ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠲᠥᠪ᠎ᠤᠨ ᠲᠥᠰᠥᠪ᠎ᠤᠨ ᠳᠣᠲᠣᠷᠠᠬᠢ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠳᠠ ᠵᠢ ᠠᠬᠢᠭᠤᠯᠬᠤ ᠲᠠᠯ᠎ᠠ᠎ᠪᠠᠷ ᠦᠷᠬᠦᠯᠵᠢᠯᠡᠨ ᠬᠦᠴᠤᠯᠡᠵᠤ ᠪᠠᠢ᠌ᠨ᠎ᠠ
ᠨᠡᠶᠢᠲᠡᠯᠡᠭᠰᠡᠨ ᠴᠠᠭ᠄ 2023-11-14

    《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠤᠪᠵᠢᠬᠦᠯᠬᠡ᠎ᠠᠴᠠ ᠨᠠᠭ᠋ᠠᠰᠢ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ᠎ᠬᠢᠨ ᠪᠥᠬᠥ ᠣᠷᠣᠨ᠎ᠤ ᠲᠥᠪ᠎ᠤᠨ ᠲᠥᠰᠥᠪ᠎ᠤᠨ ᠳᠣᠲᠣᠷᠠᠬᠢ ᠪᠡᠯᠡ ᠣᠷᠣᠭᠤᠯᠵᠤ ᠳᠡᠮᠵᠢᠬᠦ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ 48 ᠲᠥᠷᠥᠯ ᠵᠦᠢ᠍ᠯ᠎ᠳᠤ 7.8 ᠳ᠋ᠦᠩᠰᠢᠭᠤᠷ ᠲᠥᠭᠥᠷᠢᠭ  ᠵᠦᠪᠰᠢᠶᠡᠷᠡᠭᠰᠡᠨ᠎ᠤ ᠲᠤᠳᠤᠷ᠎ᠠ ᠬᠥᠮᠥᠨ ᠠᠮᠠ ᠵᠢᠨ ᠨᠠᠰᠤᠵᠢᠯᠲᠠ ᠵᠢᠨ ᠢᠨᠵᠧᠨᠧᠷᠢᠩ᠎ᠤᠨ 20 ᠲᠥᠷᠥᠯ ᠵᠦᠢ᠍ᠯ᠎ᠳᠤ 4.94 ᠳ᠋ᠦᠩᠰᠢᠭᠤᠷ ᠲᠥᠭᠥᠷᠢᠭ ᠂ ᠨᠡᠢ᠌ᠭᠡᠮ᠎ᠤᠨ ᠦᠢ᠍ᠯᠡᠴᠢᠯᠡᠭᠡᠨ᠎ᠤ ᠲᠦᠬᠦᠬᠡᠷᠤᠮᠵᠢ ᠵᠢᠨ ᠬᠣᠷᠢᠭ᠎ᠠ ᠱᠤᠭᠤᠮ᠎ᠢ ᠪᠠᠲᠤᠯᠠᠬᠤ ᠢᠨᠵᠧᠨᠧᠷᠢᠩ᠎ᠤᠨ 28 ᠲᠥᠷᠥᠯ ᠵᠦᠢ᠍ᠯ᠎ᠳᠤ 2.86 ᠳ᠋ᠦᠩᠰᠢᠭᠤᠷ ᠲᠥᠭᠥᠷᠢᠭ ᠪᠠᠭᠣᠯᠭ᠋ᠠᠪᠠ᠃ ᠣᠳᠣᠬᠠᠨ᠎ᠳᠤ ᠨᠢᠭᠡᠨᠲᠡ 17 ᠵᠢ᠎ᠨᠢ ᠪᠠᠷᠢᠵᠤ ᠳᠠᠭᠤᠰᠬᠠᠭ᠋ᠠᠳ᠂ 31 ᠵᠢ᠎ᠨᠢ ᠪᠠᠢ᠌ᠭᠤᠯᠵᠤ ᠪᠠᠢ᠌ᠨ᠎ᠠ᠃ ᠠᠷᠠᠳ᠎ᠤᠨ ᠶᠠᠪᠤᠳᠠᠯ᠎ᠤᠨ ᠶᠠᠮᠤᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠮᠡᠳᠡᠭᠳᠡᠭᠰᠡᠨ ᠵᠶ᠋ᠡᠷ ᠮᠠᠨ᠎ᠤ ᠣᠷᠣᠨ᠎ᠤ ᠣᠶᠣᠨ᠎ᠤ ᠡᠷᠡᠭᠦᠯ ᠬᠠᠮᠠᠭ᠋ᠠᠯᠠᠯ ᠠᠰᠠᠷᠠᠮᠵᠢ ᠵᠢᠨ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠡᠭᠦᠷᠭᠡ ᠵᠢ ᠬᠡᠷᠡᠭᠵᠢᠭᠦᠯᠦᠭᠰᠡᠨ ᠠᠬᠢᠴᠠ ᠪᠥᠬᠥ ᠤᠯᠤᠰ᠎ᠲᠤ ᠭᠤᠷᠪᠠᠳᠤᠭ᠋ᠠᠷ᠎ᠲᠤ ᠵᠢᠭᠰᠠᠭ᠋ᠠᠭᠳᠠᠵᠤ᠂ ᠣᠷᠣᠰᠢᠭᠤᠯᠭ᠎ᠠ ᠵᠢᠨ ᠭᠠᠵᠠᠷ᠎ᠤᠨ ᠬᠣᠭᠣᠰᠤᠨ᠎ᠢ ᠨᠥᠬᠥᠪᠦᠷᠢᠯᠡᠬᠦ ᠪᠦᠲᠦᠭᠡᠨ ᠪᠠᠢ᠌ᠭᠤᠯᠤᠯᠲᠠ ᠵᠢᠨ ᠡᠭᠦᠷᠭᠡ ᠵᠢ ᠬᠡᠷᠡᠭᠵᠢᠭᠦᠯᠦᠭᠰᠡᠨ ᠠᠬᠢᠴᠠ ᠪᠥᠬᠥ ᠤᠯᠤᠰ᠎ᠲᠤ ᠳᠣᠯᠣᠳᠤᠭ᠋ᠠᠷ᠎ᠲᠤ ᠵᠢᠭᠰᠠᠭ᠋ᠠᠭᠳᠠᠵᠤ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠠᠬᠢᠴᠠ ᠵᠢᠨ ᠱᠠᠭ᠋ᠠᠷᠳᠠᠯᠭ᠎ᠠ᠎ᠳᠤ ᠬᠦᠷᠴᠦ᠂ ᠱᠠᠲᠤ ᠦᠶ᠎ᠡ ᠵᠢᠨ ᠴᠢᠨᠠᠷᠲᠠᠢ ᠦᠷ᠎ᠡ ᠪᠦᠲᠦᠭᠡᠯ ᠣᠯᠣᠭᠰᠠᠨ ᠪᠠᠢ᠌ᠨ᠎ᠠ᠃ ᠠᠷᠠᠳ᠎ᠤᠨ ᠠᠮᠢᠳᠤᠷᠠᠯ᠎ᠤᠨ ᠡᠳᠡᠬᠡᠷ ᠲᠥᠷᠥᠯ ᠵᠦᠢ᠍ᠯ᠎ᠢ ᠬᠡᠷᠡᠭᠵᠢᠭᠦᠯᠦᠭᠰᠡᠨ᠎ᠨᠢ ᠬᠦᠴᠢᠷᠳᠡᠯᠲᠡᠢ ᠵᠡᠮᠳᠡᠭᠴᠦᠳ᠎ᠤᠨ ᠣᠶᠣᠨ᠎ᠤ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠦᠪᠰᠢᠨ᠎ᠢ ᠨᠠᠩ ᠰᠠᠢ᠌ᠨ ᠪᠠᠲᠤᠯᠠᠵᠤ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠲᠦᠪᠰᠢᠨ ᠪᠠ ᠭᠠᠯ ᠤᠨᠲᠠᠷᠠᠭ᠋ᠠᠬᠤ ᠴᠢᠳᠠᠪᠤᠷᠢ ᠵᠢᠨ ᠪᠠᠢ᠌ᠭᠤᠯᠤᠯᠲᠠ ᠵᠢ ᠳᠡᠭᠡᠭᠰᠢᠯᠡᠭᠦᠯᠦᠨ᠂ ᠭᠣᠣᠯᠳᠠᠯᠭ᠎ᠠ᠎ᠲᠠᠢ ᠬᠦᠮᠦᠰ᠎ᠢ ᠬᠠᠯᠠᠮᠵᠢᠯᠠᠬᠤ ᠦᠢ᠍ᠯᠡᠴᠢᠯᠡᠭᠡᠨ᠎ᠤ ᠰᠢᠰᠲᠸᠮ᠎ᠢ ᠲᠡᠭᠦᠯᠳᠡᠷᠵᠢᠭᠦᠯᠵᠦ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠲᠤᠤᠷᠵᠢᠯ᠎ᠢ ᠨᠢᠭᠲᠠ ᠪᠥᠭᠡᠳ ᠪᠠᠲᠤ ᠰᠦᠯᠵᠢᠭᠰᠡᠨ᠎ᠨᠢ ᠪᠦᠲᠦᠮᠵᠢᠲᠡᠶ ᠪᠡᠯᠡ ᠣᠷᠣᠭᠤᠯᠤᠯᠲᠠ ᠵᠢ ᠥᠷᠭᠡᠳᠬᠡᠬᠦ᠂ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ ᠨᠡᠮᠡᠷᠢᠯᠡᠬᠦ᠂ ᠣᠷᠣᠨ ᠪᠦᠰᠡ ᠵᠢᠨ ᠠᠵᠤ ᠠᠬᠤᠢ ᠵᠢᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
