ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠡᠮᠡᠬᠦ ᠬᠠᠰᠤᠬᠤ ᠠᠷᠭ᠎ᠠ ᠵᠢ ᠤᠷᠠᠨ ᠵᠶ᠋ᠠᠷ ᠬᠡᠷᠡᠭᠯᠡᠨ 《ᠪᠠᠷᠢᠮᠵᠢᠶ᠎ᠠ ᠵᠢ ᠲᠡᠭᠡᠭᠰᠢᠯᠡᠬᠦᠯᠵᠤ᠂ ᠬᠤᠷᠳᠤᠴᠠ ᠵᠢ ᠲᠦᠷᠬᠡᠳᠬᠡᠨ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠲᠤᠰᠬᠠᠢ ᠠᠵᠢᠯᠯᠠᠭ᠎ᠠ ᠵᠢ ᠭᠦᠨᠵᠡᠭᠡᠢ ᠠᠬᠢᠭᠤᠯᠵᠤ ᠪᠠᠢ᠌ᠨ᠎ᠠ
ᠨᠡᠶᠢᠲᠡᠯᠡᠭᠰᠡᠨ ᠴᠠᠭ᠄ 2023-11-23

     《ᠪᠠᠷᠢᠮᠵᠢᠶ᠎ᠠ ᠵᠢ ᠲᠡᠭᠡᠭᠰᠢᠯᠡᠬᠦᠯᠵᠤ᠂ ᠬᠤᠷᠳᠤᠴᠠ ᠵᠢ ᠲᠦᠷᠬᠡᠳᠬᠡᠨ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠲᠤᠰᠬᠠᠢ ᠠᠵᠢᠯᠯᠠᠭ᠎ᠠ ᠵᠢ ᠡᠬᠢᠯᠡᠭᠦᠯᠦᠭᠰᠡᠨ᠎ᠠᠴᠠ  ᠨᠠᠭ᠋ᠠᠰᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠡᠯ᠎ᠡ ᠵᠦᠢ᠍ᠯ᠎ᠤᠨ ᠠᠵᠢᠯ᠎ᠢ ᠦᠳᠲᠡᠷ ᠲᠦᠷᠭᠡᠨ ᠥᠷᠨᠢᠭᠦᠯᠵᠦ᠂  ᠱᠠᠳᠤᠴᠢ ᠴᠢᠨᠠᠷᠳᠠᠢ ᠦᠷ᠎ᠡ ᠪᠦᠲᠦᠮᠵᠢ ᠣᠯᠪᠠ᠃
   ᠨᠢᠭᠡ᠎ᠳᠤ᠂ ᠳᠦᠷᠢᠮ ᠲᠣᠭᠲᠠᠴᠠ ᠵᠢᠨ ᠲᠠᠯ᠎ᠠ᠎ᠪᠠᠷ 《ᠨᠡᠮᠡᠬᠦ ᠠᠷᠭ᠎ᠠ》 ᠵᠢ ᠰᠠᠢ᠌ᠳᠤᠷ ᠬᠡᠷᠡᠭᠯᠡᠪᠡ᠃ 《ᠵᠢᠷᠤᠮᠵᠢᠭᠤᠯᠤᠨ ᠴᠣᠮᠬᠠᠳᠬᠠᠵᠤ ᠬᠤᠷᠳᠤᠴᠠ ᠵᠢ ᠲᠦᠷᠬᠡᠳᠬᠡᠨ᠂ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ ᠠᠵᠢᠯ᠎ᠤᠨ ᠪᠥᠬᠥ ᠲᠠᠯ᠎ᠠ᠎ᠪᠠᠷ ᠪᠠᠷᠢᠮᠵᠢᠶ᠎ᠠ᠂ ᠶᠠᠰᠤ ᠴᠢᠨᠠᠷ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢ ᠠᠬᠢᠭᠤᠯᠬᠤ ᠠᠷᠭ᠎ᠠ》 《〈ᠪᠠᠷᠢᠮᠵᠢᠶ᠎ᠠ ᠵᠢ ᠲᠡᠭᠡᠭᠰᠢᠯᠡᠬᠦᠯᠵᠤ᠂ ᠬᠤᠷᠳᠤᠴᠠ ᠵᠢ ᠲᠦᠷᠬᠡᠳᠬᠡᠨ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ〉 ᠲᠤᠰᠬᠠᠢ ᠠᠵᠢᠯᠯᠠᠭ᠎ᠠ ᠵᠢ ᠭᠦᠨᠵᠡᠭᠡᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ》 《ᠪᠠᠷᠢᠮᠵᠢᠶ᠎ᠠ ᠵᠢ ᠳᠡᠭᠡᠭᠰᠢᠯᠡᠭᠦᠯᠵᠦ᠂ ᠬᠤᠷᠳᠤᠴᠠ ᠵᠢ  ᠲᠦᠷᠬᠡᠳᠬᠡᠨ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ ᠱᠠᠭ᠋ᠠᠷᠳᠠᠯᠭ᠎ᠠ ᠵᠢ ᠦᠷᠭᠦᠯᠵᠢᠯᠡᠨ ᠨᠠᠢ᠌ᠳᠠᠪᠤᠷᠢᠵᠢᠭᠤᠯᠵᠤ 《ᠤᠳᠠᠭ᠋ᠠᠨ》 《ᠪᠦᠳᠦᠭᠦᠯᠢᠭ》 《ᠬᠡᠢ᠌ᠰᠪᠦᠷᠢ》 ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠬᠦ ᠲᠤᠬᠠᠢ ᠮᠡᠳᠡᠭᠳᠡᠯ》 《ᠴᠢᠬᠤᠯᠠ ᠶᠡᠬᠡ ᠠᠵᠢᠯᠯᠠᠭ᠎ᠠ ᠵᠢᠨ ᠴᠢᠬᠤᠯᠠ ᠬᠤᠷᠠᠯ᠎ᠤᠨ ᠮᠡᠳᠡᠭᠡ ᠨᠡᠢ᠌ᠲᠡᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃ ᠠᠯᠪᠠᠨ ᠪᠢᠴᠢᠭ᠂ ᠬᠤᠷᠠᠯ ᠬᠢᠬᠦ᠂  ᠱᠠᠯᠠᠪᠳᠠᠭᠤᠯᠤᠨ ᠰᠢᠢ᠍ᠳᠪᠦᠷᠢᠯᠡᠭᠦᠯᠬᠦ᠂ ᠮᠡᠳᠡᠭᠡ ᠵᠠᠩᠭᠢ᠂ ᠵᠠᠬᠢᠳᠠᠯ ᠰᠣᠷᠪᠤᠯᠵᠢᠯᠠᠭ᠎ᠠ᠂ ᠲᠠᠨᠭ᠌ᠰᠠ ᠡᠪᠬᠡᠮᠡᠯ ᠵᠡᠷᠭᠡ 13 ᠲᠠᠯ᠎ᠠ ᠵᠢᠨ ᠠᠵᠢᠯ᠎ᠤᠨ ᠳᠦᠷᠢᠮ᠎ᠤᠨ ᠵᠢᠷᠤᠮᠵᠢᠯ᠎ᠢ ᠪᠦᠬᠦ ᠲᠠᠯ᠎ᠠ᠎ᠪᠠᠷ ᠡᠮᠬᠢᠯᠡᠨ ᠲᠡᠭᠦᠯᠳᠡᠷᠵᠢᠭᠦᠯᠵᠦ᠂ 59 ᠵᠦᠢ᠍ᠯ᠎ᠤᠨ ᠳᠦᠷᠢᠮ᠎ᠢ ᠪᠠᠢ᠌ᠭᠤᠯᠪᠠ᠃ ᠪᠢᠴᠢᠭ ᠮᠠᠲ᠋ᠧᠷᠢᠶᠠᠯ ᠪᠠ ᠬᠤᠷᠠᠯ ᠬᠢᠬᠦ᠂ ᠮᠡᠳᠡᠭᠡ ᠵᠠᠩᠭᠢ ᠨᠡᠢ᠌ᠲᠡᠯᠡᠬᠦ᠂ ᠱᠠᠯᠠᠪᠳᠠᠭᠤᠯᠤᠨ ᠰᠢᠢ᠍ᠳᠪᠦᠷᠢᠯᠡᠭᠦᠯᠵᠦ ᠨᠠᠢ᠌ᠳᠠᠪᠤᠷᠢᠵᠢᠭᠤᠯᠬᠤ᠂ ᠡᠳ᠋᠎ᠤᠨ ᠶᠠᠪᠤᠳᠠᠯ᠎ᠤᠨ ᠵᠠᠷᠤᠯᠭ᠎ᠠ ᠵᠡᠷᠭᠡ ᠠᠵᠢᠯ᠎ᠳᠤ ᠴᠢᠭᠯᠡᠭᠦᠯᠦᠨ 15 ᠲᠠᠯ᠎ᠠ ᠵᠢᠨ 《ᠤᠳᠠᠭ᠋ᠠᠨ᠂ ᠪᠦᠳᠦᠭᠦᠯᠢᠭ᠂ ᠬᠡᠢ᠌ᠰᠪᠦᠷᠢ》 ᠨᠠᠵᠠᠭ᠋ᠠᠢ ᠲᠠᠯ᠎ᠠ ᠵᠢᠨ ᠨᠠᠷᠢᠨ ᠲᠠᠩᠰᠠ ᠵᠢ ᠨᠠᠷᠢᠨ ᠵᠢᠬᠰᠠᠭ᠋ᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠡᠯᠡᠬᠦ ᠲᠣᠭᠲᠠᠴᠠ ᠵᠢ ᠪᠠᠢ᠌ᠭᠤᠯᠤᠨ᠂ ᠬᠠᠮᠢᠶ᠎ᠠ ᠪᠦᠬᠦᠢ ᠪᠠᠢ᠌ᠳᠠᠯ᠎ᠢ ᠰᠢᠯᠭ᠋ᠠᠵᠤ ᠦᠨᠡᠯᠡᠬᠦ᠎ᠲᠠᠢ ᠬᠣᠯᠪᠣᠭᠳᠠᠭᠤᠯᠪᠠ᠃
