ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠪᠥᠬᠥ ᠣᠷᠣᠨ᠎ᠤ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠠᠶᠤᠯ ᠦᠬᠡᠢ ᠵᠢᠨ ᠬᠠᠮᠢᠶᠠᠷᠤᠯᠲᠠ ᠪᠠ ᠲᠤᠬᠠᠢ᠌ᠯᠠᠭᠰᠠᠨ ᠠᠵᠢᠯ᠎ᠤᠨ ᠲᠠᠩᠰᠠ ᠡᠪᠬᠡᠮᠡᠯ᠎ᠤᠨ ᠪᠠᠢ᠌ᠭᠤᠯᠤᠯᠲᠠ ᠵᠢ ᠠᠬᠢᠭᠤᠯᠬᠤ ᠸᠢᠳᠢᠤ᠋ ᠬᠤᠷᠠᠯ ᠬᠤᠷᠠᠯᠳᠤᠭᠤᠯᠬᠤ ᠵᠢᠨ ᠬᠠᠮᠳᠤ ᠬᠡᠦᠬᠡᠳ᠎ᠤᠨ ᠠᠰᠠᠷᠠᠮᠵᠢ ᠵᠢᠨ ᠲᠤᠬᠠᠢ᠌ᠯᠠᠬᠰᠠᠨ ᠠᠵᠢᠯ᠎ᠤᠨ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄ 2023-11-27

    ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠡᠦᠬᠡᠳ᠎ᠤᠨ ᠠᠰᠠᠷᠠᠮᠵᠢ ᠵᠢᠨ ᠭᠠᠵᠠᠷ᠎ᠤᠨ᠎ᠬᠢᠨ 11 ᠳ᠋ᠤᠬᠡᠷ ᠰᠠᠷ᠎ᠠ ᠵᠢᠨ 13᠂ 14᠎ᠤ ᠡᠳᠦᠷ  ᠪᠥᠬᠥ ᠣᠷᠣᠨ᠎ᠤ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠠᠶᠤᠯ ᠦᠬᠡᠢ ᠵᠢᠨ ᠬᠠᠮᠢᠶᠠᠷᠤᠯᠲᠠ ᠪᠠ ᠲᠤᠬᠠᠢ᠌ᠯᠠᠭᠰᠠᠨ ᠠᠵᠢᠯ᠎ᠤᠨ ᠲᠠᠩᠰᠠ ᠡᠪᠬᠡᠮᠡᠯ᠎ᠤᠨ ᠪᠠᠢ᠌ᠭᠤᠯᠤᠯᠲᠠ ᠵᠢ ᠠᠬᠢᠭᠤᠯᠬᠤ  ᠸᠢᠳᠢᠤ᠋ ᠬᠤᠷᠠᠯ ᠬᠤᠷᠠᠯᠳᠤᠭᠤᠯᠬᠤ ᠵᠢᠨ ᠬᠠᠮᠳᠤ ᠬᠡᠦᠬᠡᠳ᠎ᠤᠨ ᠠᠰᠠᠷᠠᠮᠵᠢ ᠵᠢᠨ ᠲᠤᠬᠠᠢ᠌ᠯᠠᠬᠰᠠᠨ ᠠᠵᠢᠯ᠎ᠤᠨ ᠪᠤᠯᠪᠠᠰᠤᠷᠠᠯ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ᠂ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠬᠥᠩ ᠸᠧᠢ ᠴᠦᠨ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠭᠰᠠᠨ ᠪᠥᠭᠡᠳ ᠳᠠᠢ᠌ᠴᠢᠯᠠᠯᠲᠠ ᠵᠢᠨ ᠶᠠᠷᠢᠶ᠎ᠠ ᠲᠠᠯᠪᠢᠵᠠᠢ᠃ ᠤᠯᠠᠭ᠋ᠠᠨᠴᠠᠪ ᠬᠤᠳᠠ᠂ ᠪᠠᠶᠠᠨᠨᠠᠭᠤᠷ ᠬᠤᠳᠠ᠂ ᠬᠢᠩᠭ᠋ᠠᠨ ᠠᠢ᠌ᠮᠠᠭ᠂ ᠰᠢᠯᠢ ᠵᠢᠨ ᠭᠣᠣᠯ ᠠᠢ᠌ᠮᠠᠭ᠎ᠤᠨ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ ᠰᠣᠯᠢᠯᠴᠠᠭ᠋ᠠᠨ᠎ᠤ ᠶᠠᠷᠢᠶ᠎ᠠ ᠲᠠᠯᠪᠢᠪᠠ᠃
