᠤ ᠢᠳᠡᠪᠬᠢᠵᠢᠯ᠎ᠢ ᠳᠠᠶ᠋ᠢᠴᠢᠯᠠᠵᠤ᠂ ᠨᠢᠭᠦᠯᠡᠰᠦᠩᠭᠦᠢ ᠵᠢᠨ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠨᠢᠭᠦᠯᠡᠰᠦᠩᠭᠦᠢ ᠵᠢᠨ ᠲᠤᠬᠠᠢ᠌ᠯᠠᠭᠰᠠᠨ ᠠᠵᠢᠯ᠎ᠤᠨ ᠲᠦᠪᠰᠢᠨ᠎ᠢ ᠳᠡᠭᠡᠭᠰᠢᠯᠡᠭᠦᠯᠵᠦ᠂ ᠬᠥᠮᠥᠨ ᠪᠦᠬᠦᠨ ᠪᠤᠶᠠᠨ ᠦᠢ᠍ᠯᠡᠳᠬᠦ ᠨᠡᠢ᠌ᠭᠡᠮ᠎ᠤᠨ ᠠᠭᠤᠷ ᠠᠮᠢᠰᠬᠤᠯ᠎ᠢ ᠴᠢᠷᠮᠠᠢ᠌ᠨ ᠪᠣᠶ ᠪᠣᠯᠭ᠋ᠠᠵᠤ᠂ ᠪᠥᠬᠥ ᠣᠷᠣᠨ᠎ᠤ ᠨᠢᠭᠦᠯᠡᠰᠦᠩᠭᠦᠢ ᠵᠢᠨ ᠦᠢ᠍ᠯᠡᠰ᠎ᠤᠨ ᠲᠣᠭᠲᠠᠭᠤᠨ ᠵᠶ᠋ᠠᠷ ᠬᠥᠭᠵᠢᠬᠦ ᠵᠢ ᠠᠬᠢᠭᠤᠯᠤᠨ᠂ 《ᠲᠠᠪᠤᠨ ᠶᠡᠬᠡ ᠡᠭᠦᠷᠭᠡ》 ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠪᠠᠢ᠌ᠭᠤᠯᠤᠯᠲᠠ ᠵᠢ ᠪᠡᠶᠡᠯᠡᠭᠦᠯᠬᠦ᠎ᠳᠤ ᠬᠦᠴᠦᠨ ᠨᠡᠮᠡᠷᠢᠯᠡᠵᠦ᠂ ᠪᠥᠬᠥ ᠣᠷᠣᠨ᠎ᠤ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ᠎ᠳᠤ ᠨᠢᠭᠦᠯᠡᠰᠦᠩᠭᠦᠢ ᠵᠢᠨ ᠬᠦᠴᠦᠨ ᠨᠡᠮᠡᠷᠢᠯᠡᠬᠦ ᠪᠤᠯᠤᠨ᠎ᠠ᠃

ᠬᠤᠷᠠᠯ ᠲᠡᠬᠡᠷ᠎ᠡ ᠪᠠᠰᠨ ᠶᠡᠷᠦᠩᠬᠡᠢ ᠡᠪᠯᠡᠯ᠎ᠤᠨ ᠵᠥᠪᠯᠡᠭᠴᠢ᠂ ᠳᠡᠳ᠋ ᠨᠠᠷᠢᠨ ᠪᠢᠴᠢᠭ᠎ᠤᠨ ᠳᠠᠷᠤᠭ᠎ᠠ᠂ ᠭᠡᠰᠢᠭᠦᠨ ᠨᠢᠬᠡᠴᠢ ᠵᠢᠨ ᠨᠡᠷᠡᠰ᠎ᠢ ᠨᠡᠮᠡᠵᠦ ᠨᠥᠬᠥᠪᠦᠷᠢᠯᠡᠬᠦ᠎ᠪᠠᠷ ᠪᠠᠢ᠌ᠭ᠎ᠠ ᠪᠠᠢ᠌ᠳᠠᠯ᠎ᠢ ᠪᠠᠲᠤᠯᠠᠵᠤ᠂ ᠶᠡᠷᠦᠩᠬᠡᠢ ᠡᠪᠯᠡᠯ᠎ᠤᠨ ᠳᠦᠷᠢᠮ ᠲᠣᠭᠲᠠᠭ᠋ᠠᠯ᠎ᠢ ᠬᠢᠨᠠᠨ ᠶᠠᠷᠢᠯᠴᠠᠵᠤ ᠪᠠᠲᠤᠯᠠᠭᠰᠠᠨ ᠪᠥᠭᠡᠳ ᠠᠢ᠌ᠮᠠᠭ ᠬᠣᠲᠠ ᠵᠢᠨ ᠨᠢᠭᠦᠯᠡᠰᠦᠩᠭᠦᠢ ᠵᠢᠨ ᠶᠡᠷᠦᠩᠬᠡᠢ ᠡᠪᠯᠡᠯ᠎ᠤᠨ ᠬᠠᠷᠢᠭᠤᠴᠠᠯᠭ᠋ᠠᠲᠠᠨ᠎ᠤ ᠶᠠᠷᠢᠯᠴᠠᠬᠤ ᠬᠤᠷᠠᠯ᠎ᠢ ᠬᠤᠷᠠᠯᠳᠤᠭᠤᠯᠵᠠᠢ᠃