    ᠬᠣᠶᠠᠷ᠎ᠲᠤ᠂ ᠦᠢ᠍ᠯᠡᠴᠢᠯᠡᠭᠡ ᠵᠢ ᠰᠢᠯᠢᠳᠡᠭᠵᠢᠭᠦᠯᠬᠦ ᠲᠠᠯ᠎ᠠ᠎ᠪᠠᠷ 《ᠬᠠᠰᠤᠬᠤ ᠠᠷᠭ᠎ᠠ》᠎ᠢ ᠰᠠᠢ᠌ᠲᠤᠷ ᠬᠡᠷᠡᠭᠯᠡᠪᠡ᠃ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠵᠠᠰᠠᠭ ᠵᠠᠬᠢᠷᠭ᠋ᠠᠨ᠎ᠤ ᠡᠷᠬᠡ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠦᠢ᠍ᠯᠡᠰ 72 ᠵᠦᠢ᠍ᠯ᠎ᠢ ᠰᠢᠯᠢᠳᠡᠭᠵᠢᠭᠦᠯᠦᠨ᠂ 20.45% ᠮᠠᠲ᠋ᠧᠷᠢᠶᠠᠯ᠂ 39.56% ᠵᠠᠩᠭᠢᠯᠠᠭ᠎ᠠ᠂ 66.99% ᠴᠠᠭ ᠬᠤᠭᠤᠴᠠᠭ᠎ᠠ ᠵᠢ ᠴᠣᠮᠬᠠᠳᠬᠠᠪᠠ᠃ 《ᠤᠷᠤᠭ ᠬᠤᠷᠢᠮ᠂ ᠬᠡᠦᠬᠡᠳ ᠠᠪᠬᠤ》᠂ 《ᠵᠡᠮᠳᠡᠭᠴᠦᠳ᠎ᠢ ᠲᠡᠳᠬᠦᠨ ᠬᠦᠴᠢᠷᠳᠡᠯᠳᠡᠢ᠌ᠴᠤᠳ᠎ᠢ ᠲᠤᠰᠠᠯᠠᠬᠤ》 ᠵᠡᠷᠭᠡ᠎ᠳᠤ 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠰᠢᠢ᠍ᠳᠪᠦᠷᠢᠯᠡᠬᠦ》 ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠥᠭᠡᠷᠡᠴᠢᠯᠡᠯᠲᠡ ᠵᠢ ᠢᠳᠡᠪᠬᠢᠲᠡᠢ᠎ᠪᠠᠷ ᠠᠬᠢᠭᠤᠯᠵᠤ᠂ 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠰᠢᠢ᠍ᠳᠪᠦᠷᠢᠯᠡᠬᠦ》 3 ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠵᠤ᠂ ᠵᠠᠩᠭᠢᠯᠠᠭ᠎ᠠ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠬᠡᠷᠡᠭ ᠡᠷᠭᠢᠯᠡᠬᠦ ᠵᠦᠭᠯᠡᠭᠦᠷ》 《ᠪᠥᠬᠥ ᠣᠷᠣᠨ᠎ᠤ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠪᠠᠷᠢᠮᠵᠢᠶᠠᠵᠢᠭᠤᠯᠬᠤ ᠵᠢ ᠠᠬᠢᠭᠤᠯᠬᠤ ᠲᠤᠬᠠᠢ ᠮᠡᠳᠡᠭᠳᠡᠯ》᠎ᠳᠤ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭ᠋ᠠᠵᠤ᠂ ᠪᠥᠬᠥ ᠣᠷᠣᠨ᠎ᠤ ᠠᠷᠠᠳ᠎ᠤᠨ ᠶᠠᠪᠤᠳᠠᠯ᠎ᠤᠨ ᠡᠬᠡ ᠲᠡᠡᠭᠰᠠ ᠵᠢ ᠴᠣᠮᠬᠠᠳᠬᠠᠨ ᠵᠢᠷᠤᠮᠵᠢᠭᠤᠯᠵᠤ᠂ ᠡᠬᠡ ᠲᠡᠡᠭᠰᠠ ᠵᠢ 56%᠎ᠪᠠᠷ  ᠬᠠᠰᠤᠪᠠ᠃ 

 



