ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠡᠮᠬᠢ᠎ᠲᠠᠢ ᠦᠷᠨᠢᠬᠦᠯᠵᠤ ᠪᠠᠢ᠌ᠨ᠎ᠠ
ᠨᠡᠶᠢᠲᠡᠯᠡᠭᠰᠡᠨ ᠴᠠᠭ᠄ 2023-11-01

    ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶ᠎ᠠ ᠵᠢᠨ᠎ᠬᠢᠨ 10 ᠳ᠋ᠤᠭ᠋ᠠᠷ ᠰᠠᠷ᠎ᠠ᠎ᠳᠤ ᠲᠥᠯᠥᠪᠯᠡᠭᠡ ᠶᠣᠰᠣᠭ᠋ᠠᠷ ᠨᠢᠮᠪᠠᠢ ᠪᠡᠯᠡᠳᠬᠡᠵᠤ᠂ ᠠᠵᠢᠯᠯᠠᠭ᠎ᠠ ᠵᠢᠨ ᠬᠠᠮᠵᠢᠯᠴᠠᠭ᠎ᠠ᠎ᠪᠠᠨ ᠴᠢᠩᠭ᠋ᠠᠳᠬᠠᠨ᠂ ᠭᠣᠣᠯ ᠰᠡᠳᠦᠪᠲᠦ ᠬᠥᠮᠦᠵᠢᠯ᠎ᠢ ᠪᠥᠬᠥ ᠣᠷᠣᠨ᠎ᠤ ᠬᠡᠪᠴᠢᠶᠡᠨ᠎ᠳᠤ ᠴᠡᠭ᠎ᠠᠴᠠ ᠪᠥᠬᠥ ᠲᠠᠯ᠎ᠠ᠎ᠳᠤ ᠬᠦᠷᠲᠡᠯ᠎ᠡ᠂ ᠳᠡᠭᠡᠷ᠎ᠡ᠎ᠠᠴᠠ ᠳᠣᠷᠣᠭᠰᠢ ᠯᠠᠪᠳᠠᠭᠤᠨ ᠪᠠᠲᠤᠲᠠᠢ ᠡᠮᠬᠢ ᠵᠢᠷᠤᠮ᠎ᠲᠠᠢ ᠥᠷᠨᠢᠭᠦᠯᠬᠦ ᠵᠢ ᠠᠬᠢᠭᠤᠯᠪᠠ᠃
     ᠭᠣᠣᠯ ᠰᠡᠳᠦᠪᠲᠦ ᠬᠥᠮᠦᠵᠢᠯ᠎ᠢ ᠡᠬᠢᠯᠡᠭᠦᠯᠦᠭᠰᠡᠨ᠎ᠠᠴᠠ ᠨᠠᠭ᠋ᠠᠰᠢ ᠨᠠᠮ᠎ᠤᠨ ᠬᠣᠷᠢᠶ᠎ᠠ ᠵᠢᠨ ᠱᠦᠵᠢ᠎ᠪᠠᠷ ᠳᠤᠭᠤᠢ᠌ᠯᠠᠩ᠎ᠤᠨ ᠳᠠᠷᠤᠭ᠎ᠠ ᠪᠣᠯᠭ᠋ᠠᠭᠰᠠᠨ ᠰᠤᠷᠭ᠋ᠠᠨ ᠬᠥᠮᠦᠵᠢᠯ᠎ᠤᠨ ᠤᠳᠤᠷᠢᠳᠬᠤ ᠳᠤᠭᠤᠢ᠌ᠯᠠᠩ᠎ᠢ ᠳᠠᠷᠤᠢ ᠪᠠᠢ᠌ᠭᠤᠯᠵᠤ᠂ 《ᠭᠣᠣᠯ ᠰᠡᠳᠦᠪᠲᠦ ᠬᠥᠮᠦᠵᠢᠯ᠎ᠤᠨ ᠬᠡᠷᠡᠭᠵᠢᠭᠦᠯᠬᠦ ᠲᠥᠰᠥᠯ》 ᠎ᠢ ᠲᠣᠭᠲᠠᠭ᠋ᠠᠵᠤ᠂ ᠬᠡᠰᠡᠭ ᠨᠠᠮ᠎ᠤᠨ ᠪᠠᠢ᠌ᠭᠤᠯᠤᠯᠲᠠ ᠵᠢᠨ ᠵᠢᠭ᠋ᠠᠨ ᠵᠢᠯᠣᠭᠣᠳᠤᠭᠴᠢ ᠵᠢ ᠲᠣᠮᠢᠯᠠᠵᠤ᠂ ᠲᠤᠰᠢᠶᠠᠯ ᠬᠠᠷᠢᠭᠤᠴᠠᠯᠭ᠎ᠠ ᠶᠤᠰᠤᠭ᠋ᠠᠷ ᠴᠠᠭ᠎ᠤᠨ ᠵᠠᠡᠭᠭᠢᠯᠠᠭ᠎ᠠ ᠵᠢ ᠠᠳᠬᠤᠨ ᠭᠤᠤᠯ ᠰᠡᠳᠤᠪᠳᠤ ᠬᠥᠮᠦᠵᠢᠯ᠎ᠤᠨ ᠠᠭᠤᠯᠭ᠎ᠠ ᠵᠢ ᠠᠯᠬᠤᠮ ᠠᠯᠬᠤᠮ ᠵᠶ᠋ᠠᠷ ᠨᠠᠢ᠌ᠳᠠᠪᠤᠷᠢᠵᠢᠭᠤᠯᠪᠠ᠃ 《ᠰᠢ ᠵᠢᠨ ᠫᠢᠡᠭ᠎ᠤᠨ ᠵᠣᠬᠢᠶᠠᠯ ᠎ᠤᠨ ᠰᠣᠩᠭᠣᠮᠠᠯ》᠎ᠤᠨ ᠨᠢᠭᠡ ᠬᠣᠶᠠᠷ ᠪᠣᠳᠢ 《ᠰᠢ ᠵᠢᠨ ᠫᠢᠡᠭ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ ᠎ᠤᠨ ᠣᠨᠴᠠᠯᠢᠭ᠎ᠲᠠᠢ ᠨᠡᠢ᠌ᠭᠡᠮ ᠵᠢᠷᠤᠮ ᠎ᠤᠨ ᠦᠵᠡᠯ ᠰᠠᠨᠠᠭ᠋ᠠᠨ ᠎ᠤ ᠲᠤᠰᠬᠠᠢ ᠰᠡᠳᠦᠪᠲᠦ  ᠰᠤᠡᠭᠭᠤᠮᠠᠯ》 ᠵᠡᠷᠭᠡ 8 ᠲᠦᠷᠦᠯ᠎ᠤᠨ ᠵᠠᠪᠠᠯ ᠤᠩᠰᠢᠬᠤ ᠪᠠ ᠰᠣᠩᠭᠣᠨ ᠤᠩᠰᠢᠬᠤ ᠨᠣᠮ ᠎ᠤᠨ ᠭᠠᠷᠴᠠᠭ᠎ᠢ ᠳᠣᠷᠣᠭᠰᠢ ᠲᠠᠷᠬᠠᠭ᠋ᠠᠪᠠ᠃ ᠣᠨᠣᠯ᠎ᠤᠨ ᠨᠣᠮ ᠤᠩᠰᠢᠬᠤ ᠠᠩᠭᠢ ᠡᠷᠭᠢᠯᠡᠵᠦ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠬᠤᠷᠢᠶ᠎ᠠ ᠵᠡᠷᠭᠡ ᠭᠠᠵᠠᠷ᠎ᠠᠴᠠ ᠲᠤᠰᠬᠠᠢ ᠮᠡᠷᠭᠡᠵᠢᠯᠲᠡᠨ᠎ᠢ ᠤᠷᠢᠵᠤ᠂ 《ᠰᠢᠨ᠎ᠡ ᠵᠢ ᠡᠭᠦᠳᠬᠦ ᠣᠨᠣᠯ᠎ᠤᠨ ᠶᠢᠷᠲᠢᠨᠴᠦ ᠵᠢᠨ ᠦᠵᠡᠯᠲᠡ ᠪᠠ ᠠᠷᠭ᠎ᠠ ᠵᠢᠨ ᠣᠨᠣᠯ᠎ᠢ ᠰᠢᠨᠵᠢᠯᠡᠬᠦ ᠤᠬᠠᠭ᠋ᠠᠨᠴᠢ᠎ᠪᠠᠷ ᠬᠡᠷᠡᠭᠯᠡᠬᠦ》 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ》 ᠵᠡᠷᠭᠡ ᠭᠣᠣᠯ ᠰᠡᠳᠦᠪ᠎ᠤᠨ ᠲᠤᠬᠠᠢ ᠣᠨᠣᠯ᠎ᠤᠨ ᠲᠠᠢ᠌ᠯᠪᠤᠷᠢᠯᠠᠯᠲᠠ ᠪᠠ ᠦᠢ᠍ᠯᠡᠳᠦᠯᠭᠡ ᠵᠢᠨ ᠲᠠᠢ᠌ᠯᠤᠮᠵᠢ ᠬᠢᠵᠦ᠂ ᠨᠠᠮ᠎ᠤᠨ ᠡᠭᠦᠷ᠎ᠤᠨ ᠱᠦᠵᠢ ᠵᠢᠨ ᠣᠨᠣᠯ᠎ᠤᠨ ᠰᠠᠭᠤᠷᠢ ᠵᠢ ᠪᠠᠲᠤᠳᠬᠠᠪᠠ᠃ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠵᠢ ᠵᠣᠬᠢᠶᠠᠨ ᠪᠠᠢ᠌ᠭᠤᠯᠵᠤ 《ᠰᠢ ᠵᠢᠨ ᠫᠢᠡᠭ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠪᠡᠶᠡᠯᠡᠭᠦᠯᠬᠦ᠎ᠪᠠᠷ ᠭᠣᠣᠯᠳᠠᠭᠤᠯᠵᠤ᠂ ᠲᠤᠬᠠᠢ᠌ᠯᠠᠭᠰᠠᠨ ᠠᠵᠢᠯ᠎ᠳᠤ᠎ᠪᠠᠨ ᠰᠠᠭᠤᠷᠢᠯᠠᠨ ᠭᠠᠪᠢᠶ᠎ᠠ ᠪᠠᠢ᠌ᠭᠤᠯᠵᠤ ᠦᠢ᠍ᠯᠡᠰ ᠪᠣᠰᠬᠠᠬᠤ》 ᠵᠢᠨ ᠲᠣᠭᠣᠷᠢᠨ᠎ᠳᠤ ᠰᠤᠳᠤᠯᠤᠨ ᠶᠠᠷᠢᠯᠴᠠᠵᠤ ᠰᠠᠨᠠᠯ ᠵᠶ᠋ᠠᠨ ᠰᠤᠯᠢᠯᠴᠠᠬᠰᠠᠨ᠎ᠤ ᠰᠠᠭᠤᠷᠢᠨ ᠳᠡᠭᠡᠷ᠎ᠡ ᠰᠤᠷᠤᠯᠴᠠᠯᠭ᠎ᠠ ᠵᠢᠨ ᠲᠣᠪᠴᠢ ᠮᠡᠳᠡᠭᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠳᠠᠷᠤᠮᠠᠯᠯᠠᠨ ᠲᠠᠷᠬᠠᠭ᠋ᠠᠵᠤ᠂ ᠠᠵᠢᠯ᠎ᠤᠨ ᠪᠠᠢ᠌ᠳᠠᠯ᠎ᠢ ᠲᠤᠰᠬᠠᠵᠤ᠂ ᠭᠣᠣᠯ ᠰᠡᠳᠦᠪᠲᠦ ᠬᠥᠮᠦᠵᠢᠯ᠎ᠢ ᠯᠠᠪᠳᠠᠭᠤᠨ ᠪᠠᠲᠤᠲᠠᠢ ᠡᠮᠬᠢ ᠵᠢᠷᠤᠮ᠎ᠲᠠᠢ ᠠᠬᠢᠭᠤᠯᠬᠤ ᠵᠢ ᠱᠠᠯᠠᠪᠳᠠᠭᠤᠯᠤᠨ  ᠵᠢᠯᠤᠭᠤᠳᠪᠠ᠃
     ᠪᠠᠢ᠌ᠭᠤᠯᠭ᠎ᠠ ᠲᠦᠷᠦᠭᠦᠯᠡᠨ ᠦᠨᠳᠦᠰᠦᠨ ᠱᠠᠲᠤᠨ᠎ᠤ᠎ᠬᠢᠨ ᠳᠠᠭ᠋ᠠᠵᠤ ᠤᠷᠤᠬᠰᠢᠯᠠᠪᠠ᠃ ᠤᠯᠠᠭ᠋ᠠᠨᠴᠠᠪ᠎ᠲᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶ᠎ᠠ ᠲᠤᠰᠬᠠᠢ ᠰᠡᠳᠦᠪᠲᠦ ᠳᠠᠢ᠌ᠴᠢᠯᠠᠯᠲᠠ ᠵᠢᠨ ᠬᠤᠷᠠᠯ ᠬᠤᠷᠠᠯᠳᠤᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠪᠠᠢ᠌ᠭᠤᠯᠤᠯᠲᠠ᠎ᠪᠠᠷ ᠳᠠᠭ᠋ᠠᠭᠤᠯᠬᠤ ᠵᠢ ᠴᠢᠩᠭ᠋ᠠᠳᠬᠠᠨ᠂ ᠳᠣᠲᠣᠭ᠋ᠠᠳᠤ ᠵᠢᠨ ᠵᠠᠰᠠᠯᠲᠠ᠂ ᠠᠰᠠᠭᠤᠳᠠᠯ᠎ᠤᠨ ᠰᠤᠳᠤᠯᠭ᠋ᠠᠨ᠎ᠢ ᠴᠢᠩᠭ᠋ᠠᠳᠬᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠰᠡᠳᠬᠢᠴᠡ᠂ ᠰᠢᠨ᠎ᠡ ᠠᠷᠭ᠎ᠠ ᠵᠢ ᠬᠠᠡᠭᠭ᠋ᠠᠪᠠ᠃ ᠪᠤᠭᠤᠲᠤ ᠬᠤᠳᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠰᠣᠨᠢᠨ ᠰᠡᠳᠬᠦᠯ᠂ ᠲᠧᠯᠸᠢᠰ ᠰᠦᠯᠵᠢᠶ᠎ᠡ ᠵᠡᠷᠭᠡ ᠵᠠᠭᠤᠴᠢᠯᠠᠭᠤᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠭᠣᠣᠯ ᠰᠡᠳᠦᠪᠲᠦ ᠬᠥᠮᠦᠵᠢᠯ᠎ᠤᠨ ᠰᠢᠨ᠎ᠡ ᠵᠢ  ᠡᠬᠦᠳᠦᠭᠰᠡᠨ ᠠᠷᠭ᠎ᠠ ᠬᠢᠳᠡᠯ᠎ᠢ ᠴᠠᠭ ᠲᠤᠬᠠᠢ᠎ᠳᠤ᠎ᠨᠢ ᠮᠡᠳᠡᠭᠡᠯᠡᠵᠦ᠂ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠵᠢ ᠤᠬᠠᠭᠤᠯᠵᠤ᠂ ᠭᠣᠣᠯ ᠰᠡᠳᠦᠪᠲᠦ ᠬᠥᠮᠦᠵᠢᠯ᠎ᠳᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠢ ᠪᠤᠯᠭ᠋ᠠᠬᠰᠠᠨ ᠪᠠᠢ᠌ᠨ᠎ᠠ᠃




    

