ᠱᠠᠩᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 11 ᠰᠠᠷ᠎ᠠ ᠵᠢᠨ 3᠎ᠤ ᠡᠳᠦᠷ 《ᠱᠠᠩᠬᠠᠢ ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠬᠣᠣᠰᠯᠠᠯ ᠪᠠᠢ᠌ᠭᠤᠯᠵᠤ ᠲᠤᠰᠠᠯᠠᠬᠤ ᠵᠦᠢ᠍ᠯᠡᠰ》᠎ᠤᠨ ᠶᠠᠷᠢᠯᠴᠠᠬᠤ ᠬᠤᠷᠠᠯ ᠬᠢᠪᠡ᠃ ᠱᠠᠩᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠣᠪᠴᠢᠶᠠᠨ᠎ᠤ ᠳᠡᠳ᠋ ᠳᠠᠷᠤᠭ᠎ᠠ ᠱᠧᠨ ᠮᠢᠨ ᠪᠣᠯᠣᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ᠂ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠬᠥᠩ ᠸᠧᠢ ᠴᠦᠨ ᠶᠠᠷᠢᠯᠴᠠᠬᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠱᠠᠩᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠡᠦᠬᠡᠳ᠎ᠤᠨ ᠠᠰᠠᠷᠠᠮᠵᠢ ᠵᠢᠨ ᠭᠠᠵᠠᠷ᠂ ᠰᠠᠭᠤᠷᠢ ᠮᠥᠩᠭᠥᠨ᠎ᠤ ᠨᠡᠢ᠌ᠭᠡᠮᠯᠢᠭ᠎ᠤᠨ ᠬᠠᠮᠢᠶᠠᠷᠤᠯᠲᠠ ᠵᠢᠨ ᠭᠠᠵᠠᠷ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠡᠦᠬᠡᠳ᠎ᠤᠨ ᠠᠰᠠᠷᠠᠮᠵᠢ ᠵᠢᠨ ᠭᠠᠵᠠᠷ᠎ᠤᠨ ᠬᠠᠷᠢᠭᠤᠴᠠᠯᠭ᠋ᠠᠲᠠᠨ ᠨᠥᠬᠥᠳ᠂ ᠬᠣᠣᠰᠯᠠᠯ ᠪᠠᠢ᠌ᠭᠤᠯᠤᠨ ᠲᠤᠰᠠᠯᠠᠬᠤ᠎ᠳᠤ ᠣᠷᠣᠯᠴᠠᠭᠰᠠᠨ 8 ᠰᠠᠭᠤᠷᠢ ᠮᠥᠩᠭᠥᠨ᠎ᠤ ᠨᠡᠢ᠌ᠭᠡᠮᠯᠢᠭ᠂ 8 ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠲᠥᠯᠥᠭᠡᠯᠡᠭᠴᠢ ᠶᠠᠷᠢᠯᠴᠠᠬᠤ ᠬᠤᠷᠠᠯ᠎ᠳᠤ ᠣᠷᠣᠯᠴᠠᠪᠠ᠃
ᠱᠠᠩᠬᠠᠢ ᠥᠪᠥᠷ ᠮᠣᠩᠭᠣᠯ ᠬᠣᠶᠠᠷ ᠭᠠᠵᠠᠷ᠎ᠤᠨ ᠬᠡᠦᠬᠡᠳ᠎ᠤᠨ ᠠᠰᠠᠷᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠬᠠᠮᠲᠤᠷᠠᠯᠴᠠᠭ᠎ᠠ ᠰᠣᠯᠢᠯᠴᠠᠭ᠋ᠠᠨ᠎ᠤ ᠬᠡᠯᠡᠯᠴᠡᠭᠡᠷ᠎ᠢ ᠨᠠᠢ᠌ᠳᠠᠪᠤᠷᠢᠵᠢᠭᠤᠯᠬᠤ ᠵᠢᠨ ᠲᠥᠯᠥᠭᠡ ᠱᠠᠩᠬᠠᠢ ᠬᠣᠲᠠ ᠵᠢᠨ ᠰᠠᠭᠤᠷᠢ ᠮᠥᠩᠭᠥᠨ᠎ᠤ 8 ᠨᠡᠢ᠌ᠭᠡᠮᠯᠢᠭ᠎ᠤᠨ᠎ᠬᠢᠨ 2021 ᠤᠨ᠎ᠤ 9 ᠳ᠋ᠤᠬᠡᠷ ᠰᠠᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 8 ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠲᠠᠢ ᠲᠣᠰ ᠲᠣᠰ ᠬᠣᠣᠰᠯᠠᠨ ᠲᠤᠰᠠᠯᠠᠬᠤ ᠪᠦᠳᠦᠭᠦᠪᠴᠢ ᠬᠡᠯᠡᠯᠴᠡᠭᠡᠷ᠎ᠲᠤ ᠭᠠᠷᠤᠨ ᠥᠰᠥᠭ ᠵᠢᠷᠤᠵᠤ᠂ 2021 ᠣᠨ᠎ᠠᠴᠠ 2026 ᠣᠨ ᠪᠣᠯᠲᠠᠯ᠎ᠠ ᠲᠤᠰᠬᠠᠢ ᠪᠡᠯᠡ ᠮᠥᠩᠭᠥ ᠪᠠᠶ᠋ᠢᠭᠤᠯᠬᠤ᠂ ᠲᠥᠷᠥᠯ ᠵᠦᠢᠯᠴᠢᠯᠡᠬᠦ ᠠᠷᠭ᠎ᠠ᠎ᠪᠠᠷ ᠲᠤᠰᠠᠯᠠᠮᠵᠢ ᠭᠥᠷᠳᠡᠬᠦ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠳᠤ ᠶᠡᠷᠦᠩᠬᠡᠢ ᠥᠷᠲᠡᠭ᠎ᠨᠢ 800 ᠲᠦᠮᠡᠨ ᠲᠥᠭᠥᠷᠢᠭ᠎ᠠᠴᠠ ᠳᠣᠣᠷ᠎ᠠ ᠦᠭᠡᠢ ᠲᠤᠰᠠᠯᠠᠮᠵᠢ ᠵᠢᠨ ᠡᠳ᠋ ᠪᠣᠳᠠᠰ ᠪᠤᠶᠤ ᠦᠢ᠍ᠯᠡᠴᠢᠯᠡᠭᠡ ᠬᠠᠡᠭᠭ᠋ᠠᠬᠤ᠎ᠪᠠᠷ ᠪᠤᠯᠪᠠ᠃ ᠰᠠᠭᠤᠷᠢ ᠮᠥᠩᠭᠥᠨ᠎ᠤ ᠨᠡᠢ᠌ᠭᠡᠮᠯᠢᠭ ᠪᠣᠯᠣᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ᠎ᠬᠢᠨ ᠬᠣᠶᠠᠷ ᠵᠢᠯ ᠭᠠᠷᠤᠢ ᠵᠢᠨ ᠲᠤᠷᠰᠢ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠢᠳᠡᠪᠬᠢᠲᠡᠢ᠎ᠪᠠᠷ ᠠᠷᠭ᠎ᠠ ᠰᠦᠪᠡᠭᠴᠢᠯᠡᠵᠦ᠂ ᠤᠨᠢᠨ ᠳᠡᠭᠡᠷ᠎ᠡ᠎ᠨᠢ ᠵᠣᠯᠭ᠋ᠠᠭᠤᠯᠵᠤ᠂ ᠲᠦᠷᠦᠯ ᠵᠦᠢ᠍ᠯ᠎ᠤᠨ ᠬᠡᠷᠡᠭᠵᠢᠭᠦᠯᠦᠯᠲᠡ ᠵᠢ ᠴᠢᠨᠠᠷ ᠰᠠᠢ᠌ᠲᠠᠢ ᠠᠬᠢᠭᠤᠯᠵᠤ᠂ ᠬᠡᠦᠬᠡᠳ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠪᠦᠲᠦᠮᠵᠢᠲᠡᠢ ᠬᠠᠷᠢᠭᠤᠯᠲᠠ ᠥᠭᠴᠦ᠂ ᠥᠨᠥᠴᠢᠨ ᠵᠡᠮᠳᠡᠭ ᠬᠡᠦᠬᠡᠳ᠎ᠤᠨ ᠠᠰᠠᠷᠠᠨ ᠲᠡᠵᠢᠭᠡᠬᠦ ᠰᠤᠷᠭ᠋ᠠᠨ ᠬᠥᠮᠥᠵᠢᠭᠦᠯᠬᠦ ᠡᠷᠡᠭᠦᠯ ᠮᠡᠨᠳᠦ ᠵᠢᠨ ᠲᠦᠪᠰᠢᠨ᠎ᠢ ᠪᠦᠲᠦᠮᠵᠢᠲᠡᠢ ᠳᠡᠭᠡᠭᠰᠢᠯᠡᠭᠦᠯᠪᠡ᠃
