ᠰᠢ ᠵᠢᠨ ᠫᠢᠩ ᠶᠡᠷᠦᠩᠬᠡᠢ ᠱᠦᠵᠢ ᠵᠢᠨ ᠡᠮᠡᠭᠲᠡᠢ᠌ᠴᠦᠳ ᠬᠡᠦᠬᠡᠳ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠡᠮᠡᠭᠲᠡᠢ᠌ᠴᠦᠳ᠎ᠤᠨ ᠠᠵᠤ ᠠᠬᠤᠢ ᠨᠡᠢ᠌ᠭᠡᠮ᠎ᠤᠨ ᠬᠦᠭᠵᠢᠬᠦᠯᠤᠯᠳᠡ᠎ᠳᠤ ᠣᠷᠣᠯᠴᠠᠬᠤ᠎ᠳᠤ ᠢᠳᠡᠪᠬᠢᠲᠡᠢ᠎ᠪᠠᠷ ᠨᠥᠬᠥᠴᠡᠯ ᠪᠦᠷᠢᠯᠳᠦᠭᠦᠯᠦᠨ᠂ ᠲᠠᠪᠴᠠᠩ ᠪᠠᠢ᠌ᠭᠤᠯᠵᠤ ᠦᠭᠭᠦ ᠵᠢᠨ ᠲᠦᠯᠤᠬᠡ ᠬᠥᠬᠡᠬᠣᠲᠠ᠂ ᠣᠷᠳᠣᠰ ᠬᠣᠲᠠ᠂ ᠪᠠᠶᠠᠨᠨᠠᠭᠤᠷ ᠬᠣᠲᠠ ᠵᠡᠷᠭᠡ ᠭᠠᠵᠠᠷ᠎ᠤᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠨᠡᠢ᠌ᠭᠡᠮ᠎ᠤᠨ ᠠᠵᠢᠯ᠎ᠤᠨ ᠥᠷᠲᠡᠭᠡ ᠵᠢᠨ᠎ᠬᠢᠨ ᠤᠷᠴᠢᠮ᠎ᠳᠤ ᠡᠮᠡᠭᠲᠡᠢ᠌ᠴᠦᠳ᠎ᠤᠨ ᠳᠠᠷᠤᠯᠲᠠ ᠵᠢ ᠪᠠᠭ᠋ᠠᠰᠬᠠᠬᠤ ᠳᠤᠭᠤᠢ᠌ᠯᠠᠩ᠂ ᠬᠡᠪ ᠴᠢᠨᠠᠷ᠎ᠢ ᠳᠡᠭᠡᠭᠰᠢᠯᠡᠭᠦᠯᠬᠦ ᠲᠠᠢ᠌ᠯᠤᠮᠵᠢ ᠵᠡᠷᠭᠡ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠨᠡᠯᠢᠶᠡᠳ ᠰᠠᠢ᠌ᠨ ᠦᠷ᠎ᠡ ᠪᠦᠲᠦᠮᠵᠢ ᠣᠯᠣᠭᠰᠠᠨ ᠪᠠᠢ᠌ᠨ᠎ᠠ᠃


ᠬᠥᠬᠡᠬᠣᠲᠠ ᠵᠢᠨ 《ᠯᠢ ᠰᠢᠨ》 ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠪ᠎ᠤᠨ᠎ᠬᠢᠨ ᠲᠣᠭᠲᠠᠬᠤ ᠰᠢᠶᠠᠨ᠎ᠤ ᠱᠤᠸᠠᠩ ᠾᠧ ᠪᠠᠯᠭ᠋ᠠᠰᠤᠨ᠎ᠤ ᠳ᠋ᠦᠩᠱ᠌ᠧᠩ ᠨᠡᠢ᠌ᠭᠡᠮ ᠲᠣᠭᠣᠷᠢᠭ᠂ ᠨᠠᠨᠫᠢᠩ ᠨᠡᠢ᠌ᠭᠡᠮ ᠲᠣᠭᠣᠷᠢᠭ᠎ᠲᠤ 《ᠳᠠᠷᠤᠯᠲᠠ ᠵᠢ ᠪᠠᠭ᠋ᠠᠰᠬᠠᠵᠤ ᠴᠢᠳᠠᠪᠤᠷᠢ ᠵᠢ ᠣᠯᠭᠣᠬᠤ · ᠪᠠᠶᠠᠷ ᠬᠥᠷ᠎ᠲᠠᠢ ᠤᠷᠤᠭᠰᠢᠯᠠᠬᠤ》 ᠡᠮᠡᠭᠲᠡᠢ᠌ᠴᠦᠳ᠎ᠤᠨ ᠳᠠᠷᠤᠯᠲᠠ ᠵᠢ ᠪᠠᠭ᠋ᠠᠰᠬᠠᠬᠤ ᠳᠤᠭᠤᠢ᠌ᠯᠠᠩ᠎ᠤᠨ ᠠᠵᠢᠯᠯᠠᠭ᠎ᠠ ᠪᠠ 《ᠤᠷᠠᠨ ᠭᠠᠷ ᠵᠶ᠋ᠠᠷ ᠴᠡᠴᠡᠭ ᠲᠡᠯᠬᠡᠷᠡᠬᠦᠯᠵᠤ ᠵᠢᠷᠭ᠋ᠠᠯᠲᠤ ᠬᠥᠷᠰᠢ ᠪᠤᠯᠵᠠᠭ᠋ᠠᠶ᠎ᠠ》 ᠬᠡᠮᠡᠬᠦ ᠭᠡᠷ᠎ᠲᠤ᠎ᠪᠠᠨ ᠬᠣᠴᠣᠷᠤᠭᠰᠠᠨ ᠡᠮᠡᠭᠲᠡᠢ᠌ᠴᠦᠳ᠎ᠤᠨ ᠭᠠᠷ ᠤᠷᠠᠯᠠᠯ ᠪᠦᠳᠦᠬᠡᠬᠦ ᠳᠤᠭᠤᠢ᠌ᠯᠠᠩ᠎ᠤᠨ ᠠᠵᠢᠯᠯᠠᠭ᠎ᠠ ᠵᠢ ᠥᠷᠨᠢᠭᠦᠯᠪᠡ᠃

ᠣᠷᠳᠣᠰ ᠬᠣᠲᠠ ᠵᠢᠨ ᠵᠡᠭᠦᠨᠭ᠋ᠠᠷ ᠬᠣᠰᠢᠭᠤᠨ᠎ᠤ ᠯᠠᠨ ᠲᠢᠶᠠᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ`ᠤᠨ ᠨᠡᠢ᠌ᠭᠡᠮ᠎ᠤᠨ ᠠᠵᠢᠯ᠎ᠤᠨ ᠥᠷᠲᠡᠭᠡ ᠵᠢᠨ᠎ᠬᠢᠨ ᠲᠢᠶᠧ ᠪᠧᠢ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠵᠥᠪᠯᠡᠯ᠎ᠲᠠᠢ ᠬᠠᠮᠲᠤ᠎ᠪᠠᠷ 《ᠨᠡᠡᠭ ᠰᠠᠢ᠌ᠨ ᠥᠪᠡᠷ᠎ᠢ᠎ᠪᠠᠨ ᠬᠠᠢ᠌ᠬᠤ》 ᠡᠮᠡᠭᠲᠡᠢ᠌ᠴᠦᠳ᠎ᠤᠨ ᠳᠠᠷᠤᠯᠲᠠ ᠵᠢ ᠪᠠᠭ᠋ᠠᠰᠬᠠᠬᠤ ᠳᠤᠭᠤᠢ᠌ᠯᠠᠩ᠎ᠤᠨ ᠠᠵᠢᠯᠯᠠᠭ᠎ᠠ ᠵᠢ ᠥᠷᠨᠢᠭᠦᠯᠪᠡ᠃ ᠨᠡᠢ᠌ᠭᠡᠮ᠎ᠤᠨ ᠠᠵᠢᠯᠲᠠᠳ ᠳᠤᠭᠤᠢ᠌ᠯᠠᠩ᠎ᠤᠨ ᠭᠡᠰᠢᠭᠦᠳ᠎ᠲᠤ᠎ᠪᠠᠨ ᠰᠡᠳᠬᠢᠴᠡ ᠵᠢᠨ ᠳᠠᠷᠤᠭ᠋ᠠᠰᠤ ᠵᠢ ᠬᠥᠩᠭᠡᠷᠡᠭᠦᠯᠬᠦ ᠠᠷᠭ᠎ᠠ ᠮᠡᠷᠭᠡᠵᠢᠯ᠎ᠢ ᠬᠦᠯᠢᠴᠡᠩᠭᠦᠢ᠎ᠪᠠᠷ ᠲᠠᠢ᠌ᠯᠪᠤᠷᠢᠯᠠᠨ᠂ ᠰᠠᠨᠠᠭ᠋ᠠᠴᠢᠯᠠᠭ᠎ᠠ᠎ᠠᠴᠠ᠎ᠪᠠᠨ ᠨᠡᠢ᠌ᠭᠡᠮ ᠲᠣᠭᠣᠷᠢᠭ᠎ᠤᠨ ᠬᠠᠪᠰᠤᠷᠤᠯᠴᠠᠨ ᠳᠡᠮᠵᠢᠬᠦ ᠰᠦᠯᠵᠢᠶ᠎ᠡ ᠵᠢ ᠪᠠᠶ᠋ᠢᠭᠤᠯᠬᠤ ᠵᠢ ᠵᠣᠷᠢᠭᠵᠢᠭᠤᠯᠵᠤ᠂ ᠢᠳᠡᠪᠬᠢᠲᠡᠢ᠎ᠪᠠᠷ ᠥᠭᠡᠳᠡᠯᠡᠨ ᠳᠠᠪᠰᠢᠬᠤ᠂ ᠬᠠᠷᠢᠯᠴᠠᠨ ᠬᠠᠪᠰᠤᠷᠤᠯᠴᠠᠬᠤ ᠰᠠᠢ᠌ᠨ ᠰᠠᠢ᠌ᠬᠠᠨ ᠬᠡᠪ ᠰᠤᠷᠲᠠᠯ᠎ᠢ ᠪᠤᠶ ᠪᠣᠯᠭ᠋ᠠᠬᠤ᠎ᠳᠤ ᠬᠦᠴᠦ ᠨᠡᠮᠡᠷᠢᠯᠡᠵᠦ᠂ ᠬᠤᠷᠠᠯ᠎ᠳᠤ ᠣᠷᠣᠯᠴᠠᠭᠰᠠᠳ᠎ᠤᠨ ᠬᠦᠷᠢᠶᠡᠯᠡᠯ᠎ᠢ ᠣᠯᠣᠭᠰᠠᠨ ᠪᠠᠢ᠌ᠨ᠎ᠠ᠃

