ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠮᠠᠨ᠎ᠤ ᠠᠵᠢᠯᠯᠠᠭ᠎ᠠ》 ᠭᠡᠬᠦ ᠰᠢᠷᠢᠰ ᠮᠡᠳᠡᠭᠡᠯᠡᠯ (ᠬᠣᠷᠢᠨ ᠨᠠᠢ᠍ᠮᠠ)
ᠨᠡᠶᠢᠲᠡᠯᠡᠭᠰᠡᠨ ᠴᠠᠭ᠄ 2023-12-14

   ᠨᠠᠰᠤᠲᠠᠢ᠌ᠴᠤᠳ᠎ᠤᠨ ᠣᠶᠤᠨ ᠰᠠᠨᠠᠭ᠎ᠠ ᠰᠣᠶᠣᠯ᠎ᠤᠨ ᠠᠮᠢᠳᠤᠷᠠᠯ᠎ᠢ ᠪᠠᠶᠠᠯᠢᠬ᠍ᠵᠢᠭᠤᠯᠤᠨ᠂ ᠨᠠᠰᠤᠲᠠᠢ᠌ᠴᠤᠳ᠎ᠤᠨ ᠨᠡᠢ᠌ᠭᠡᠮ᠎ᠤᠨ ᠣᠷᠤᠯᠴᠠᠯᠭ᠎ᠠ ᠪᠠ ᠵᠣᠯ ᠵᠢᠷᠭ᠋ᠠᠯ᠎ᠤᠨ ᠵᠢᠭ᠋ᠠᠯᠲᠠ ᠲᠣᠭ᠎ᠠ ᠵᠢ ᠲᠡᠭᠡᠭᠰᠢᠯᠡᠬᠦᠯᠬᠦ ᠵᠢᠨ ᠲᠦᠯᠤᠬᠡ ᠬᠥᠬᠡᠬᠣᠲᠠ᠂ ᠬᠥᠯᠥᠨ ᠪᠣᠶ᠋ᠢᠷ ᠬᠣᠲᠠ᠂ ᠬᠢᠩᠭ᠋ᠠᠨ ᠠᠢ᠌ᠮᠠᠭ᠂ ᠪᠠᠶᠠᠨᠨᠠᠭᠤᠷ ᠬᠤᠳᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠲᠤᠬᠠᠢ ᠵᠢᠨ ᠭᠠᠵᠠᠷ᠎ᠤᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠳᠡᠮᠵᠢᠨ ᠵᠢᠯᠤᠭᠣᠳᠴᠤ᠂ ᠨᠠᠰᠤᠲᠠᠢ᠌ᠴᠤᠳ᠎ᠤᠨ ᠪᠡᠶ᠎ᠡ ᠰᠡᠳᠬᠢᠯ᠎ᠤᠨ ᠣᠨᠴᠠᠯᠢᠭ ᠪᠠ ᠠᠳᠠᠯᠢ ᠪᠤᠰᠤ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ ᠣᠯᠠᠨ ᠶᠠᠡᠭᠵᠤ ᠵᠢᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ᠎ᠤ ᠨᠠᠰᠤᠲᠠᠢ᠌ᠴᠤᠳ᠎ᠤᠨ ᠠᠩᠬᠠᠷᠤᠯ᠂ ᠬᠦᠷᠢᠶᠡᠯᠡᠯ᠎ᠢ ᠤᠯᠤᠬᠰᠠᠨ ᠪᠠᠢ᠌ᠨ᠎ᠠ᠃