     ᠲᠠᠷᠠᠭ᠋ᠠᠴᠢ᠎ᠪᠠᠷ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ ᠲᠥᠷᠥᠯ ᠵᠦᠢ᠍ᠯ᠎ᠢ ᠬᠢᠨᠠᠨ ᠵᠢᠯᠤᠭᠣᠳᠬᠤ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠢ ᠨᠠᠢ᠌ᠳᠠᠪᠤᠷᠢᠵᠢᠭᠤᠯᠬᠤ ᠵᠢᠨ ᠲᠣᠭᠣᠷᠢᠨ᠎ᠳᠤ 《ᠪᠡᠭᠡᠵᠢᠩ᠎ᠳᠤ ᠬᠦᠷᠴᠤ ᠶᠠᠮᠤᠨ᠎ᠳᠤ ᠤᠴᠢᠬᠤ》 ᠡᠷᠴᠢᠮ᠎ᠢ ᠴᠢᠩᠭ᠋ᠠᠷᠠᠭᠤᠯᠵᠤ᠂ ᠨᠠᠩ ᠣᠯᠠᠨ ᠲᠥᠷᠥᠯ ᠵᠦᠢ᠍ᠯ᠎ᠢ ᠤᠯᠤᠰ᠂ ᠥᠪᠡᠷᠲᠡᠭᠡᠨ ᠵᠠᠰᠠᠬᠤ ᠣᠷᠣᠨ᠎ᠤ ᠪᠡᠯᠡ ᠣᠷᠣᠭᠤᠯᠤᠯᠲᠠ ᠵᠢᠨ ᠲᠥᠯᠥᠪᠯᠡᠭᠡ᠎ᠳᠤ ᠣᠷᠣᠭᠤᠯᠬᠤ᠎ᠪᠠᠷ ᠴᠢᠷᠮᠠᠢ᠌ᠵᠤ᠂ ᠨᠠᠩ ᠣᠯᠠᠨ ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠬᠡᠮᠵᠢᠶ᠎ᠡ ᠵᠢ ᠭᠦᠢ᠍ᠴᠡᠳ ᠠᠭᠤᠳᠠᠯᠵᠤ᠂ 《ᠨᠢᠭᠡ ᠪᠦᠯᠦᠭ᠎ᠢ ᠰᠦᠪᠡᠭᠴᠢᠯᠡᠬᠦ᠂ ᠨᠢᠭᠡ ᠪᠦᠯᠦᠭ᠎ᠢ ᠨᠥᠭᠡᠴᠡᠯᠡᠬᠦ᠂ ᠨᠢᠭᠡ ᠪᠦᠯᠦᠭ᠎ᠢ ᠨᠠᠢ᠌ᠳᠠᠪᠤᠷᠢᠵᠢᠭᠤᠯᠬᠤ᠂ ᠨᠢᠭᠡ ᠪᠦᠯᠦᠭ᠎ᠢ ᠠᠵᠢᠯ ᠡᠬᠢᠯᠡᠭᠦᠯᠬᠦ》 ᠲᠥᠷᠥᠯ ᠵᠦᠢ᠍ᠯ᠎ᠤᠨ ᠠᠬᠢᠭᠤᠯᠬᠤ ᠪᠠᠢ᠌ᠷᠢᠰᠢᠯ᠎ᠢ ᠪᠣᠶ ᠪᠣᠯᠭ᠋ᠠᠬᠤ ᠵᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ  ᠲᠦᠬᠦᠬᠡᠷᠤᠮᠵᠢ ᠵᠢᠨ ᠰᠠᠭᠤᠷᠢ ᠵᠢ ᠪᠡᠬᠢᠵᠢᠭᠦᠯᠵᠦ᠂ ᠮᠠᠨ᠎ᠤ ᠣᠷᠣᠨ᠎ᠤ ᠠᠷᠠᠳ ᠣᠯᠠᠨ᠎ᠢ ᠤᠯᠠᠮ ᠬᠠᠨᠤᠮᠵᠢᠳᠠᠢ ᠪᠤᠯᠭ᠋ᠠᠬᠤ ᠪᠤᠯᠤᠨ᠎ᠠ᠃


 




 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠠᠯᠪᠠᠨ ᠭᠡᠷ᠎ᠤᠨ ᠨᠠᠮ᠎ᠤᠨ ᠡᠭᠦᠷ᠎ᠤᠨ᠎ᠬᠢᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠦ᠂ ᠬᠣᠶᠠᠷ ᠨᠠᠮ᠎ᠤᠨ ᠭᠡᠰᠢᠭᠦᠨ᠎ᠳᠤ 《ᠨᠠᠮ᠎ᠳᠤ ᠤᠷᠤᠬᠰᠠᠨ ᠡᠳᠦᠷ》᠎ᠢ ᠬᠠᠮᠲᠤ᠎ᠪᠠᠷ ᠪᠡᠯᠬᠡᠯᠡᠵᠤ ᠦᠭᠪᠡ
ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠣᠯᠣᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ ᠨᠠᠮ᠎ᠤᠨ ᠡᠭᠦᠷ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠶᠡᠷᠦᠩᠬᠡᠢ ᠨᠡᠢ᠌ᠬᠡᠮᠯᠢᠭ᠎ᠤᠨ᠎ᠬᠢᠨ᠎ᠳᠤ ᠬᠦᠷᠴᠤ — 《ᠬᠣᠶᠠᠷ ᠭᠠᠵᠠᠷ᠎ᠲᠤ ᠤᠴᠢᠵᠤ ᠬᠣᠶᠠᠷ᠎ᠢ ᠠᠬᠢᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠦᠷᠨᠢᠬᠦᠯᠪᠡ
ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠤᠰᠠᠯᠠᠮᠵᠢ ᠵᠢᠨ ᠪᠡᠯᠡ ᠮᠥᠩᠭᠥ ᠲᠠᠷᠬᠠᠭ᠋ᠠᠬᠤ ᠠᠵᠢᠯ᠎ᠢ ᠰᠠᠢ᠌ᠲᠤᠷ ᠬᠢᠵᠦ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠳᠤᠯᠠᠵᠤ ᠪᠠᠢ᠌ᠨ᠎ᠠ
ᠶᠡᠷᠦᠩᠬᠡᠢ᠌ᠯᠡᠭᠰᠡᠨ ᠪᠠᠳᠤᠯᠠᠭ᠎ᠠ ᠵᠢᠨ ᠲᠥᠪ᠎ᠤᠨ ᠨᠠᠮ᠎ᠤᠨ ᠡᠭᠦᠷ᠎ᠤᠨ᠎ᠬᠢᠨ 2023 ᠣᠨ᠎ᠤ 11 ᠳ᠋ᠤᠬᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠡᠮᠡᠬᠦ ᠬᠠᠰᠤᠬᠤ ᠠᠷᠭ᠎ᠠ ᠵᠢ ᠤᠷᠠᠨ ᠵᠶ᠋ᠠᠷ ᠬᠡᠷᠡᠭᠯᠡᠨ 《ᠪᠠᠷᠢᠮᠵᠢᠶ᠎ᠠ ᠵᠢ ᠲᠡᠭᠡᠭᠰᠢᠯᠡᠬᠦᠯᠵᠤ᠂ ᠬᠤᠷᠳᠤᠴᠠ ᠵᠢ ᠲᠦᠷᠬᠡᠳᠬᠡᠨ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠲᠤᠰᠬᠠᠢ ᠠᠵᠢᠯᠯᠠᠭ᠎ᠠ ᠵᠢ ᠭᠦᠨᠵᠡᠭᠡᠢ ᠠᠬᠢᠭᠤᠯᠵᠤ ᠪᠠᠢ᠌ᠨ᠎ᠠ
 
            