ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠮᠠᠨ᠎ᠤ ᠠᠵᠢᠯᠯᠠᠭ᠎ᠠ》 ᠰᠢᠷᠢᠰ ᠮᠡᠳᠡᠭᠡᠯᠡᠯ (ᠬᠣᠷᠢ ᠶᠢᠰᠦ)
ᠨᠡᠶᠢᠲᠡᠯᠡᠭᠰᠡᠨ ᠴᠠᠭ᠄ 2023-12-25

    ᠡᠷᠡᠭᠦᠯ ᠰᠠᠷᠠᠭᠤᠯ ᠠᠮᠢᠳᠤᠷᠠᠯ᠎ᠤᠨ ᠠᠷᠭ᠎ᠠ ᠵᠢ ᠰᠠᠨᠠᠭ᠋ᠠᠴᠢᠯᠠᠨ᠂ ᠰᠡᠳᠬᠢᠴᠡ ᠵᠢᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ  ᠲᠦᠪᠰᠢᠨ᠎ᠢ ᠳᠡᠭᠡᠭᠰᠢᠯᠡᠭᠦᠯᠵᠦ᠂ ᠠᠷᠠᠳ ᠣᠯᠠᠨ᠎ᠤ ᠰᠡᠳᠬᠢᠴᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠡᠭᠭ᠋ᠠᠬᠤ ᠵᠢᠨ ᠲᠦᠯᠤᠬᠡ ᠪᠤᠭᠤᠲᠤ ᠬᠣᠲᠠ᠂ ᠬᠢᠩᠭ᠋ᠠᠨ ᠠᠢ᠌ᠮᠠᠭ᠂ ᠠᠯᠠᠱ᠌ᠠ ᠠᠢ᠌ᠮᠠᠭ ᠵᠡᠷᠭᠡ ᠭᠠᠵᠠᠷ᠎ᠤᠨ ᠨᠡᠢ᠌ᠭᠡᠮ᠎ᠤᠨ ᠠᠵᠢᠯ᠎ᠤᠨ ᠪᠠᠢ᠌ᠭᠤᠯᠤᠮᠵᠢ ᠪᠠ ᠰᠢᠶᠠᠩ ᠪᠠᠯᠭ᠋ᠠᠰᠤ ᠵᠢᠨ ᠨᠡᠢ᠌ᠭᠡᠮ᠎ᠤᠨ ᠠᠵᠢᠯ᠎ᠤᠨ ᠥᠷᠲᠡᠭᠡ᠎ᠨᠦᠭᠦᠳ ᠰᠠᠭᠤᠭ᠋ᠠᠯᠢ ᠠᠷᠠᠳ᠎ᠤᠨ ᠪᠡᠶ᠎ᠡ ᠰᠡᠳᠬᠢᠯ᠎ᠤᠨ ᠠᠳᠠᠯᠢ ᠪᠤᠰᠤ ᠣᠨᠴᠠᠯᠢᠭ᠎ᠲᠤ ᠴᠢᠭᠯᠡᠭᠦᠯᠦᠨ ᠡᠯᠪᠡᠭ ᠪᠠᠶᠠᠯᠢᠭ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠵᠦ᠂ ᠰᠠᠭᠤᠭ᠋ᠠᠯᠢ ᠠᠷᠠᠳ᠎ᠤᠨ ᠲᠠᠷᠤᠭ᠋ᠠᠰᠤ ᠵᠢ ᠨᠠᠮᠳᠠᠭᠤᠯᠵᠤ᠂ ᠴᠢᠳᠠᠪᠤᠷᠢ ᠵᠢ  ᠨᠡᠮᠡᠭᠳᠡᠬᠦᠯᠤᠬᠡᠳ᠂ ᠮᠠᠰᠢ ᠰᠠᠢ᠌ᠨ ᠨᠡᠢ᠌ᠭᠡᠮ᠎ᠤᠨ ᠦᠷ᠎ᠡ ᠪᠦᠲᠦᠮᠵᠢ ᠵᠢ ᠣᠯᠪᠠ᠃

