ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠲᠤ ᠨᠠᠷ ᠤᠷᠴᠢᠮ᠎ᠳᠤ ᠬᠥᠬᠡᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠢ ᠪᠠᠢ᠌ᠴᠠᠭ᠋ᠠᠨ ᠰᠤᠳᠤᠯᠪᠠ᠃
ᠴᠢ ᠪᠠᠲᠤ ᠥᠪᠡᠷᠲᠡᠭᠡᠨ ᠵᠠᠰᠠᠬᠤ ᠣᠷᠣᠨ᠎ᠤ ᠵᠢᠱ᠌ᠢᠶ᠎ᠡ ᠦᠵᠡᠭᠦᠯᠬᠦ ᠨᠠᠰᠤᠲᠠᠢ᠌ᠴᠤᠳ᠎ᠤᠨ ᠨᠡᠶ᠋ᠢᠲᠡ ᠵᠢᠨ ᠪᠠᠢ᠌ᠷᠢ᠎ᠳᠤ ᠨᠠᠰᠤᠲᠠᠢ᠌ᠴᠤᠳ᠎ᠤᠨ ᠨᠡᠶ᠋ᠢᠲᠡ ᠵᠢᠨ ᠪᠠᠢ᠌ᠷᠢ ᠵᠢᠨ ᠦᠢ᠍ᠯᠡᠴᠢᠯᠡᠭᠡᠨ᠎ᠤ ᠵᠠᠭᠪᠤᠷ ᠪᠠ ᠡᠵᠡᠩᠨᠡᠯᠲᠡ ᠵᠢᠨ ᠪᠠᠢ᠌ᠳᠠᠯ᠎ᠢ ᠨᠠᠷᠢᠨ ᠣᠢ᠌ᠯᠠᠭ᠋ᠠᠵᠤ᠂ ᠨᠡᠶ᠋ᠢᠲᠡ ᠵᠢᠨ ᠪᠠᠢ᠌ᠷᠢ ᠵᠢᠨ ᠲᠥᠬᠦᠭᠡᠷᠦᠮᠵᠢ ᠵᠢ ᠪᠠᠢ᠌ᠴᠠᠭ᠋ᠠᠨ ᠦᠵᠡᠭᠰᠡᠨ ᠪᠦᠬᠡᠳ ᠨᠠᠰᠤᠵᠢᠯ᠎ᠤᠨ ᠠᠰᠠᠷᠠᠮᠵᠢ ᠵᠢᠨ ᠴᠢᠨᠠᠷᠵᠢᠭᠤᠨ ᠦᠢ᠍ᠯᠡᠴᠢᠯᠡᠭᠡ ᠵᠢ ᠪᠡᠶᠡᠯᠡᠭᠦᠯᠬᠦ ᠠᠷᠭ᠎ᠠ ᠵᠠᠮ ᠪᠠ ᠳᠡᠭᠡᠳᠦ ᠲᠠᠰ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠥᠭᠵᠢᠯᠲᠡ ᠵᠢᠨ ᠢᠷᠡᠭᠡᠳᠦᠢ ᠵᠢᠨ ᠲᠤᠬᠠᠢ ᠨᠡᠶ᠋ᠢᠲᠡ ᠵᠢᠨ ᠪᠠᠢ᠌ᠷᠢ ᠵᠢᠨ ᠬᠠᠷᠢᠭᠤᠴᠠᠯᠭ᠋ᠠᠲᠠᠨ᠎ᠲᠠᠢ ᠰᠠᠨᠠᠯ ᠵᠶ᠋ᠠᠨ ᠰᠤᠯᠢᠯᠴᠠᠬᠰᠠᠨ ᠪᠠᠢ᠌ᠨ᠎ᠠ᠃
ᠴᠢ ᠪᠠᠳᠤ ᠬᠣᠷᠢᠨᠭᠡᠷ ᠰᠢᠨ᠎ᠡ ᠲᠣᠭᠣᠷᠢᠭ᠎ᠤᠨ 《ᠶᠦᠨ ᠵᠧᠦ ᠰᠢ ᠹᠦ᠋》 ᠨᠠᠰᠤᠵᠢᠯ᠎ᠤᠨ ᠨᠡᠢ᠌ᠭᠡᠮ ᠲᠣᠭᠣᠷᠢᠭ᠎ᠲᠤ ᠨᠡᠢ᠌ᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠲᠠᠰᠤᠭ᠂ ᠬᠠᠭᠤᠴᠢᠨ ᠬᠣᠭᠣᠯᠠᠨ ᠭᠡᠷ᠂ ᠣᠷᠣᠨ ᠰᠠᠭᠤᠴᠠ ᠵᠢᠨ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ ᠵᠢᠨ ᠪᠠᠢ᠌ᠳᠠᠯ ᠵᠡᠷᠭᠡ ᠨᠡᠢ᠌ᠭᠡᠮ ᠲᠣᠭᠣᠷᠢᠭ᠎ᠤᠨ ᠨᠠᠰᠤᠲᠠᠢ᠌ᠴᠤᠳ᠎ᠲᠤ ᠦᠢ᠍ᠯᠡᠴᠢᠯᠡᠬᠦ ᠲᠥᠬᠦᠭᠡᠷᠦᠮᠵᠢ ᠵᠢᠨ ᠦᠢ᠍ᠯᠡᠳᠦᠯ᠎ᠢ ᠪᠠᠳᠠᠷᠠᠭᠤᠯᠤᠭᠰᠠᠨ ᠪᠠᠢ᠌ᠳᠠᠯ ᠪᠣᠯᠣᠨ ᠦᠢ᠍ᠯᠡᠴᠢᠯᠡᠭᠡ ᠬᠠᠩᠭ᠋ᠠᠵᠤ ᠪᠠᠢ᠌ᠭ᠎ᠠ ᠪᠠᠢ᠌ᠳᠠᠯ᠎ᠳᠤ ᠪᠠᠢ᠌ᠴᠠᠭ᠋ᠠᠨ ᠰᠤᠳᠤᠯᠵᠤ᠂ ᠨᠡᠢ᠌ᠭᠡᠮ ᠲᠣᠭᠣᠷᠢᠭ᠎ᠤᠨ ᠡᠮᠴᠢᠯᠡᠭᠡ ᠰᠤᠪᠢᠯᠠᠯᠲᠠ ᠵᠢ ᠤᠶᠠᠯᠳᠤᠭᠤᠯᠤᠭᠰᠠᠨ ᠡᠵᠡᠩᠨᠡᠯᠲᠡ ᠵᠢᠨ ᠵᠠᠭᠪᠤᠷ᠎ᠢ ᠨᠠᠷᠢᠨ ᠤᠢ᠌ᠯᠠᠭ᠋ᠠᠬᠰᠠᠨ᠎ᠤ ᠬᠠᠮᠳᠤ ᠨᠡᠢ᠌ᠭᠡᠮ ᠲᠣᠭᠣᠷᠢᠭ᠎ᠤᠨ ᠨᠠᠰᠤᠲᠠᠢ᠌ᠴᠤᠳ᠎ᠲᠤ ᠦᠢ᠍ᠯᠡᠴᠢᠯᠡᠬᠦ ᠴᠢᠳᠠᠪᠬᠢ ᠵᠢᠨ ᠪᠠᠢ᠌ᠷᠢ ᠲᠣᠭᠲᠠᠭ᠋ᠠᠯᠲᠠ᠂ ᠦᠨᠳᠦᠰᠦᠨ ᠵᠢᠷᠤᠮᠵᠢᠯ᠂ ᠦᠢ᠍ᠯᠡᠴᠢᠯᠡᠭᠡ ᠵᠢ ᠲᠡᠭᠡᠭᠰᠢᠯᠡᠬᠦᠯᠬᠦ ᠵᠢᠨ ᠲᠣᠭᠣᠷᠢᠨ᠎ᠳᠤ ᠨᠡᠢ᠌ᠭᠡᠮ ᠲᠣᠭᠣᠷᠢᠭ᠎ᠤᠨ ᠬᠠᠷᠢᠭᠤᠴᠠᠯᠭ᠋ᠠᠲᠠᠨ᠎ᠲᠠᠢ ᠰᠣᠯᠢᠯᠴᠠᠪᠠ᠃
ᠦᠪᠡᠷᠳᠡᠬᠡᠨ ᠵᠠᠰᠠᠬᠤ ᠤᠷᠤᠨ᠎ᠤ ᠲᠡᠳ᠋ ᠲᠡᠷᠢᠬᠦᠯᠡᠭᠴᠢ ᠴᠢ ᠪᠠᠳᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠨᠠᠰᠤᠵᠢᠯ᠎ᠤᠨ ᠠᠰᠠᠷᠠᠮᠵᠢ ᠵᠢᠨ ᠦᠨᠳᠦᠰᠦᠨ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠲᠠ᠎ᠳᠤ ᠲᠤᠯᠤᠭ᠋ᠠᠢ᠌ᠯᠠᠬᠤ ᠬᠠᠷᠢᠭᠤᠴᠠᠯᠭ᠎ᠠ ᠵᠢ ᠵᠠᠪᠠᠯ ᠨᠠᠢ᠌ᠳᠠᠪᠤᠷᠢᠵᠢᠭᠤᠯᠵᠤ᠂ ᠨᠠᠰᠤᠵᠢᠯ᠎ᠤᠨ ᠠᠰᠠᠷᠠᠮᠵᠢ ᠵᠢᠨ ᠳᠡᠭᠡᠳᠦ ᠲᠠᠰ᠎ᠤᠨ ᠪᠠᠢ᠌ᠭᠤᠯᠤᠮᠵᠢ ᠵᠢ ᠬᠥᠭᠵᠢᠭᠦᠯᠬᠦ ᠲᠤᠬᠠᠢ ᠰᠦᠨ ᠱᠣᠸ᠋ ᠴᠧᠩ ᠱᠦᠵᠢ ᠵᠢᠨ ᠴᠣᠬᠣᠯᠠᠪᠤᠷᠢ ᠵᠢᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠵᠢᠱ᠌ᠢᠶ᠎ᠡ ᠦᠵᠡᠭᠦᠯᠬᠦ ᠨᠠᠰᠤᠲᠠᠢ᠌ᠴᠤᠳ᠎ᠤᠨ ᠨᠡᠶ᠋ᠢᠲᠡ ᠵᠢᠨ ᠪᠠᠢ᠌ᠷᠢ ᠵᠢᠨ ᠲᠥᠷᠥᠯ ᠵᠦᠢ᠍ᠯ ᠵᠶ᠋ᠡᠷ ᠵᠢᠯᠣᠭᠣᠳᠤᠯᠭ᠎ᠠ ᠪᠣᠯᠭ᠋ᠠᠵᠤ᠂ ᠪᠠᠢ᠌ᠭᠤᠯᠤᠮᠵᠢ ᠵᠢᠨ ᠨᠠᠰᠤᠵᠢᠯ᠎ᠤᠨ ᠠᠰᠠᠷᠠᠮᠵᠢ ᠵᠢᠨ ᠲᠠᠩᠰᠠ ᠡᠪᠬᠡᠮᠡᠯ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠠᠬᠢᠭᠤᠯᠬᠤ ᠬᠡᠷᠡᠭᠲᠡᠢ᠃ ᠭᠡᠷ ᠲᠤᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠡᠵᠡᠩᠨᠡᠯᠲᠡ ᠵᠢᠨ ᠴᠢᠳᠠᠪᠤᠷᠢ ᠪᠠ ᠦᠢ᠍ᠯᠡᠴᠢᠯᠡᠭᠡᠨ᠎ᠤ ᠲᠦᠪᠰᠢᠨ᠎ᠢ ᠴᠢᠷᠮᠠᠢ᠌ᠨ ᠳᠡᠭᠡᠭᠰᠢᠯᠡᠭᠦᠯᠵᠦ᠂ ᠨᠠᠰᠤᠲᠠᠢ᠌ᠴᠤᠳ᠎ᠲᠤ ᠨᠠᠩ ᠣᠯᠠᠨ ᠨᠠᠩ ᠰᠢᠯᠢᠳᠡᠭ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠬᠦᠷᠲᠡᠭᠡᠵᠦ᠂ ᠨᠠᠰᠤᠲᠠᠢ᠌ᠴᠤᠳ᠎ᠤᠨ ᠣᠯᠠᠨ ᠲᠠᠰ᠂ᠣᠯᠠᠨ ᠶᠠᠩᠵᠤ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠡᠷᠡᠭᠴᠡᠭᠡ ᠵᠢ ᠨᠠᠩ ᠰᠠᠢ᠌ᠨ ᠬᠠᠩᠭ᠋ᠠᠬᠤ ᠬᠡᠷᠡᠭᠲᠡᠢ ᠭᠡᠵᠤ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠯᠢᠦ ᠴᠧᠩ ᠮᠢᠨ᠂ ᠬᠥᠬᠡᠬᠣᠲᠠ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠬᠠᠮᠳᠤ ᠪᠠᠢ᠌ᠴᠠᠭ᠋ᠠᠨ ᠰᠤᠳᠤᠯᠵᠠᠢ᠃