ᠪᠠᠶᠠᠨᠨᠠᠭᠤᠷ ᠬᠣᠲᠠ ᠵᠢᠨ ᠤᠷᠠᠳ᠎ᠤᠨ ᠡᠮᠦᠨᠡᠲᠦ ᠬᠣᠰᠢᠭᠤᠨ᠎ᠤ ᠠᠷᠠᠳ᠎ᠲᠤ ᠠᠰᠢᠭ ᠬᠦᠷᠲᠡᠭᠡᠬᠦ ᠨᠡᠢ᠌ᠭᠡᠮ᠎ᠤᠨ ᠠᠵᠤ ᠦᠢ᠍ᠯᠡᠳᠪᠦᠷᠢ ᠵᠢᠨ ᠦᠢ᠍ᠯᠡᠴᠢᠯᠡᠭᠡᠨ᠎ᠤ ᠲᠥᠪ᠎ᠤᠨ᠎ᠬᠢᠨ ᠲᠤᠰᠬᠠᠢ ᠮᠡᠷᠭᠡᠵᠢᠯ᠎ᠤᠨ ᠯᠧᠺᠲ᠋ᠣᠷ᠎ᠢ ᠤᠷᠢᠵᠤ᠂ ᠬᠥᠳᠡᠭᠡ ᠲᠣᠰᠬᠣᠨ᠎ᠤ ᠣᠷᠴᠢᠨ ᠠᠬᠤᠢ ᠵᠢ ᠴᠡᠭᠴᠡᠯᠡᠨ ᠵᠠᠰᠠᠬᠤ᠂ ᠦᠵᠡᠰᠬᠦᠯᠡᠩᠲᠦ ᠰᠠᠢ᠌ᠬᠠᠨ ᠬᠦᠷᠢᠶ᠎ᠡ ᠬᠠᠰᠢᠶ᠎ᠠ ᠵᠢ ᠪᠦᠲᠦᠭᠡᠨ ᠪᠠᠶ᠋ᠢᠭᠤᠯᠬᠤ ᠪᠠ ᠲᠠᠷᠢᠶᠠᠯᠠᠩ᠎ᠤᠨ ᠰᠢᠨ᠎ᠡ ᠮᠠᠶᠢᠭ᠎ᠤᠨ ᠡᠵᠡᠩᠨᠡᠯᠲᠡ ᠵᠢᠨ ᠪᠡᠶᠡᠴᠢ ᠴᠣᠭᠴᠠ ᠵᠢᠨ ᠦᠢ᠍ᠯᠡᠳᠦᠯ᠎ᠢ ᠪᠠᠳᠠᠷᠠᠭᠤᠯᠬᠤ ᠵᠡᠷᠭᠡ ᠠᠭᠤᠯᠭ᠎ᠠ᠎ᠪᠠᠷ ᠡᠮᠡᠭᠲᠡᠢ᠌ᠴᠦᠳ᠎ᠤᠨ ᠬᠡᠪ ᠴᠢᠨᠠᠷ᠎ᠢ ᠳᠡᠭᠡᠭᠰᠢᠯᠡᠭᠦᠯᠬᠦ ᠲᠠᠢ᠌ᠯᠤᠮᠵᠢ ᠬᠢᠵᠦ᠂ ᠡᠮᠡᠭᠲᠡᠢ᠌ᠴᠦᠳ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ᠂ ᠶᠡᠬᠡ ᠲᠠᠯ᠎ᠠ᠎ᠳᠤ ᠦᠢ᠍ᠯᠡᠴᠢᠯᠡᠬᠦ ᠰᠠᠨᠠᠭ᠋ᠠᠴᠢᠯᠠᠭ᠋ᠠᠲᠤ ᠴᠢᠨᠠᠷ ᠪᠠ ᠪᠦᠲᠦᠭᠡᠯᠴᠢ ᠴᠢᠨᠠᠷ᠎ᠢ ᠤᠯᠠᠮ ᠬᠥᠭᠵᠢᠭᠡᠵᠦ᠂ ᠥᠷᠨᠢᠭᠦᠨ ᠪᠠᠳᠠᠷᠠᠩᠭᠤᠢ ᠥᠭᠡᠳᠡᠯᠡᠨ ᠳᠠᠪᠰᠢᠬᠤ ᠤᠶᠤᠨ ᠰᠠᠨᠠᠭ᠋ᠠᠨ᠎ᠤ ᠬᠦᠴᠦᠨ᠎ᠢ ᠨᠢᠭᠲᠠᠷᠠᠭᠤᠯᠪᠠ᠃