ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ 2023 ᠣᠨ᠎ᠤ ᠲᠤᠰᠬᠠᠢ ᠰᠡᠳᠦᠪᠲᠦ ᠪᠣᠯᠪᠠᠰᠤᠷᠠᠯ᠎ᠢ ᠱᠠᠩᠬᠠᠢ᠎ᠳᠤ ᠠᠮᠵᠢᠯᠳᠠ᠎ᠲᠠᠢ ᠡᠷᠬᠢᠯᠡᠪᠡ
ᠨᠡᠶᠢᠲᠡᠯᠡᠭᠰᠡᠨ ᠴᠠᠭ᠄ 2023-11-09

    ᠥᠪᠥᠷ ᠮᠣᠩᠭᠣᠯ᠎ᠤᠨ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ 2023 ᠣᠨ᠎ᠤ ᠲᠤᠰᠬᠠᠢ ᠰᠡᠳᠦᠪᠲᠦ ᠪᠣᠯᠪᠠᠰᠤᠷᠠᠯ᠎ᠢ 10 ᠳ᠋ᠤᠭ᠋ᠠᠷ ᠰᠠᠷ᠎ᠠ ᠵᠢᠨ 31᠎ᠠᠴᠠ 11 ᠳ᠋ᠤᠬᠡᠷ ᠰᠠᠷ᠎ᠠ ᠵᠢᠨ 3᠎ᠤ ᠡᠳᠦᠷ ᠱᠠᠩᠬᠠᠢ᠎ᠳᠤ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ᠂ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠬᠥᠩ ᠸᠧᠢ ᠴᠦᠨ ᠰᠤᠷᠤᠯᠭ᠎ᠠ ᠲᠡᠭᠦᠰᠬᠦ ᠶᠣᠰᠣᠯᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
   ᠬᠥᠩ ᠸᠧᠢ ᠴᠦᠨ᠂ ᠲᠣᠰ ᠤᠳᠠᠭ᠋ᠠᠨ᠎ᠤ ᠲᠤᠰᠬᠠᠢ ᠰᠡᠳᠦᠪᠲᠦ ᠪᠣᠯᠪᠠᠰᠤᠷᠠᠯ ᠪᠣᠯ ᠱᠠᠩᠬᠠᠢ ᠥᠪᠥᠷ ᠮᠣᠩᠭᠣᠯ ᠬᠣᠶᠠᠷ ᠭᠠᠵᠠᠷ᠎ᠤᠨ ᠵᠠᠰᠠᠭ᠎ᠤᠨ ᠣᠷᠳᠣᠨ᠎ᠤ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠪᠦᠳᠦᠭᠦᠪᠴᠢ ᠵᠥᠪᠯᠡᠯᠴᠡᠭᠡᠷ ᠪᠠ ᠬᠣᠶᠠᠷ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠬᠡᠦᠬᠡᠳ᠎ᠤᠨ ᠠᠰᠠᠷᠠᠮᠵᠢ ᠵᠢᠨ ᠭᠦᠷᠢᠶ᠎ᠡ ᠴᠠᠷᠠᠭ᠎ᠠ᠎ᠳᠤ᠎ᠬᠢ ᠰᠣᠯᠢᠯᠴᠠᠭ᠎ᠠ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠵᠥᠪᠯᠡᠯᠴᠡᠭᠡᠷ᠎ᠢ ᠨᠠᠢ᠌ᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠮᠥᠨ᠂ ᠡᠨᠡ᠎ᠨᠢ ᠬᠣᠶᠠᠷ ᠭᠠᠵᠠᠷ᠎ᠤᠨ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠲᠣᠰ ᠪᠣᠯᠪᠠᠰᠤᠷᠠᠯ᠎ᠳᠤ  ᠤᠷᠤᠯᠴᠠᠬᠰᠠᠳ ᠰᠤᠷᠤᠯᠴᠠᠯᠭ᠎ᠠ ᠵᠢᠨ ᠦᠷ᠎ᠡ ᠪᠦᠲᠦᠭᠡᠯ ᠵᠶ᠋ᠡᠨ ᠠᠵᠢᠯ ᠬᠢᠵᠦ ᠦᠢ᠍ᠯᠡᠰ ᠪᠦᠳᠤᠬᠡᠬᠦ᠂ ᠬᠠᠷᠢᠭᠤᠴᠠᠯᠭ᠎ᠠ ᠡᠭᠦᠷᠭᠡᠯᠡᠵᠦ ᠠᠵᠢᠯᠯᠠᠬᠤ ᠪᠣᠳᠠᠲᠤ ᠠᠵᠢᠯᠯᠠᠭ᠎ᠠ ᠪᠣᠯᠭ᠋ᠠᠨ᠂ ᠱᠠᠩᠬᠠᠢ ᠥᠪᠥᠷ ᠮᠣᠩᠭᠣᠯ ᠬᠣᠶᠠᠷ ᠭᠠᠵᠠᠷ᠎ᠤᠨ ᠭᠦᠨ ᠵᠤᠵᠠᠭ᠋ᠠᠨ ᠨᠥᠬᠥᠷᠯᠡᠯ᠎ᠢ ᠬᠡᠦᠬᠡᠳ᠎ᠤᠨ ᠠᠰᠠᠷᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠰᠣᠯᠢᠯᠴᠠᠭ᠎ᠠ ᠬᠠᠮᠲᠤᠷᠠᠯᠴᠠᠭ᠎ᠠ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠵᠢ ᠬᠦᠰᠡᠵᠦ ᠪᠠᠢ᠌ᠨ᠎ᠠ ᠭᠡᠵᠡᠢ᠃
