ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2024 ᠣᠨ᠎ᠤ ᠥᠪᠡᠷᠲᠡᠭᠡᠨ ᠵᠠᠰᠠᠬᠤ ᠣᠷᠣᠨ᠎ᠤ ᠡᠩ᠎ᠤᠨ ᠣᠯᠠᠨ ᠨᠡᠶ᠋ᠢᠲᠡ ᠵᠢᠨ ᠲᠥᠰᠥᠪ᠎ᠠᠴᠠ ᠳᠣᠷᠣᠭᠰᠢ ᠰᠢᠯᠵᠢᠬᠦᠯᠬᠦ ᠲᠥᠷᠥᠯ ᠵᠦᠢ᠍ᠯ᠎ᠤᠨ ᠪᠡᠯᠡ ᠮᠥᠩᠭᠥ ᠵᠢ 28.92 ᠳ᠋ᠦᠩᠰᠢᠭᠤᠷ ᠲᠥᠭᠥᠷᠢᠭ ᠤᠷᠢᠳᠴᠢᠯᠠᠨ ᠪᠠᠭᠤᠯᠭ᠋ᠠᠪᠠ
ᠨᠡᠶᠢᠲᠡᠯᠡᠭᠰᠡᠨ ᠴᠠᠭ᠄ 2023-12-18

     ᠦᠨᠳᠦᠰᠦᠨ ᠱᠠᠲᠤᠨ᠎ᠤ ᠠᠵᠢᠯᠯᠠᠭ᠋ᠠᠨ᠎ᠢ ᠪᠦᠲᠦᠮᠵᠢᠲᠡᠶ ᠪᠠᠲᠤᠯᠠᠬᠤ ᠪᠠᠳᠤᠯᠠᠵᠤ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠬᠤ᠎ᠳᠤ ᠬᠦᠴᠦ ᠨᠡᠮᠡᠷᠢᠯᠡᠵᠦ᠂ ᠠᠷᠠᠳ᠎ᠤᠨ ᠠᠮᠢᠳᠤᠷᠠᠯ᠎ᠢ ᠪᠠᠲᠤᠯᠠᠬᠤ ᠡᠭᠦᠷᠭᠡ ᠴᠢᠳᠠᠪᠤᠷᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢ᠍ᠯ᠎ᠤᠨ ᠠᠷᠠᠳ᠎ᠤᠨ ᠠᠮᠢᠳᠤᠷᠠᠯ᠎ᠤᠨ ᠪᠡᠯᠡ ᠮᠥᠩᠭᠥ ᠵᠢᠨ ᠲᠥᠷᠥ ᠵᠢᠨ ᠪᠣᠳᠣᠯᠭ᠎ᠠ ᠵᠢ ᠢᠳᠡᠪᠬᠢᠲᠡᠢ ᠨᠠᠢ᠌ᠳᠠᠪᠤᠷᠢᠵᠢᠭᠤᠯᠬᠤ ᠵᠢᠨ ᠲᠦᠯᠤᠬᠡ 《ᠲᠥᠰᠥᠪ᠎ᠤᠨ ᠬᠠᠤᠯᠢ》 ᠵᠢᠨ ᠰᠢᠯᠵᠢᠭᠦᠯᠦᠨ ᠥᠭᠬᠦ ᠪᠡᠯᠡ ᠮᠥᠩᠭᠥ ᠵᠢ ᠤᠷᠢᠳᠴᠢᠯᠠᠨ ᠪᠠᠭᠤᠯᠭ᠋ᠠᠬᠤ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠦᠷᠦᠭᠦᠬᠡᠨ  2024 ᠣᠨ᠎ᠤ ᠥᠪᠡᠷᠲᠡᠭᠡᠨ ᠵᠠᠰᠠᠬᠤ ᠣᠷᠣᠨ᠎ᠤ ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠰᠢᠯᠵᠢᠬᠦᠯᠬᠦ ᠲᠥᠷᠥᠯ ᠵᠦᠢ᠍ᠯ᠎ᠤᠨ ᠪᠡᠯᠡ ᠮᠥᠩᠭᠥ ᠵᠢ 28.92 ᠳ᠋ᠦᠩᠰᠢᠭᠤᠷ ᠲᠥᠭᠥᠷᠢᠭ ᠤᠷᠢᠳᠴᠢᠯᠠᠨ ᠪᠠᠭᠤᠯᠭ᠋ᠠᠯ᠎ᠠ᠃