   ᠲᠤᠰ ᠪᠣᠯᠪᠠᠰᠤᠷᠠᠯ᠎ᠳᠤ ᠠᠷᠠᠳ᠎ᠤᠨ ᠶᠠᠪᠤᠳᠠᠯ᠎ᠤᠨ ᠶᠠᠮᠤᠨ᠎ᠤ ᠳᠠᠩᠰᠠ ᠡᠪᠬᠡᠮᠡᠯ᠎ᠤᠨ ᠮᠠᠲ᠋ᠧᠷᠢᠶᠠᠯ᠎ᠤᠨ ᠰᠠᠩ᠎ᠤᠨ ᠲᠤᠬᠠᠢ᠌ᠯᠠᠭᠰᠠᠨ ᠠᠵᠢᠯ᠎ᠤᠨ ᠵᠢᠭ᠋ᠠᠨ ᠵᠢᠯᠤᠭᠣᠳᠬᠤ ᠲᠠᠰᠤᠭ᠎ᠤᠨ ᠡᠷᠬᠢᠯᠡᠭᠴᠢ᠂ ᠰᠤᠳᠤᠯᠭ᠋ᠠᠨ᠎ᠤ ᠠᠵᠢᠯᠲᠠᠨ ᠯᠢ ᠰᠢᠨ᠎ᠢ ᠲᠤᠰᠬᠠᠢ᠌ᠯᠠᠨ ᠤᠷᠢᠵᠤ 《ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠲᠤᠬᠠᠢ᠌ᠯᠠᠭᠰᠠᠨ ᠠᠵᠢᠯ᠎ᠤᠨ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠠᠷᠭ᠎ᠠ》᠎ᠳᠤ ᠲᠠᠢ᠌ᠯᠤᠮᠵᠢ ᠬᠢᠯᠭᠡᠵᠡᠢ᠃ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠡᠦᠬᠡᠳ᠎ᠤᠨ ᠠᠰᠠᠷᠠᠮᠵᠢ ᠵᠢᠨ ᠭᠠᠵᠠᠷ᠎ᠤᠨ ᠳᠡᠳ᠋ ᠳᠠᠷᠤᠭ᠎ᠠ ᠲᠢᠶᠠᠨ ᡁᠢ ᠶᠦᠩ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠤᠮᠳᠠᠳᠤ ᠤᠯᠤᠰ᠎ᠤᠨ ᠠᠷᠠᠳ ᠢᠷᠭᠡᠨ᠎ᠤ ᠦᠷ᠎ᠡ ᠬᠡᠦᠬᠡᠳ ᠡᠷᠭᠦᠨ ᠲᠡᠵᠢᠭᠡᠬᠦ ᠵᠢ ᠳᠠᠩᠰᠠᠯᠠᠬᠤ ᠠᠷᠭ᠎ᠠ》 ᠵᠢᠨ ᠲᠣᠭᠣᠷᠢᠨ᠎ᠳᠤ ᠲᠠᠢ᠌ᠯᠤᠮᠵᠢ ᠬᠢᠪᠡ᠃ ᠱᠧᠨᠵᠧᠨ ᠬᠣᠲᠠ ᠵᠢᠨ ᠨᠡᠢ᠌ᠭᠡᠮ᠎ᠤᠨ ᠠᠵᠢᠯ᠎ᠤᠨ ᠬᠦᠷᠢᠶᠡᠯᠡᠩ᠎ᠤᠨ ᠳᠡᠳ᠋ ᠳᠠᠷᠤᠭ᠎ᠠ ᠵᠧᠦ ᠶᠠᠨ ᠴᠢᠶᠦ᠋ᠩ ᠪᠣᠯᠣᠨ ᠴᠢᠩᠳᠣᠣ ᠬᠣᠲᠠ ᠵᠢᠨ ᠯᠢ ᠼᠠᠩ ᠲᠣᠭᠣᠷᠢᠭ᠎ᠤᠨ ᠰᠢᠶᠠᠩ ᠲᠠᠨ ᠵᠠᠮ᠎ᠤᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠰᠢᠶᠠᠩ ᠳ᠋ᠦᠩ ᠨᠡᠢ᠌ᠭᠡᠮ ᠲᠣᠭᠣᠷᠢᠭ᠎ᠤᠨ ᠨᠠᠮ᠎ᠤᠨ ᠬᠣᠷᠢᠶᠠᠨ᠎ᠤ ᠳᠡᠳ᠋ ᠱᠦᠵᠢ᠂ ᠬᠡᠦᠬᠡᠳ᠎ᠤᠨ ᠠᠵᠢᠯ᠎ᠤᠨ ᠡᠷᠬᠢᠯᠡᠭᠴᠢ ᠸᠠᠩ ᠶᠣᠣ ᠨᠠᠷ ᠬᠡᠦᠬᠡᠳ᠎ᠤᠨ ᠡᠷᠬᠢᠯᠡᠭᠴᠢ ᠵᠢᠨ ᠠᠵᠢᠯ᠎ᠤᠨ ᠡᠭᠦᠷᠭᠡ ᠬᠠᠷᠢᠭᠤᠴᠠᠯᠭ᠎ᠠ᠂ ᠵᠠᠷᠴᠢᠮ ᠪᠣᠯᠣᠨ ᠪᠣᠳᠠᠲᠤ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠲᠤᠰᠬᠠᠢ ᠰᠡᠳᠦᠪ ᠵᠶ᠋ᠡᠷ ᠬᠢᠴᠢᠶᠡᠯᠯᠡᠪᠡ᠃
ᠲᠣᠰ ᠪᠣᠯᠪᠠᠰᠤᠷᠠᠯ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠶᠤᠯ ᠦᠬᠡᠢ ᠦᠢ᠍ᠯᠡᠳᠪᠦᠷᠢᠯᠡᠯ᠎ᠤᠨ ᠬᠠᠤᠯᠢ》 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠠᠩᠰᠠ ᠡᠪᠬᠡᠮᠡᠯ᠎ᠤᠨ ᠬᠠᠤᠯᠢ》 ᠵᠢ ᠰᠤᠷᠤᠯᠴᠠᠨ ᠤᠬᠠᠭᠤᠯᠬᠤ᠂ ᠨᠠᠢ᠌ᠳᠠᠪᠤᠷᠢᠵᠢᠭᠤᠯᠬᠤ ᠪᠣᠳᠠᠲᠠᠢ ᠠᠷᠭ᠎ᠠ ᠶᠤᠮ᠃ 





 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠢ ᠵᠢᠨ ᠨᠡᠢ᠌ᠳᠡᠮ᠎ᠤᠨ ᠪᠠᠢ᠌ᠴᠠᠭ᠋ᠠᠯᠲᠠ ᠵᠢᠨ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠨᠡᠢ᠌ᠳᠡᠮ᠎ᠤᠨ ᠪᠠᠢ᠌ᠴᠠᠭ᠋ᠠᠯᠳᠠ ᠵᠢᠨ ᠠᠵᠢᠯ᠎ᠢ ᠡᠬᠦᠷᠬᠡ ᠵᠢ ᠰᠠᠢ᠌ᠳᠤᠷ ᠪᠡᠶᠡᠯᠡᠬᠦᠯᠵᠤ ᠪᠠᠢ᠌ᠨ᠎ᠠ
ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ ᠲᠦᠷᠦᠭᠦᠸ᠋ ᠭᠤᠷᠪᠠᠨ ᠤᠯᠠᠷᠢᠯ᠎ᠤᠨ ᠭᠣᠣᠯᠳᠠᠯᠭ᠎ᠠ᠎ᠲᠠᠢ ᠠᠵᠢᠯ᠎ᠢ ᠲᠣᠬᠢᠷᠠᠭᠤᠯᠬᠤ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ》 ᠵᠡᠷᠭᠡ ᠵᠢᠷᠭᠤᠭ᠋ᠠᠨ ᠠᠬᠢᠭᠤᠯᠬᠤ ᠳᠦᠷᠢᠮ᠎ᠤᠨ ᠬᠠᠤᠯᠢ᠎ᠪᠠᠷ ᠵᠠᠰᠠᠬᠤ ᠵᠢ ᠠᠬᠢᠭᠤᠯᠬᠤ ᠲᠤᠬᠠᠢ ᠲᠤᠰᠬᠠᠢ ᠰᠡᠳᠦᠪᠲᠦ ᠲᠠᠢ᠌ᠯᠤᠮᠵᠢ ᠬᠢᠪᠡ
ᠴᠢ ᠪᠠᠲᠤ ᠬᠥᠬᠡᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠢ ᠪᠠᠢ᠌ᠴᠠᠭ᠋ᠠᠨ ᠰᠤᠳᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠲᠦᠷᠪᠡ ᠵᠢ ᠴᠢᠡᠭᠭ᠋ᠠᠳᠬᠠᠵᠤ᠂ ᠲᠦᠷᠪᠡ ᠵᠢ ᠲᠡᠭᠡᠭᠰᠢᠯᠡᠬᠦᠯᠬᠦ》᠎ᠪᠠᠷ ᠠᠷᠠᠳ᠎ᠤᠨ ᠶᠠᠪᠤᠳᠠᠯ᠎ᠤᠨ ᠲᠣᠭ᠎ᠠ ᠪᠦᠷᠢᠳᠬᠡᠯ᠎ᠤᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠰᠢᠨ᠎ᠡ ᠠᠷᠭ᠎ᠠ ᠵᠢ ᠰᠦᠪᠡᠭᠴᠢᠯᠡᠵᠤ ᠤᠯᠪᠠ
 
            