W020231213381612587714.png


   ᠬᠥᠬᠡᠬᠣᠲᠠ ᠵᠢᠨ ᠲᠣᠭᠲᠠᠬᠤ ᠰᠢᠶᠠᠨ᠎ᠤ ᠰᠢᠨ ᠶᠢᠩᠽᠢ ᠪᠠᠯᠭ᠋ᠠᠰᠤᠨ᠎ᠤ ᠨᠡᠢ᠌ᠭᠡᠮ᠎ᠤᠨ ᠠᠵᠤ ᠦᠢ᠍ᠯᠡᠳᠪᠦᠷᠢ ᠵᠢᠨ ᠦᠷᠳᠡᠬᠡ  ᠵᠢᠨ᠎ᠬᠢᠨ ᠰᠢᠨ ᠶᠢᠩᠽᠢ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠵᠥᠪᠯᠡᠯ᠎ᠤᠨ᠎ᠬᠢᠨ᠎ᠲᠠᠢ ᠬᠠᠮᠲᠤᠷᠠᠨ  ᠨᠠᠰᠤᠲᠠᠢ᠌ᠴᠤᠳ᠎ᠤᠨ ᠰᠣᠨᠢᠷᠬᠠᠯᠲᠠᠢ ᠪᠡᠶ᠎ᠡ ᠵᠢᠨ ᠲᠠᠮᠢᠷ᠎ᠤᠨ ᠠᠵᠢᠯᠯᠠᠭ᠎ᠠ ᠥᠷᠨᠢᠭᠦᠯᠵᠡᠢ᠃ ᠨᠡᠢ᠌ᠭᠡᠮ᠎ᠤᠨ ᠠᠵᠢᠯᠲᠠᠨ ᠪᠠ ᠰᠠᠢ᠌ᠨ  ᠲᠤᠷᠠᠴᠤᠤᠯ᠎ᠤᠨ ᠵᠣᠬᠢᠶᠠᠨ ᠪᠠᠢ᠌ᠭᠤᠯᠤᠯᠲᠠ ᠳᠣᠣᠷ᠎ᠠ ᠨᠠᠰᠤᠲᠠᠢ᠌ᠴᠤᠳ ᠲᠡᠪᠡᠭ ᠢᠰᠬᠦᠯᠬᠦ᠂ ᠮᠦᠬᠡᠷᠰᠤᠨ ᠪᠥᠮᠪᠥᠭᠡ  ᠵᠦᠬᠡᠬᠡᠬᠦ ᠵᠡᠷᠭᠡ ᠲᠣᠭᠯᠠᠭ᠋ᠠᠮ᠎ᠳᠤ ᠢᠳᠡᠪᠬᠢᠲᠡᠢ ᠣᠷᠣᠯᠴᠠᠵᠤ᠂ ᠰᠠᠭᠤᠭ᠋ᠠᠯᠢ ᠠᠷᠠᠳ᠎ᠤᠨ ᠨᠡᠪᠲᠡᠷᠡᠯᠴᠡᠭᠡ ᠰᠣᠯᠢᠯᠴᠠᠭ᠎ᠠ ᠪᠠ ᠨᠡᠢ᠌ᠭᠡᠮ ᠲᠣᠭᠣᠷᠢᠭ᠎ᠤᠨ ᠨᠢᠭᠲᠠᠷᠠᠯ᠎ᠤᠨ ᠬᠦᠴᠦᠨ᠎ᠢ ᠴᠢᠩᠭ᠋ᠠᠳᠬᠠᠨ᠂ ᠨᠠᠰᠤᠲᠠᠢ᠌ᠴᠤᠳ᠎ᠤᠨ 《ᠦᠳᠡᠯᠦᠭᠰᠡᠨ ᠴᠦ᠍ ᠬᠢᠬᠦ ᠶᠠᠭᠤᠮ᠎ᠠ᠎ᠲᠠᠢ᠂ ᠦᠳᠡᠯᠤᠬᠡ ᠨᠠᠰᠤᠨ᠎ᠤ᠎ᠪᠠᠨ ᠪᠠᠶᠠᠷ ᠬᠦᠷ᠎ᠲᠠᠢ ᠪᠠᠢ᠌ᠬᠤ》 ᠣᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠭᠦᠢ᠍ᠴᠡᠳ ᠢᠯᠡᠷᠡᠭᠦᠯᠪᠡ᠃

W020231213381612651637.png


   ᠬᠥᠯᠥᠨ ᠪᠣᠶ᠋ᠢᠷ ᠬᠣᠲᠠ ᠵᠢᠨ ᠵᠠᠯᠠᠶ᠋ᠢᠨᠠᠭᠤᠷ ᠲᠣᠭᠣᠷᠢᠭ᠎ᠤᠨ ᠬᠣᠶᠠᠳᠤᠭ᠋ᠠᠷ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠡᠢ᠌ᠭᠡᠮ᠎ᠤᠨ ᠠᠵᠢᠯ᠎ᠤᠨ ᠥᠷᠲᠡᠭᠡ᠂ ᠬᠥᠯᠥᠨ ᠪᠣᠶ᠋ᠢᠷ ᠬᠣᠲᠠ ᠵᠢᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ᠎ᠤ ᠨᠡᠢ᠌ᠭᠡᠮᠯᠢᠭ᠎ᠤᠨ᠎ᠬᠢᠨ ᠳ᠋ᠦᠩᠹᠧᠩ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠵᠥᠪᠯᠡᠯ᠎ᠤᠨ᠎ᠬᠢᠨ᠎ᠲᠠᠢ ᠬᠣᠯᠪᠤᠭ᠋ᠠᠯᠠᠨ᠂ ᠪᠡᠶ᠎ᠡ ᠴᠢᠭᠢᠷᠠᠭᠵᠢᠭᠤᠯᠬᠤ᠎ᠪᠠᠷ ᠭᠣᠣᠯ ᠠᠭᠤᠯᠭ᠎ᠠ ᠪᠣᠯᠭ᠋ᠠᠨ ᠨᠠᠰᠤᠲᠠᠢ᠌ᠴᠤᠳ᠎ᠢ  ᠬᠠᠯᠠᠮᠵᠢᠯᠠᠬᠤ ᠡᠷᠡᠭᠦᠯ ᠮᠡᠨᠳᠦ ᠵᠢᠨ ᠶᠠᠷᠢᠶᠠᠨ᠎ᠤ ᠲᠠᠪᠴᠠᠩ ᠡᠷᠭᠢᠯᠡᠪᠡ᠃ ᠨᠡᠢ᠌ᠭᠡᠮ᠎ᠤᠨ ᠠᠵᠢᠯᠲᠠᠨ ᠪᠠ ᠰᠠᠢ᠌ᠨ ᠲᠤᠷᠠᠴᠤᠤᠯ ᠨᠠᠰᠤᠲᠠᠢ᠌ᠴᠤᠳ᠎ᠤᠨ ᠬᠡᠷᠡᠭᠴᠡᠭᠡ ᠱᠠᠭ᠋ᠠᠷᠳᠠᠯᠭ᠎ᠠ ᠵᠢ ᠭᠦᠨᠵᠡᠭᠡᠢ ᠣᠢ᠌ᠯᠠᠭ᠋ᠠᠭᠰᠠᠨ ᠰᠠᠭᠤᠷᠢᠨ ᠳᠡᠭᠡᠷ᠎ᠡ ᠪᠡᠶ᠎ᠡ ᠴᠢᠭᠢᠷᠠᠭᠵᠢᠭᠤᠯᠬᠤ ᠲᠥᠪᠯᠡᠷᠡᠭᠦᠯᠦᠨ ᠵᠢᠭ᠋ᠠᠨ ᠰᠤᠷᠭ᠋ᠠᠬᠤ ᠠᠵᠢᠯᠯᠠᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠥᠷᠨᠢᠭᠦᠯᠵᠦ᠂ ᠬᠠᠷᠢᠶ᠎ᠠ ᠣᠷᠣᠨ᠎ᠤ ᠨᠠᠰᠤᠲᠠᠢ᠌ᠴᠤᠳ᠎ᠤᠨ ᠪᠡᠶ᠎ᠡ ᠮᠠᠬᠠᠪᠤᠳ ᠵᠶ᠋ᠡᠨ ᠡᠷᠡᠬᠦᠯ ᠵᠶ᠋ᠡᠷ ᠰᠤᠪᠢᠯᠠᠬᠤ ᠮᠡᠳᠡᠯᠭᠡ ᠵᠢ ᠪᠠᠶᠠᠯᠢᠭᠵᠢᠭᠤᠯᠪᠠ᠃

