ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠪᠣᠯᠣᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ ᠪᠠᠷ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ》 ᠵᠡᠷᠭᠡ ᠵᠢᠷᠭᠤᠭ᠋ᠠᠨ ᠠᠬᠢᠭᠤᠯᠬᠤ ᠳᠦᠷᠢᠮ᠎ᠤᠨ ᠠᠭᠤᠯᠭ᠎ᠠ ᠵᠢ ᠭᠦᠨᠵᠡᠭᠡᠢ ᠰᠤᠷᠤᠯᠴᠠᠨ ᠤᠢ᠌ᠯᠠᠭ᠋ᠠᠭᠤᠯᠬᠤ ᠵᠢᠨ ᠲᠦᠯᠤᠬᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠣᠯ ᠳᠤᠭᠤᠢ᠌ᠯᠠᠩᠤᠨᠤᠨᠬᠢᠨ 11 ᠳ᠋ᠤᠬᠡᠷ ᠰᠠᠷ᠎ᠠ ᠵᠢᠨ 3᠎ᠤ ᠡᠳᠦᠷ᠎ᠤᠨ ᠦᠳᠡ ᠵᠢᠨ ᠬᠣᠢ᠌ᠨ᠎ᠠ 2023 ᠣᠨ᠎ᠤ 20 ᠳ᠋ᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ (ᠥᠷᠭᠡᠳᠬᠡᠭᠰᠡᠨ) ᠵᠢᠨ ᠬᠤᠷᠠᠯ ᠪᠤᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ》 ᠵᠡᠷᠭᠡ ᠵᠢᠷᠭᠤᠭ᠋ᠠᠨ ᠠᠬᠢᠭᠤᠯᠬᠤ ᠳᠦᠷᠢᠮ᠎ᠤᠨ ᠬᠠᠤᠯᠢ᠎ᠪᠠᠷ ᠵᠠᠰᠠᠬᠤ ᠵᠢ ᠠᠬᠢᠭᠤᠯᠬᠤ ᠲᠤᠰᠬᠠᠢ ᠰᠡᠳᠦᠪᠲᠦ ᠲᠠᠢ᠌ᠯᠤᠮᠵᠢ ᠬᠢᠪᠡ᠃ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠣᠭᠣᠷᠢᠨ ᠪᠠᠢ᠌ᠴᠠᠭ᠋ᠠᠭᠴᠢ᠂ ᠪᠠᠢ᠌ᠭᠤᠯᠭ᠎ᠠ ᠵᠢᠨ ᠪᠦᠬᠦ ᠠᠵᠢᠯᠲᠠᠨ᠂ ᠰᠢᠭᠤᠳ ᠬᠠᠷᠢᠶ᠎ᠠ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ ᠵᠡᠷᠭᠡ ᠲᠦᠴᠢᠬᠡᠳ ᠬᠥᠮᠥᠨ ᠬᠤᠷᠠᠯ᠎ᠳᠤ ᠤᠷᠤᠯᠴᠠᠬᠰᠠᠨ ᠪᠠᠢ᠌ᠨ᠎ᠠ᠃