ᠶᠠᠷᠢᠯᠴᠠᠬᠤ ᠬᠤᠷᠠᠯ ᠳᠡᠭᠡᠷ᠎ᠡ ᠱᠠᠩᠬᠠᠢ ᠥᠪᠥᠷ ᠮᠣᠩᠭᠣᠯ ᠬᠣᠶᠠᠷ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠪᠣᠯᠣᠨ ᠬᠣᠣᠰᠯᠠᠯ ᠪᠠᠢ᠌ᠭᠤᠯᠤᠭᠰᠠᠨ ᠰᠠᠭᠤᠷᠢ ᠮᠥᠩᠭᠥᠨ᠎ᠤ ᠨᠡᠢ᠌ᠭᠡᠮᠯᠢᠭ᠂ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ᠎ᠬᠢᠨ ᠬᠣᠣᠰᠯᠠᠯ ᠪᠠᠢ᠌ᠭᠤᠯᠤᠭᠰᠠᠨ ᠲᠤᠰᠠᠯᠠᠮᠵᠢ ᠵᠢᠨ ᠲᠥᠷᠥᠯ ᠵᠦᠢ᠍ᠯ᠎ᠤᠨ ᠣᠯᠣᠭᠰᠠᠨ ᠠᠮᠵᠢᠯᠲᠠ ᠪᠦᠲᠦᠮᠵᠢ᠎ᠪᠠᠨ ᠭᠦᠨᠵᠡᠭᠡᠢ ᠰᠣᠯᠢᠯᠴᠠᠭᠰᠠᠨ ᠪᠥᠭᠡᠳ ᠲᠠᠷᠠᠭ᠋ᠠᠴᠢ ᠵᠢᠨ ᠲᠥᠷᠥᠯ ᠵᠦᠢ᠍ᠯ᠎ᠤᠨ ᠭᠦᠨᠵᠡᠭᠡᠢ᠌ᠷᠡᠨ ᠪᠣᠳᠠᠲᠠᠢ᠌ᠵᠢᠬᠤ ᠵᠢ ᠬᠠᠮᠲᠤ᠎ᠪᠠᠷ ᠠᠬᠢᠭᠤᠯᠬᠤ ᠲᠠᠯ᠎ᠠ᠎ᠪᠠᠷ ᠬᠠᠮᠲᠤ ᠵᠢᠨ ᠲᠠᠨᠢᠯᠲᠠ᠎ᠲᠠᠢ ᠪᠣᠯᠪᠠ᠃ ᠬᠣᠶᠠᠷ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠪᠣᠯᠣᠨ ᠬᠣᠯᠪᠣᠭ᠎ᠠ ᠪᠠᠶ᠋ᠢᠭᠤᠯᠬᠤ ᠰᠠᠭᠤᠷᠢ ᠮᠥᠩᠭᠥᠨ᠎ᠤ ᠨᠡᠢ᠌ᠭᠡᠮᠯᠢᠭ᠂ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ᠎ᠬᠢᠨ᠂ 《ᠱᠠᠩᠬᠠᠢ ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠬᠣᠣᠰᠯᠠᠨ ᠲᠤᠰᠠᠯᠠᠯᠴᠠᠬᠤ ᠲᠦᠷᠦᠯ ᠵᠦᠢ᠍ᠯ》 ᠪᠣᠯ ᠱᠠᠩᠬᠠᠢ ᠥᠪᠥᠷ ᠮᠣᠩᠭᠣᠯ ᠬᠣᠶᠠᠷ ᠭᠠᠵᠠᠷ᠎ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠦᠨᠳᠦᠰᠦᠲᠡᠨ᠎ᠤ ᠪᠦᠯᠬᠦᠮᠳᠡᠯ᠎ᠤᠨ ᠵᠣᠷᠢᠭ ᠰᠠᠨᠠᠭ᠎ᠠ ᠵᠢ ᠵᠠᠯᠭ᠋ᠠᠮᠵᠢᠯᠠᠨ ᠪᠠᠳᠠᠷᠠᠭᠤᠯᠵᠤ᠂ ᠰᠢᠨ᠎ᠡ ᠴᠠᠭ ᠦᠶ᠎ᠡ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠣᠳᠠᠲᠠᠢ ᠠᠷᠭ᠎ᠠ ᠪᠦᠬᠡᠳ ᠪᠣᠳᠠᠲᠠᠢ ᠠᠵᠢᠯᠯᠠᠭ᠎ᠠ ᠵᠢ ᠭᠠᠷ ᠬᠣᠯᠪᠣᠨ ᠪᠢᠴᠢᠭᠯᠡᠵᠦ᠂ ᠱᠠᠩᠬᠠᠢ ᠥᠪᠥᠷ ᠮᠣᠩᠭᠣᠯ ᠬᠣᠶᠠᠷ ᠭᠠᠵᠠᠷ᠎ᠤᠨ ᠥᠨᠥᠴᠢᠨ ᠵᠡᠮᠳᠡᠭ ᠬᠡᠦᠬᠡᠳ᠎ᠤᠨ ᠡᠷᠡᠭᠦᠯ ᠵᠶ᠋ᠡᠷ ᠦᠰᠦᠨ ᠪᠣᠢ᠌ᠵᠢᠬᠤ ᠵᠢ ᠬᠠᠮᠳᠤ᠎ᠪᠠᠷ ᠰᠠᠬᠢᠨ ᠬᠠᠮᠠᠭ᠋ᠠᠯᠠᠬᠤ ᠭᠦᠨ ᠵᠤᠵᠠᠭ᠋ᠠᠨ ᠬᠠᠢ᠌ᠷ᠎ᠠ ᠰᠡᠳᠬᠢᠯᠭᠡ ᠵᠢ ᠨᠢᠭᠲᠠᠷᠠᠭᠤᠯᠤᠭᠰᠠᠨ ᠪᠠᠢ᠌ᠨ᠎ᠠ ᠭᠡᠵᠤ ᠦᠵᠡᠵᠡᠬᠡᠪᠡ᠃