W020231213381612700615.png


    ᠬᠢᠩᠭ᠋ᠠᠨ ᠠᠢ᠌ᠮᠠᠭ᠎ᠤᠨ ᠲᠦᠴᠢᠦᠸᠠᠨ ᠰᠢᠶᠠᠨ᠎ᠤ ᠨᠡᠢ᠌ᠭᠡᠮ᠎ᠤᠨ ᠠᠵᠤ ᠦᠢ᠍ᠯᠡᠳᠪᠦᠷᠢ ᠵᠢᠨ ᠦᠷᠳᠡᠬᠡ ᠵᠢᠨ᠎ᠬᠢᠨ ᠭᠤᠸᠠᠩ ᠮᠢᠩ ᠨᠡᠢ᠌ᠭᠡᠮ ᠲᠣᠭᠣᠷᠢᠭ᠎ᠤᠨ᠎ᠬᠢᠨ᠎ᠲᠠᠢ ᠬᠠᠮᠲᠤᠷᠠᠨ ᠨᠠᠰᠤᠲᠠᠢ᠌ᠴᠤᠳ᠎ᠤᠨ ᠳᠤᠷ᠎ᠠ ᠰᠣᠨᠢᠷᠬᠠᠯ᠎ᠤᠨ ᠳᠤᠭᠤᠢ᠌ᠯᠠᠩ᠎ᠤᠨ ᠠᠵᠢᠯᠯᠠᠭ᠎ᠠ ᠦᠷᠨᠢᠬᠦᠯᠪᠡ᠃ ᠨᠡᠢ᠌ᠭᠡᠮ᠎ᠤᠨ ᠠᠵᠢᠯᠲᠠᠨ᠎ᠤ ᠠᠵᠢᠯᠯᠠᠭ᠎ᠠ ᠵᠢᠨ ᠳᠤᠮᠳᠠ ᠲᠣᠬᠢᠷᠠᠭᠤᠯᠤᠭᠰᠠᠨ ᠡᠮᠦᠨᠡᠬᠢ ᠬᠤᠭᠤᠴᠠᠭ᠋ᠠᠨ᠎ᠤ ᠪᠣᠯᠪᠠᠰᠤᠷᠠᠯ᠂ ᠭᠠᠷ ᠤᠷᠠᠯᠠᠯ᠂ ᠲᠤᠷᠰᠢᠯᠭ᠎ᠠ ᠰᠣᠯᠢᠯᠴᠠᠬᠤ ᠵᠡᠷᠭᠡ ᠭᠣᠭᠴᠣᠭ᠎ᠠ᠎ᠨᠢ ᠨᠠᠰᠤᠲᠠᠢ᠌ᠴᠤᠳ᠎ᠤᠨ ᠭᠠᠷ ᠪᠠ ᠲᠠᠷᠢᠬᠢᠨ᠎ᠤ ᠵᠣᠬᠢᠴᠠᠭᠤᠯᠬᠤ ᠴᠢᠳᠠᠪᠤᠷᠢ ᠵᠢ ᠪᠣᠯᠪᠠᠰᠤᠷᠠᠭᠤᠯᠤᠭᠰᠠᠨ ᠵᠶ᠋ᠠᠷ ᠪᠠᠷᠠᠬᠤ ᠦᠭᠡᠢ ᠨᠠᠰᠤᠲᠠᠢ᠌ᠴᠤᠳ᠎ᠤᠨ ᠬᠣᠭᠣᠷᠣᠨᠳᠣᠬᠢ ᠰᠣᠯᠢᠯᠴᠠᠭ᠎ᠠ ᠶᠠᠪᠤᠯᠴᠠᠭ᠎ᠠ ᠵᠢ ᠠᠬᠢᠭᠤᠯᠵᠤ᠂ ᠳᠤᠭᠤᠢ᠌ᠯᠠᠩ᠎ᠤᠨ ᠭᠡᠰᠢᠭᠦᠳ᠎ᠤᠨ ᠰᠠᠢ᠌ᠨ ᠦᠨᠡᠯᠡᠯᠲᠡ ᠵᠢ ᠣᠯᠣᠭᠰᠠᠨ ᠪᠠᠢ᠌ᠨ᠎ᠠ᠃