    ᠬᠥᠩ ᠸᠧᠢ ᠴᠦᠨ᠂ ᠪᠦᠬᠦ ᠣᠷᠣᠨ᠎ᠤ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ᠎ᠨᠤᠭᠤᠳ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ  ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠬᠦ᠎ᠪᠠᠷ ᠠᠵᠠ ᠲᠣᠬᠢᠶᠠᠯ ᠪᠣᠯᠭ᠋ᠠᠵᠤ᠂ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ 《ᠨᠠᠷᠢᠯᠢᠭ ᠬᠠᠮᠢᠶᠠᠷᠤᠯᠲᠠ ᠨᠠᠷᠢᠯᠢᠭ ᠦᠢ᠍ᠯᠡᠴᠢᠯᠡᠭᠡ》 ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠠᠵᠢᠯᠲᠠᠨ᠎ᠤ ᠡᠩᠨᠡᠭᠡ ᠵᠢᠨ ᠲᠤᠰᠬᠠᠢ᠌ᠵᠢᠯᠲᠠ ᠵᠢᠨ ᠪᠠᠢ᠌ᠭᠤᠯᠤᠯᠲᠠ᠂ ᠳᠦᠷᠢᠮ ᠲᠣᠭᠲᠠᠴᠠ ᠵᠢᠨ ᠵᠢᠷᠤᠮᠵᠢᠭᠤᠯᠤᠯᠲᠠ ᠵᠢᠨ ᠪᠠᠢ᠌ᠭᠤᠯᠤᠯᠲᠠ᠂ ᠬᠠᠮᠢᠶᠠᠷᠤᠯᠲᠠ ᠦᠢ᠍ᠯᠡᠴᠢᠯᠡᠭᠡ ᠵᠢᠨ ᠪᠠᠷᠢᠮᠵᠢᠶᠠᠵᠢᠭᠤᠯᠤᠯᠲᠠ ᠵᠢᠨ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠪᠡᠯᠡᠳᠬᠡᠯ᠎ᠢ ᠲᠥᠬᠦᠭᠡᠷᠦᠮᠵᠢ ᠵᠢᠨ ᠲᠠᠩᠰᠠ ᠡᠪᠬᠡᠮᠡᠯ᠎ᠢ ᠲᠠᠰ ᠳᠡᠪᠰᠢᠭᠦᠯᠬᠦ ᠵᠢ ᠲᠠᠰᠤᠷᠠᠯᠲᠠ ᠦᠭᠡᠢ ᠠᠬᠢᠭᠤᠯᠵᠤ᠂ ᠰᠢᠨ᠎ᠡ ᠴᠠᠭ ᠦᠶ᠎ᠡ ᠵᠢᠨ ᠬᠡᠦᠬᠡᠳ᠎ᠤᠨ ᠠᠰᠠᠷᠠᠮᠵᠢ ᠵᠢᠨ ᠠᠵᠢᠯ᠎ᠤᠨ ᠨᠠᠩ ᠲᠤᠰᠬᠠᠢ ᠮᠡᠷᠭᠡᠵᠢᠯ᠎ᠤᠨ᠂ ᠨᠠᠩ ᠴᠢᠨᠠᠷᠵᠢᠭᠤᠨ᠂ ᠨᠠᠩ ᠦᠷ᠎ᠡ ᠪᠦᠲᠦᠮᠵᠢ᠎ᠲᠠᠢ ᠦᠢ᠍ᠯᠡᠴᠢᠯᠡᠭᠡᠨ᠎ᠤ  ᠰᠢᠰᠲᠸᠮ᠎ᠢ ᠢᠳᠡᠪᠬᠢᠲᠡᠢ ᠪᠠᠢ᠌ᠭᠤᠯᠵᠤ᠂ ᠪᠥᠬᠥ ᠣᠷᠣᠨ᠎ᠤ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠠᠰᠠᠷᠠᠨ ᠲᠡᠵᠢᠭᠡᠬᠦ᠂ ᠵᠠᠰᠠᠬᠤ᠂ ᠰᠤᠷᠭ᠋ᠠᠨ ᠬᠥᠮᠥᠵᠢᠭᠦᠯᠬᠦ᠂ ᠡᠷᠡᠭᠦᠯ ᠮᠡᠨᠳᠦ᠂ ᠠᠮᠤᠷ ᠲᠦᠪᠰᠢᠨ᠂ ᠨᠡᠢ᠌ᠭᠡᠮ᠎ᠤᠨ ᠠᠵᠢᠯ᠎ᠤᠨ ᠨᠢᠭᠡ ᠴᠣᠭᠴᠠᠵᠢᠭᠰᠠᠨ ᠴᠢᠨᠠᠷ ᠰᠠᠢ᠌ᠲᠠᠢ ᠬᠥᠭᠵᠢᠯᠲᠡ᠎ᠳᠤ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠳᠠᠪᠠᠯᠲᠠ ᠵᠢ ᠪᠡᠶᠡᠯᠡᠭᠦᠯᠬᠦ ᠵᠢ  ᠠᠬᠢᠭᠤᠯᠬᠤ ᠬᠡᠷᠡᠭᠳᠡᠢ ᠭᠡᠵᠤ ᠬᠡᠯᠡᠪᠡ᠃
   ᠱᠠᠩᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠡᠦᠬᠡᠳ᠎ᠤᠨ ᠠᠰᠠᠷᠠᠮᠵᠢ ᠵᠢᠨ ᠭᠠᠵᠠᠷ᠂ ᠱᠠᠩᠬᠠᠢ ᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠡᠦᠬᠡᠳ᠎ᠤᠨ ᠠᠰᠠᠷᠠᠮᠵᠢ ᠵᠢᠨ ᠭᠠᠵᠠᠷ᠎ᠤᠨ ᠬᠠᠷᠢᠭᠤᠴᠠᠯᠭ᠋ᠠᠲᠠᠨ ᠨᠥᠬᠥᠳ ᠪᠠ ᠪᠣᠯᠪᠠᠰᠤᠷᠠᠯ᠎ᠤᠨ ᠠᠩᠭᠢ ᠵᠢᠨ ᠪᠥᠬᠥ ᠬᠦᠮᠦᠰ ᠪᠤᠯᠪᠠᠰᠤᠷᠠᠯ ᠲᠡᠬᠦᠰᠬᠦ ᠶᠤᠰᠤᠯᠠᠯ᠎ᠳᠤ ᠤᠷᠤᠯᠴᠠᠬᠰᠠᠨ ᠪᠠᠢ᠌ᠨ᠎ᠠ᠃
 


 



 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠪᠢᠳᠡ ᠠᠵᠢᠯᠯᠠᠭ᠎ᠠ ᠦᠷᠨᠢᠬᠦᠯᠵᠤ ᠪᠠᠢ᠌ᠨ᠎ᠠ》 ᠭᠡᠬᠦ ᠰᠢᠷᠢᠰ ᠮᠡᠳᠡᠭᠡᠯᠡᠯ (ᠬᠣᠷᠢᠨ ᠨᠢᠭᠡ)
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠲᠥᠪ᠎ᠤᠨ ᠲᠥᠰᠥᠪ᠎ᠤᠨ ᠳᠣᠲᠣᠷᠠᠬᠢ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠳᠠ ᠵᠢ ᠠᠬᠢᠭᠤᠯᠬᠤ ᠲᠠᠯ᠎ᠠ᠎ᠪᠠᠷ ᠦᠷᠬᠦᠯᠵᠢᠯᠡᠨ ᠬᠦᠴᠤᠯᠡᠵᠤ ᠪᠠᠢ᠌ᠨ᠎ᠠ
ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠠᠯᠪᠠᠨ ᠭᠡᠷ᠎ᠤᠨ ᠨᠠᠮ᠎ᠤᠨ ᠡᠭᠦᠷ᠎ᠤᠨ᠎ᠬᠢᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠦ᠂ ᠬᠣᠶᠠᠷ ᠨᠠᠮ᠎ᠤᠨ ᠭᠡᠰᠢᠭᠦᠨ᠎ᠳᠤ 《ᠨᠠᠮ᠎ᠳᠤ ᠤᠷᠤᠬᠰᠠᠨ ᠡᠳᠦᠷ》᠎ᠢ ᠬᠠᠮᠲᠤ᠎ᠪᠠᠷ ᠪᠡᠯᠬᠡᠯᠡᠵᠤ ᠦᠭᠪᠡ
ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠣᠯᠣᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ ᠨᠠᠮ᠎ᠤᠨ ᠡᠭᠦᠷ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠶᠡᠷᠦᠩᠬᠡᠢ ᠨᠡᠢ᠌ᠬᠡᠮᠯᠢᠭ᠎ᠤᠨ᠎ᠬᠢᠨ᠎ᠳᠤ ᠬᠦᠷᠴᠤ — 《ᠬᠣᠶᠠᠷ ᠭᠠᠵᠠᠷ᠎ᠲᠤ ᠤᠴᠢᠵᠤ ᠬᠣᠶᠠᠷ᠎ᠢ ᠠᠬᠢᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠦᠷᠨᠢᠬᠦᠯᠪᠡ
ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠤᠰᠠᠯᠠᠮᠵᠢ ᠵᠢᠨ ᠪᠡᠯᠡ ᠮᠥᠩᠭᠥ ᠲᠠᠷᠬᠠᠭ᠋ᠠᠬᠤ ᠠᠵᠢᠯ᠎ᠢ ᠰᠠᠢ᠌ᠲᠤᠷ ᠬᠢᠵᠦ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠳᠤᠯᠠᠵᠤ ᠪᠠᠢ᠌ᠨ᠎ᠠ
 
            