ᠬᠤᠷᠠᠯ ᠲᠡᠬᠡᠷ᠎ᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠬᠠᠤᠯᠢ ᠳᠦᠷᠢᠮ᠎ᠤᠨ ᠠᠵᠢᠯ᠎ᠤᠨ ᠵᠥᠪᠯᠡᠯ᠎ᠤᠨ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠵᠢᠶᠠ ᠮᠢᠡᠭ ᠰᠢᠩ ᠨᠥᠬᠥᠷ᠎ᠢ ᠤᠷᠢᠵᠤ ᠬᠢᠴᠢᠶᠡᠯ ᠤᠷᠤᠭᠤᠯᠵᠠᠢ᠃ ᠵᠢᠶᠨ ᠮᠢᠡᠭ ᠰᠢᠡᠭ 6 ᠠᠬᠢᠭᠤᠯᠬᠤ ᠳᠦᠷᠢᠮ᠎ᠳᠤ ᠲᠠᠢ᠌ᠯᠤᠮᠵᠢ ᠬᠢᠬᠦ᠎ᠳᠤ᠎ᠪᠠᠨ ᠳᠦᠷᠢᠮ᠎ᠤᠨ ᠴᠢᠬᠤᠯᠠ ᠠᠴᠢ ᠬᠣᠯᠪᠣᠭᠳᠠᠯ᠂ ᠦᠨᠳᠦᠰᠦᠨ ᠵᠠᠷᠴᠢᠮ᠂ ᠭᠣᠣᠯ ᠠᠭᠤᠯᠭ᠎ᠠ ᠵᠢ ᠨᠠᠷᠢᠨ ᠲᠠᠢ᠌ᠯᠪᠤᠷᠢᠯᠠᠵᠠᠢ᠃
ᠬᠤᠷᠠᠯ᠎ᠠᠴᠠ ᠱᠠᠭ᠋ᠠᠷᠳᠠᠭᠰᠠᠨ᠎ᠨᠢ᠂ ᠲᠢᠩᠬᠢᠮ᠎ᠤᠨ ᠳᠡᠭᠡᠳᠦ ᠳᠣᠣᠷᠠᠳᠤ ᠱᠠᠲᠤᠨ᠎ᠤ᠎ᠬᠢᠨ ᠨᠢᠭᠡ᠎ᠳᠤ᠂ ᠵᠢᠷᠭᠤᠭ᠋ᠠᠨ ᠠᠬᠢᠭᠤᠯᠬᠤ ᠳᠦᠷᠢᠮ᠎ᠢ ᠰᠤᠷᠤᠯᠴᠠᠵᠤ ᠤᠬᠠᠭᠤᠯᠬᠤ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠲᠦᠷᠢᠮ᠎ᠤᠨ ᠵᠤᠷᠢᠭ ᠰᠠᠨᠠᠭ᠎ᠠ ᠵᠢ ᠰᠤᠷᠤᠯᠴᠠᠵᠤ ᠤᠬᠠᠭᠤᠯᠬᠤ ᠵᠢ ᠣᠳᠣᠬᠠᠨ᠎ᠤ ᠴᠢᠬᠤᠯᠠ ᠡᠭᠦᠷᠭᠡ ᠪᠣᠯᠭ᠋ᠠᠨ᠂ ᠦᠵᠡᠯ ᠰᠠᠨᠠᠭ᠋ᠠᠨ᠎ᠤ ᠲᠠᠨᠢᠯᠲᠠ ᠪᠠ ᠦᠢ᠍ᠯᠡᠳᠦᠯᠭᠡ ᠵᠢᠨ ᠤᠬᠠᠮᠰᠠᠷ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠤᠯᠴᠠᠬᠤ ᠪᠠ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠬᠤ ᠬᠡᠷᠡᠭᠲᠡᠢ᠃ ᠬᠣᠶᠠᠷ᠎ᠲᠤ᠂ ᠵᠢᠷᠭᠤᠭ᠋ᠠᠨ ᠠᠬᠢᠭᠤᠯᠬᠤ ᠳᠦᠷᠢᠮ᠎ᠤᠨ ᠭᠦᠨᠵᠡᠭᠡᠢ ᠠᠭᠤᠯᠤᠭᠳᠠᠬᠤᠨ᠎ᠢ ᠨᠡᠪᠳᠡᠷᠡᠳᠡᠯ᠎ᠡ ᠣᠢ᠌ᠯᠠᠭ᠋ᠠᠵᠤ᠂ ᠵᠢᠷᠭᠤᠭ᠋ᠠᠨ ᠠᠬᠢᠭᠤᠯᠬᠤ ᠳᠦᠷᠢᠮ᠎ᠢ ᠰᠤᠷᠤᠯᠴᠠᠬᠤ ᠵᠢ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠠᠯᠪᠢᠭᠰᠠᠨ ᠴᠢᠬᠤᠯᠠ ᠶᠠᠷᠢᠶᠠᠨ᠎ᠤ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ᠎ᠲᠠᠢ ᠨᠢᠬᠳᠠ ᠤᠶᠠᠯᠳᠤᠭᠤᠯᠤᠨ᠂ ᠰᠤᠷᠤᠯᠴᠠᠵᠦ ᠭᠦᠨᠵᠡᠭᠡᠢ ᠣᠢ᠌ᠯᠠᠭ᠋ᠠᠬᠤ ᠳᠤᠮᠳᠠ ᠮᠡᠳᠡᠬᠦ ᠬᠢᠬᠦ᠎ᠪᠠᠨ ᠨᠢᠭᠡᠳᠬᠡᠬᠦ ᠵᠢ ᠪᠠᠷᠢᠮᠲᠠᠯᠠᠬᠤ ᠬᠡᠷᠡᠭᠲᠡᠢ᠃ ᠭᠤᠷᠪᠠ᠎ᠳᠤ᠂ ᠵᠢᠷᠭᠤᠭ᠋ᠠᠨ ᠠᠬᠢᠭᠤᠯᠬᠤ ᠳᠦᠷᠢᠮ ᠵᠶ᠋ᠡᠷ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠤᠨ᠂ ᠨᠢᠭᠡᠳᠦᠯᠲᠡᠢ ᠲᠥᠯᠥᠪᠵᠢᠭᠦᠯᠦᠨ ᠲᠥᠯᠥᠪᠵᠢᠭᠦᠯᠬᠦ᠎ᠪᠠᠨ ᠴᠢᠩᠭ᠋ᠠᠳᠬᠠᠵᠤ᠂ ᠨᠠᠢ᠌ᠳᠠᠪᠤᠷᠢᠵᠢᠭᠤᠯᠤᠯᠳᠠ ᠵᠢ ᠴᠢᠩᠭ᠎ᠠ ᠠᠳᠬᠤᠵᠤ᠂ ᠠᠵᠢᠯ᠎ᠤᠨ ᠦᠷ᠎ᠡ ᠪᠦᠲᠦᠮᠵᠢ ᠵᠢ ᠲᠡᠭᠡᠭᠰᠢᠯᠡᠬᠦᠯᠤᠨ᠂ ᠵᠢᠷᠭᠤᠭ᠋ᠠᠨ ᠠᠬᠢᠭᠤᠯᠬᠤ ᠳᠦᠷᠢᠮ᠎ᠤᠨ ᠵᠣᠷᠢᠭ ᠰᠠᠨᠠᠭ᠎ᠠ ᠵᠢ ᠠᠷᠠᠳ᠎ᠤᠨ ᠶᠠᠪᠤᠳᠠᠯ᠎ᠤᠨ ᠠᠵᠢᠯ᠎ᠤᠨ ᠪᠦᠬᠦ ᠶᠠᠪᠤᠴᠠ ᠵᠢᠨ ᠡᠯ᠎ᠡ ᠬᠦᠷᠢᠶ᠎ᠡ ᠴᠠᠷᠠᠭ᠋ᠠᠨ᠎ᠳᠤ ᠲᠤᠭᠤᠰᠢᠯᠠᠭᠤᠯᠵᠤ᠂ ᠡᠯ᠎ᠡ ᠠᠵᠢᠯ᠎ᠤᠨ ᠬᠤᠷᠳᠤᠴᠠ ᠵᠢ ᠲᠦᠷᠭᠡᠳᠬᠡᠬᠦ᠂ ᠶᠠᠰᠤ ᠴᠢᠨᠠᠷ᠂ ᠦᠷ᠎ᠡ ᠪᠦᠳᠤᠮᠵᠢ ᠵᠢ ᠲᠡᠭᠡᠭᠰᠢᠯᠡᠬᠦᠯᠬᠦ ᠵᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠶᠡᠬᠡ ᠶᠠᠪᠤᠳᠠᠯ》 ᠢ ᠰᠠᠢ᠌ᠲᠤᠷ ᠬᠢᠬᠦ᠎ᠳᠤ ᠠᠷᠠᠳ᠎ᠤᠨ ᠶᠠᠪᠤᠳᠠᠯ᠎ᠤᠨ᠎ᠬᠢᠨ᠎ᠤ ᠬᠦᠴᠦᠨ ᠴᠢᠳᠠᠯ᠎ᠢ ᠨᠡᠡᠭ ᠰᠠᠢ᠌ᠳᠤᠷ ᠨᠡᠮᠡᠷᠢᠯᠡᠬᠦ ᠬᠡᠷᠡᠭᠲᠡᠢ᠃