W020231213381612760524.png


   ᠪᠠᠶᠠᠨᠨᠠᠭᠤᠷ ᠬᠤᠳᠠ ᠵᠢᠨ ᠷᠧᠨ ᠠᠢ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠪ᠎ᠤᠨ᠎ᠬᠢᠨ ᠳ᠋ᠥ᠋ᠩᠺᠸᠤ ᠰᠢᠶᠠᠨ᠎ᠤ ᠡᠩᠬᠡ ᠲᠠᠢ᠌ᠪᠤᠩ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠵᠥᠪᠯᠡᠯ᠎ᠤᠨ᠎ᠬᠢᠨ᠎ᠲᠠᠢ ᠬᠠᠮᠲᠤᠷᠠᠨ 《ᠨᠠᠰᠤᠲᠠᠢ᠌ᠴᠤᠳ᠎ᠤᠨ ᠵᠣᠷᠢᠭ  ᠬᠦᠪᠴᠢᠯᠡᠵᠤ ᠵᠣᠬᠢᠶᠠᠨ ᠪᠦᠲᠦᠭᠡᠬᠦ》 ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠪᠡ᠃ ᠨᠡᠢ᠌ᠭᠡᠮ᠎ᠤᠨ ᠠᠵᠢᠯ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠶ᠎ᠠ ᠣᠷᠣᠨ᠎ᠤ ᠨᠠᠰᠤᠲᠠᠢ᠌ᠴᠤᠳ᠎ᠢ ᠵᠣᠬᠢᠶᠠᠨ ᠪᠠᠢ᠌ᠭᠤᠯᠵᠤ ᠭᠠᠷ ᠵᠶ᠋ᠠᠷ ᠦᠢ᠍ᠯᠡᠳᠬᠦ ᠪᠠ ᠬᠠᠷᠢᠯᠴᠠᠨ ᠰᠣᠯᠢᠯᠴᠠᠵᠤ᠂ ᠨᠠᠰᠤᠲᠠᠢ᠌ᠴᠤᠳ᠎ᠤᠨ ᠨᠡᠢ᠌ᠭᠡᠮ ᠲᠣᠭᠣᠷᠢᠭ᠎ᠤᠨ ᠠᠭᠤᠰᠤᠯᠴᠠᠯ᠂ ᠨᠡᠢ᠌ᠭᠡᠮ᠎ᠤᠨ ᠬᠠᠷᠢᠯᠴᠠᠭ᠋ᠠᠨ᠎ᠤ ᠬᠡᠷᠡᠭᠴᠡᠭᠡ ᠵᠢ ᠬᠠᠩᠭ᠋ᠠᠵᠤ᠂ ᠲᠡᠳᠡᠨ᠎ᠤ ᠨᠡᠢ᠌ᠭᠡᠮ ᠲᠣᠭᠣᠷᠢᠭ᠎ᠤᠨ ᠠᠵᠢᠯ ᠪᠠ ᠨᠡᠢ᠌ᠭᠡᠮ ᠲᠣᠭᠣᠷᠢᠭ᠎ᠤᠨ ᠠᠵᠢᠯᠯᠠᠭ᠎ᠠ᠎ᠳᠤ ᠥᠷᠭᠡᠨ ᠵᠶ᠋ᠡᠷ ᠣᠷᠣᠯᠴᠠᠬᠤ ᠬᠠᠯᠠᠭᠤᠨ ᠰᠡᠳᠬᠢᠯᠭᠡ ᠵᠢ ᠪᠦᠲᠦᠮᠵᠢᠲᠡᠶ ᠬᠦᠭᠵᠢᠬᠡᠯ᠎ᠡ᠃