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠤᠨ ᠨᠠᠮ᠎ᠤᠨ ᠡᠭᠦᠷ᠎ᠤᠨ᠎ᠬᠢᠨ ᠴᠢᠭᠴᠢ ᠵᠠᠰᠠᠭ᠎ᠤᠨ ᠰᠡᠷᠡᠮᠵᠢᠯᠡᠭᠦᠯᠬᠦ ᠬᠥᠮᠦᠵᠢᠯ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠱᠠᠩᠬᠠᠢ ᠥᠪᠥᠷ ᠮᠣᠩᠭᠣᠯ ᠬᠣᠶᠠᠷ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠬᠡᠦᠬᠡᠳ᠎ᠤᠨ ᠠᠰᠠᠷᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ 《ᠬᠣᠣᠰᠯᠠᠯ ᠪᠠᠢ᠌ᠭᠤᠯᠵᠤ ᠲᠤᠰᠠᠯᠠᠬᠤ ᠵᠦᠢ᠍ᠯᠡᠰ》᠎ᠤᠨ ᠶᠠᠷᠢᠯᠴᠠᠬᠤ ᠬᠤᠷᠠᠯ ᠬᠢᠪᠡ
ᠥᠪᠥᠷ ᠮᠣᠩᠭᠣᠯ᠎ᠤᠨ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ 2023 ᠣᠨ᠎ᠤ ᠲᠤᠰᠬᠠᠢ ᠰᠡᠳᠦᠪᠲᠦ ᠪᠣᠯᠪᠠᠰᠤᠷᠠᠯ᠎ᠢ ᠱᠠᠩᠬᠠᠢ᠎ᠳᠤ ᠠᠮᠵᠢᠯᠳᠠ᠎ᠲᠠᠢ ᠡᠷᠬᠢᠯᠡᠪᠡ
《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠪᠢᠳᠡ ᠠᠵᠢᠯᠯᠠᠭ᠎ᠠ ᠦᠷᠨᠢᠬᠦᠯᠵᠤ ᠪᠠᠢ᠌ᠨ᠎ᠠ》 ᠭᠡᠬᠦ ᠰᠢᠷᠢᠰ ᠮᠡᠳᠡᠭᠡᠯᠡᠯ (ᠬᠣᠷᠢᠨ ᠨᠢᠭᠡ)
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠲᠥᠪ᠎ᠤᠨ ᠲᠥᠰᠥᠪ᠎ᠤᠨ ᠳᠣᠲᠣᠷᠠᠬᠢ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠳᠠ ᠵᠢ ᠠᠬᠢᠭᠤᠯᠬᠤ ᠲᠠᠯ᠎ᠠ᠎ᠪᠠᠷ ᠦᠷᠬᠦᠯᠵᠢᠯᠡᠨ ᠬᠦᠴᠤᠯᠡᠵᠤ ᠪᠠᠢ᠌ᠨ᠎ᠠ
 
            