    ᠲᠣᠰ ᠪᠡᠯᠡ ᠮᠥᠩᠭᠥ᠎ᠳᠤ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠮᠵᠢ ᠵᠢᠨ ᠨᠥᠬᠥᠪᠦᠷᠢ᠂ ᠦᠳᠡᠬᠦᠰ᠎ᠤᠨ ᠨᠦᠬᠦᠪᠤᠷᠢ ᠂ ᠠᠵᠤ ᠠᠬᠤᠢ ᠵᠢᠨ ᠲᠠᠯ᠎ᠠ᠎ᠪᠠᠷ ᠬᠦᠴᠢᠷᠳᠡᠯᠲᠡᠢ ᠨᠠᠰᠤᠲᠠᠢ᠌ᠴᠤᠳ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠨᠥᠬᠥᠪᠦᠷᠢ᠂ ᠬᠦᠴᠢᠷᠳᠡᠯᠲᠡᠢ ᠵᠡᠮᠳᠡᠭᠴᠦᠳ᠎ᠤᠨ ᠠᠮᠢᠳᠤᠷᠠᠯ᠎ᠤᠨ ᠨᠥᠬᠥᠪᠦᠷᠢ ᠪᠠ ᠨᠤᠴᠢᠳᠠᠢ ᠵᠡᠮᠳᠡᠭᠴᠦᠳ᠎ᠤᠨ ᠰᠤᠪᠢᠯᠠᠯᠲᠠ ᠵᠢᠨ ᠨᠥᠬᠥᠪᠦᠷᠢ᠂ ᠣᠷᠣᠰᠢᠭᠤᠯᠭ᠎ᠠ ᠵᠢᠨ ᠦᠨᠳᠦᠰᠦᠨ ᠦᠢ᠍ᠯᠡᠴᠢᠯᠡᠭᠡᠨ᠎ᠤ ᠨᠥᠬᠥᠪᠦᠷᠢ᠂ ᠨᠡᠢ᠌ᠭᠡᠮ᠎ᠤᠨ ᠲᠤᠰᠠᠯᠠᠮᠵᠢ ᠵᠢᠨ ᠲᠤᠰᠠᠯᠠᠭᠴᠢ ᠵᠢᠨ ᠨᠥᠬᠥᠪᠦᠷᠢ ᠵᠡᠷᠭᠡ 8 ᠵᠦᠢ᠍ᠯ ᠪᠠᠭᠲᠠᠨ᠎ᠠ᠃ ᠲᠡᠷᠡᠴᠢᠯᠡᠨ ᠨᠡᠢ᠌ᠭᠡᠮ᠎ᠤᠨ ᠲᠤᠰᠠᠯᠠᠮᠵᠢ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠂ ᠨᠡᠢ᠌ᠭᠡᠮ᠎ᠤᠨ ᠶᠠᠪᠤᠳᠠᠯ᠂ ᠬᠡᠦᠬᠡᠳ᠎ᠤᠨ ᠠᠰᠠᠷᠠᠮᠵᠢ᠂ ᠨᠢᠭᠦᠯᠡᠰᠦᠩᠭᠦᠢ ᠵᠢᠨ ᠦᠢ᠍ᠯᠡᠰ ᠪᠠ ᠨᠡᠢ᠌ᠭᠡᠮ᠎ᠤᠨ ᠠᠵᠢᠯ ᠵᠡᠷᠭᠡ 5 ᠲᠠᠯ᠎ᠠ᠎ᠳᠤ ᠬᠣᠯᠪᠣᠭᠳᠠᠨ᠎ᠠ᠃
    ᠡᠯ᠎ᠡ ᠵᠦᠢ᠍ᠯ᠎ᠤᠨ ᠠᠷᠠᠳ᠎ᠤᠨ ᠶᠠᠪᠤᠳᠠᠯ᠎ᠤᠨ ᠪᠡᠯᠡ ᠮᠥᠩᠭᠥ ᠵᠢ ᠤᠷᠢᠳᠴᠢᠯᠠᠨ ᠪᠠᠭᠤᠯᠭ᠋ᠠᠬᠤ᠎ᠨᠢ ᠬᠦᠴᠢᠷᠳᠡᠯᠲᠡᠢ ᠣᠯᠠᠨ ᠲᠦᠮᠡᠨ ᠵᠡᠷᠭᠡ ᠠᠷᠠᠳ᠎ᠤᠨ ᠶᠠᠪᠤᠳᠠᠯ᠎ᠤᠨ ᠦᠢ᠍ᠯᠡᠴᠢᠯᠡᠬᠡ ᠬᠦᠷᠳᠡᠭᠰᠡᠳ᠎ᠤᠨ ᠦᠨᠳᠦᠰᠦᠨ ᠠᠮᠢᠳᠤᠷᠠᠯ᠎ᠢ ᠪᠦᠲᠦᠮᠵᠢᠲᠡᠶ ᠪᠠᠲᠤᠯᠠᠵᠤ᠂ ᠦᠨᠳᠦᠰᠦᠨ ᠱᠠᠲᠤᠨ᠎ᠤ 2024 ᠣᠨ᠎ᠤ ᠠᠷᠠᠳ᠎ᠤᠨ ᠶᠠᠪᠤᠳᠠᠯ᠎ᠤᠨ ᠠᠵᠢᠯ᠎ᠢ ᠴᠠᠭ ᠲᠤᠬᠠᠢ᠎ᠳᠤ᠎ᠨᠢ ᠤᠷᠤᠭᠰᠢᠲᠠᠢ ᠥᠷᠨᠢᠭᠦᠯᠬᠦ᠎ᠳᠤ ᠬᠦᠴᠦᠨ ᠨᠡᠮᠡᠷᠢᠯᠡᠵᠦ᠂ ᠠᠷᠠᠳ᠎ᠤᠨ ᠶᠠᠪᠤᠳᠠᠯ᠎ᠤᠨ ᠪᠡᠯᠡ ᠮᠥᠩᠭᠥ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠪᠦᠳᠤᠮᠵᠢᠳᠡᠢ ᠪᠠᠳᠠᠷᠠᠭᠤᠯᠬᠤ ᠪᠤᠯᠤᠨ᠎ᠠ᠃


 





 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠲᠢᠩᠬᠢᠮ ᠪᠣᠯᠣᠨ ᠬᠠᠤᠯᠢ ᠴᠠᠭ᠋ᠠᠵᠠ ᠵᠢᠨ ᠲᠢᠩᠬᠢᠮ᠎ᠤᠨ ᠬᠡᠰᠡᠭ ᠭᠠᠵᠠᠷ ᠲᠠᠰᠤᠭ᠎ᠤᠨ ᠨᠠᠮ᠎ᠤᠨ ᠡᠭᠦᠷ ᠎ᠤᠨ᠎ᠬᠢᠨ ᠬᠠᠮᠲᠤᠷᠠᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠮᠠᠨ᠎ᠤ ᠠᠵᠢᠯᠯᠠᠭ᠎ᠠ》 ᠰᠢᠷᠢᠰ ᠮᠡᠳᠡᠭᠡᠯᠡᠯ (ᠬᠣᠷᠢ ᠶᠢᠰᠦ)
《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠮᠠᠨ᠎ᠤ ᠠᠵᠢᠯᠯᠠᠭ᠎ᠠ》 ᠰᠢᠷᠢᠰ ᠮᠡᠳᠡᠭᠡᠯᠡᠯ (ᠭᠤᠴᠢ)
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠴᠤᠭ ᠨᠠᠷ ᠬᠤᠸᠠᠳᠧ ᠰᠢᠶᠠᠨ᠎ᠳᠤ ᠲᠣᠰᠬᠣᠨ᠎ᠳᠤ ᠰᠠᠭᠤᠵᠤ ᠬᠠᠪᠰᠤᠷᠤᠨ ᠲᠡᠳᠬᠦᠬᠦ ᠠᠵᠢᠯ᠎ᠢ ᠪᠠᠢ᠌ᠴᠠᠭ᠋ᠠᠨ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠪᠥᠬᠥ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠣᠭᠲᠠᠭ᠋ᠠᠯ᠎ᠠᠴᠠ ᠵᠦᠷᠢᠴᠡᠭᠰᠡᠨ ᠰᠢᠯᠭ᠋ᠠᠷᠠᠭᠤᠯᠤᠯᠳᠠ᠂ ᠱᠠᠩᠨᠠᠯ ᠤᠯᠭᠤᠬᠤ ᠪᠠ ᠰᠦᠢ᠍ᠳᠬᠡᠯ ᠬᠤᠷᠢᠶᠠᠬᠰᠠᠨ ᠠᠵᠢᠯᠯᠠᠭ᠎ᠠ ᠵᠢ ᠥᠪᠡᠰᠦᠪᠡᠨ ᠪᠠᠢ᠌ᠴᠠᠭ᠋ᠠᠵᠤ ᠥᠪᠡᠰᠦᠪᠡᠨ ᠵᠠᠯᠠᠷᠠᠭᠤᠯᠬᠤ ᠠᠵᠢᠯ᠎ᠢ ᠪᠠᠢ᠌ᠷᠢᠯᠠᠭᠤᠯᠪᠠ
 
            