 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2024 ᠣᠨ᠎ᠤ ᠥᠪᠡᠷᠲᠡᠭᠡᠨ ᠵᠠᠰᠠᠬᠤ ᠣᠷᠣᠨ᠎ᠤ ᠡᠩ᠎ᠤᠨ ᠣᠯᠠᠨ ᠨᠡᠶ᠋ᠢᠲᠡ ᠵᠢᠨ ᠲᠥᠰᠥᠪ᠎ᠠᠴᠠ ᠳᠣᠷᠣᠭᠰᠢ ᠰᠢᠯᠵᠢᠬᠦᠯᠬᠦ ᠲᠥᠷᠥᠯ ᠵᠦᠢ᠍ᠯ᠎ᠤᠨ ᠪᠡᠯᠡ ᠮᠥᠩᠭᠥ ᠵᠢ 28.92 ᠳ᠋ᠦᠩᠰᠢᠭᠤᠷ ᠲᠥᠭᠥᠷᠢᠭ ᠤᠷᠢᠳᠴᠢᠯᠠᠨ ᠪᠠᠭᠤᠯᠭ᠋ᠠᠪᠠ
ᠠᠷᠠᠳ᠎ᠤᠨ ᠶᠠᠪᠤᠳᠠᠯ᠎ᠤᠨ ᠲᠢᠩᠬᠢᠮ ᠪᠣᠯᠣᠨ ᠬᠠᠤᠯᠢ ᠴᠠᠭ᠋ᠠᠵᠠ ᠵᠢᠨ ᠲᠢᠩᠬᠢᠮ᠎ᠤᠨ ᠬᠡᠰᠡᠭ ᠭᠠᠵᠠᠷ ᠲᠠᠰᠤᠭ᠎ᠤᠨ ᠨᠠᠮ᠎ᠤᠨ ᠡᠭᠦᠷ ᠎ᠤᠨ᠎ᠬᠢᠨ ᠬᠠᠮᠲᠤᠷᠠᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠮᠠᠨ᠎ᠤ ᠠᠵᠢᠯᠯᠠᠭ᠎ᠠ》 ᠰᠢᠷᠢᠰ ᠮᠡᠳᠡᠭᠡᠯᠡᠯ (ᠬᠣᠷᠢ ᠶᠢᠰᠦ)
《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠮᠠᠨ᠎ᠤ ᠠᠵᠢᠯᠯᠠᠭ᠎ᠠ》 ᠰᠢᠷᠢᠰ ᠮᠡᠳᠡᠭᠡᠯᠡᠯ (ᠭᠤᠴᠢ)
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠴᠤᠭ ᠨᠠᠷ ᠬᠤᠸᠠᠳᠧ ᠰᠢᠶᠠᠨ᠎ᠳᠤ ᠲᠣᠰᠬᠣᠨ᠎ᠳᠤ ᠰᠠᠭᠤᠵᠤ ᠬᠠᠪᠰᠤᠷᠤᠨ ᠲᠡᠳᠬᠦᠬᠦ ᠠᠵᠢᠯ᠎ᠢ ᠪᠠᠢ᠌ᠴᠠᠭ᠋ᠠᠨ ᠰᠤᠳᠤᠯᠪᠠ
 
            