ᠦᠪᠤᠷ ᠮᠤᠡᠭᠭᠤᠯᠤᠨ ᠦᠪᠡᠷᠳᠡᠬᠡᠨ ᠵᠠᠰᠠᠬᠤ ᠤᠷᠤᠨᠤ ᠠᠷᠠᠳᠤᠨ ᠶᠠᠪᠤᠳᠠᠯᠤᠨ ᠲᠢᠡᠭᠭᠢᠮᠤᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪᠤᠨ ᠨᠠᠮᠤᠨ ᠡᠭᠦᠷᠤᠨᠬᠢᠨ 11 ᠰᠠᠷ᠎ᠠ ᠵᠢᠨ 16ᠤ ᠡᠳᠦᠷ 2023 ᠣᠨᠤ 11 ᠳ᠋ᠤᠬᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠵᠤ᠂ 《ᠳᠤᠮᠳᠠᠳᠤ ᠤᠯᠤᠰᠤᠨ ᠡᠪ ᠬᠠᠮᠲᠤ ᠨᠠᠮᠤᠨ ᠰᠦᠯᠳᠡ᠂ ᠨᠠᠮᠤᠨ ᠲᠤᠭᠤᠨ ᠳᠦᠷᠢᠮ》 《ᠨᠠᠮᠤᠨ ᠰᠤᠷᠲᠠᠯ ᠪᠠ ᠠᠷᠢᠭᠤᠨ ᠴᠢᠭᠴᠢᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢᠨ ᠳᠦᠷᠢᠮᠢ ᠬᠡᠷᠡᠭᠵᠢᠭᠦᠯᠬᠦ ᠲᠤᠬᠠᠢ ᠲᠣᠭᠲᠠᠭ᠋ᠠᠯ》 《ᠨᠠᠮᠤᠨ ᠬᠣᠷᠢᠶ᠎ᠠ (ᠨᠠᠮᠤᠨ ᠤᠳᠤᠷᠢᠳᠬᠤ ᠳᠤᠭᠤᠢ᠌ᠯᠠᠩ) ᠵᠢᠨ ᠨᠠᠮᠢ ᠪᠦᠬᠦ ᠲᠠᠯᠠᠪᠠᠷ ᠴᠢᠩᠭ᠎ᠠ ᠵᠠᠰᠠᠬᠤ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠲᠤᠬᠠᠢ ᠲᠣᠭᠲᠠᠭ᠋ᠠᠯ》᠂ ᠰᠢ ᠵᠢᠨ ᠫᠢᠩ ᠶᠡᠷᠦᠩᠬᠡᠢ ᠱᠦᠵᠢ ᠵᠢᠨ ᠵᠢᠶᠠᠩᠰᠢᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨᠤ ᠵᠣᠷᠢᠭ ᠰᠠᠨᠠᠭ᠎ᠠ᠂ ᠰᠢ ᠵᠢᠨ ᠫᠢᠩ ᠶᠡᠷᠦᠩᠬᠡᠢ ᠱᠦᠵᠢ ᠵᠢᠨ ᠡᠮᠡᠭᠲᠡᠢ᠌ᠴᠦᠳ ᠬᠡᠦᠬᠡᠳᠤᠨ ᠠᠵᠢᠯᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠂ ᠰᠢ ᠵᠢᠨ ᠫᠢᠩ ᠶᠡᠷᠦᠩᠬᠡᠢ ᠱᠦᠵᠢ ᠵᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯᠤᠨ ᠠᠵᠢᠯᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠂ 《ᠠᠷᠠᠳᠤᠨ ᠶᠠᠪᠤᠳᠠᠯᠤᠨ ᠠᠵᠢᠯᠤᠨ ᠲᠤᠬᠠᠢ ᠰᠢ ᠵᠢᠨ ᠫᠢᠩ ᠶᠡᠷᠤᠡᠭᠭᠡᠢ ᠱᠦᠵᠢ ᠵᠢᠨ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠶ᠎ᠠ》 ᠬᠡᠬᠦ ᠵᠡᠷᠬᠡ ᠠᠭᠤᠯᠭ᠎ᠠ ᠵᠢ ᠤᠯᠠᠮᠵᠢᠯᠠᠨ ᠰᠤᠷᠤᠯᠴᠠᠬᠰᠠᠨ ᠪᠠᠢ᠌ᠨ᠎ᠠ᠃
ᠬᠤᠷᠠᠯᠠᠴᠠ ᠱᠠᠭ᠋ᠠᠷᠳᠠᠭᠰᠠᠨᠨᠢ᠂ ᠭᠣᠣᠯ ᠪᠣᠯᠬᠤ ᠨᠠᠮᠤᠨ ᠭᠡᠰᠢᠭᠦᠨ ᠺᠠᠳ᠋ᠷᠴᠤᠳ 《ᠳᠤᠮᠳᠠᠳᠤ ᠤᠯᠤᠰᠤᠨ ᠡᠪ ᠬᠠᠮᠲᠤ ᠨᠠᠮᠤᠨ ᠰᠦᠯᠳᠡ᠂ ᠨᠠᠮᠤᠨ ᠲᠤᠭᠤᠨ ᠳᠦᠷᠢᠮ》 《ᠨᠠᠮᠤᠨ ᠰᠤᠷᠲᠠᠯ ᠪᠠ ᠠᠷᠢᠭᠤᠨ ᠴᠢᠭᠴᠢᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢᠨ ᠳᠦᠷᠢᠮᠢ ᠬᠡᠷᠡᠭᠵᠢᠭᠦᠯᠬᠦ ᠲᠤᠬᠠᠢ ᠲᠣᠭᠲᠠᠭ᠋ᠠᠯ》 《ᠨᠠᠮᠤᠨ ᠬᠣᠷᠢᠶ᠎ᠠ (ᠨᠠᠮᠤᠨ ᠤᠳᠤᠷᠢᠳᠬᠤ ᠳᠤᠭᠤᠢ᠌ᠯᠠᠩ) ᠵᠢᠨ ᠨᠠᠮᠢ ᠪᠦᠬᠦ ᠲᠠᠯᠠᠪᠠᠷ ᠴᠢᠩᠭ᠎ᠠ ᠵᠠᠰᠠᠬᠤ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠲᠣᠭᠲᠠᠭ᠋ᠠᠯ》 ᠵᠡᠷᠭᠡ ᠨᠠᠮᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯᠤᠨ ᠪᠣᠳᠠᠲᠠᠢ ᠱᠠᠭ᠋ᠠᠷᠳᠠᠯᠭ᠎ᠠ ᠵᠢ ᠣᠢ᠌ᠯᠠᠭ᠋ᠠᠵᠤ ᠡᠵᠡᠮᠰᠢᠬᠦ ᠬᠡᠷᠡᠭᠲᠡᠢ᠃ ᠰᠢ ᠵᠢᠨ ᠫᠢᠩ ᠶᠡᠷᠦᠩᠬᠡᠢ ᠱᠦᠵᠢ ᠵᠢᠨ ᠵᠢᠶᠠᠩᠰᠢᠳᠤ ᠠᠵᠢᠯ ᠪᠠᠢ᠌ᠴᠠᠭ᠋ᠠᠬᠤᠳᠤᠪᠠᠨ ᠲᠠᠯᠪᠢᠭᠰᠠᠨ ᠴᠢᠬᠤᠯᠠ ᠶᠠᠷᠢᠶᠠᠨᠤ ᠵᠣᠷᠢᠭ ᠰᠠᠨᠠᠭ᠎ᠠ ᠪᠣᠯᠣᠨ ᠡᠮᠡᠭᠲᠡᠢ᠌ᠴᠦᠳ ᠬᠡᠦᠬᠡᠳᠤᠨ ᠠᠵᠢᠯᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯᠤᠨ ᠠᠵᠢᠯᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠂ ᠠᠷᠠᠳᠤᠨ ᠶᠠᠪᠤᠳᠠᠯᠤᠨ ᠠᠵᠢᠯᠤᠨ ᠲᠤᠬᠠᠢ ᠴᠢᠬᠤᠯᠠ ᠥᠭᠦᠯᠡᠯᠲᠡ ᠵᠢ ᠨᠠᠷᠢᠨ ᠣᠢ᠌ᠯᠠᠭ᠋ᠠᠵᠤ᠂ ᠬᠦᠰᠡᠯᠡᠩ ᠢᠲᠡᠭᠡᠯ ᠪᠢᠰᠢᠷᠡᠯ ᠵᠶ᠋ᠡᠨ ᠤᠯᠠᠮ ᠪᠠᠲᠤᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠᠪᠠᠨ ᠪᠠᠲᠤ ᠴᠡᠭᠡᠵᠢᠯᠡᠵᠦ᠂ ᠢᠳᠡᠪᠬᠢᠲᠡᠢᠪᠠᠷ ᠵᠠᠮ ᠨᠡᠭᠡᠭᠡᠨ ᠤᠷᠤᠭᠰᠢᠯᠠᠵᠤ᠂ ᠵᠣᠷᠢᠭᠲᠠᠢᠪᠠᠷ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠠᠵᠢᠯᠤᠨ ᠴᠢᠳᠠᠪᠤᠷᠢ ᠴᠢᠳᠠᠪᠤᠷᠢᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯᠤᠨ ᠶᠠᠰᠤ ᠴᠢᠨᠠᠷ ᠦᠷ᠎ᠡ ᠪᠦᠲᠦᠮᠵᠢᠪᠠᠨ ᠳᠡᠭᠡᠭᠰᠢᠯᠡᠭᠦᠯᠵᠦ᠂ ᠦᠢ᠍ᠯᠡᠴᠢᠯᠡᠭᠡ ᠪᠠᠲᠤᠯᠠᠭ᠎ᠠ ᠵᠢᠨ ᠠᠵᠢᠯᠢ ᠦᠨᠡᠨ ᠬᠦ᠌ ᠨᠠᠷᠢᠯᠢᠭ ᠪᠣᠳᠠᠲᠠᠢ ᠰᠠᠢ᠌ᠲᠤᠷ ᠬᠢᠵᠤ᠂ ᠠᠷᠠᠳᠤᠨ ᠶᠠᠪᠤᠳᠠᠯᠤᠨ ᠦᠢ᠍ᠯᠡᠰᠤᠨ ᠬᠦᠭᠵᠢᠯᠳᠡᠳᠤ ᠬᠦᠴᠤᠨ ᠨᠡᠮᠡᠷᠢᠯᠡᠬᠦ ᠬᠡᠷᠡᠭᠳᠡᠢ᠃