 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠪᠥᠬᠥ ᠣᠷᠣᠨ᠎ᠤ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠠᠶᠤᠯ ᠦᠬᠡᠢ ᠵᠢᠨ ᠬᠠᠮᠢᠶᠠᠷᠤᠯᠲᠠ ᠪᠠ ᠲᠤᠬᠠᠢ᠌ᠯᠠᠭᠰᠠᠨ ᠠᠵᠢᠯ᠎ᠤᠨ ᠲᠠᠩᠰᠠ ᠡᠪᠬᠡᠮᠡᠯ᠎ᠤᠨ ᠪᠠᠢ᠌ᠭᠤᠯᠤᠯᠲᠠ ᠵᠢ ᠠᠬᠢᠭᠤᠯᠬᠤ ᠸᠢᠳᠢᠤ᠋ ᠬᠤᠷᠠᠯ ᠬᠤᠷᠠᠯᠳᠤᠭᠤᠯᠬᠤ ᠵᠢᠨ ᠬᠠᠮᠳᠤ ᠬᠡᠦᠬᠡᠳ᠎ᠤᠨ ᠠᠰᠠᠷᠠᠮᠵᠢ ᠵᠢᠨ ᠲᠤᠬᠠᠢ᠌ᠯᠠᠬᠰᠠᠨ ᠠᠵᠢᠯ᠎ᠤᠨ ᠪᠤᠯᠪᠠᠰᠤᠷᠠᠯ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠢ ᠵᠢᠨ ᠨᠡᠢ᠌ᠳᠡᠮ᠎ᠤᠨ ᠪᠠᠢ᠌ᠴᠠᠭ᠋ᠠᠯᠲᠠ ᠵᠢᠨ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠨᠡᠢ᠌ᠳᠡᠮ᠎ᠤᠨ ᠪᠠᠢ᠌ᠴᠠᠭ᠋ᠠᠯᠳᠠ ᠵᠢᠨ ᠠᠵᠢᠯ᠎ᠢ ᠡᠬᠦᠷᠬᠡ ᠵᠢ ᠰᠠᠢ᠌ᠳᠤᠷ ᠪᠡᠶᠡᠯᠡᠬᠦᠯᠵᠤ ᠪᠠᠢ᠌ᠨ᠎ᠠ
ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ ᠲᠦᠷᠦᠭᠦᠸ᠋ ᠭᠤᠷᠪᠠᠨ ᠤᠯᠠᠷᠢᠯ᠎ᠤᠨ ᠭᠣᠣᠯᠳᠠᠯᠭ᠎ᠠ᠎ᠲᠠᠢ ᠠᠵᠢᠯ᠎ᠢ ᠲᠣᠬᠢᠷᠠᠭᠤᠯᠬᠤ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ》 ᠵᠡᠷᠭᠡ ᠵᠢᠷᠭᠤᠭ᠋ᠠᠨ ᠠᠬᠢᠭᠤᠯᠬᠤ ᠳᠦᠷᠢᠮ᠎ᠤᠨ ᠬᠠᠤᠯᠢ᠎ᠪᠠᠷ ᠵᠠᠰᠠᠬᠤ ᠵᠢ ᠠᠬᠢᠭᠤᠯᠬᠤ ᠲᠤᠬᠠᠢ ᠲᠤᠰᠬᠠᠢ ᠰᠡᠳᠦᠪᠲᠦ ᠲᠠᠢ᠌ᠯᠤᠮᠵᠢ ᠬᠢᠪᠡ
ᠴᠢ ᠪᠠᠲᠤ ᠬᠥᠬᠡᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠢ ᠪᠠᠢ᠌ᠴᠠᠭ᠋ᠠᠨ ᠰᠤᠳᠤᠯᠪᠠ
 
            