W020231222575337506770.png


    ᠪᠤᠭᠤᠲᠤ ᠬᠣᠲᠠ ᠵᠢᠨ ᠵᠢᠤᠶᠤᠸᠠᠨ ᠲᠣᠭᠣᠷᠢᠭ᠎ᠤᠨ ᠮᠠ ᡂᠢ ᠪᠠᠯᠭ᠋ᠠᠰᠤᠨ᠎ᠤ ᠨᠡᠢ᠌ᠭᠡᠮ᠎ᠤᠨ ᠠᠵᠢᠯ᠎ᠤᠨ ᠥᠷᠲᠡᠭᠡ ᠪᠣᠯᠣᠨ ᠪᠠᠯᠭ᠋ᠠᠰᠤᠨ᠎ᠤ ᠨᠠᠮ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠎ᠤᠨ᠎ᠬᠢᠨ ᠬᠠᠮᠲᠤᠷᠠᠨ 《ᠰᠡᠳᠬᠢᠴᠡ ᠵᠢᠨ ᠡᠷᠡᠭᠦᠯ ᠮᠡᠨᠳᠦ ᠵᠢᠨ ᠰᠢᠨ᠎ᠡ ᠵᠠᠮ᠎ᠢ ᠬᠠᠮᠲᠤ᠎ᠪᠠᠷ ᠪᠠᠢ᠌ᠭᠤᠯᠵᠤ᠂ ᠤᠷᠠᠯᠢᠭ ᠵᠶ᠋ᠡᠷ ᠰᠡᠳᠬᠢᠯ᠎ᠢ ᠵᠠᠰᠠᠵᠤ ᠲᠠᠷᠤᠭ᠋ᠠᠰᠤ ᠵᠢ ᠨᠠᠮᠳᠠᠭᠤᠯᠬᠤ》 ᠲᠤᠰᠬᠠᠢ ᠰᠡᠳᠦᠪᠲᠦ ᠠᠵᠢᠯᠯᠠᠭ᠎ᠠ ᠶᠠᠪᠤᠬᠳᠠᠭᠤᠯᠪᠠ᠃ ᠨᠡᠢ᠌ᠭᠡᠮ᠎ᠤᠨ ᠠᠵᠢᠯᠲᠠᠳ ᠬᠢᠯᠪᠠᠷ ᠣᠢ᠌ᠯᠠᠭ᠋ᠠᠮᠵᠢᠲᠠᠢ ᠦᠭᠡ ᠬᠡᠯᠡ᠎ᠪᠠᠷ ᠰᠠᠭᠤᠭ᠋ᠠᠯᠢ ᠠᠷᠠᠳ᠎ᠲᠤ ᠰᠡᠳᠬᠢᠴᠡ ᠵᠢᠨ ᠬᠢᠮᠤᠷᠠᠯ᠎ᠤᠨ ᠡᠭᠦᠰᠦᠭᠰᠡᠨ ᠰᠢᠯᠲᠠᠭ᠋ᠠᠨ᠂ ᠬᠥᠭᠵᠢᠯᠲᠡ ᠵᠢᠨ ᠶᠠᠪᠤᠴᠠ ᠵᠡᠷᠭᠡ ᠬᠣᠯᠪᠣᠭᠳᠠᠯ ᠪᠦᠬᠦᠢ ᠮᠡᠳᠡᠯᠭᠡ ᠵᠢ ᠲᠣᠳᠣᠷᠬᠠᠢ᠌ᠯᠠᠨ ᠥᠭᠦᠯᠡᠬᠦ ᠵᠢᠨ ᠬᠠᠮᠲᠤ  ᠬᠤᠸᠠᠷ᠎ᠤᠨ ᠯᠣᠩᠬᠣ ᠬᠢᠬᠦ ᠵᠡᠷᠬᠡ ᠠᠵᠢᠯ᠎ᠢ ᠵᠣᠬᠢᠶᠠᠨ ᠪᠠᠢ᠌ᠭᠤᠯᠵᠤ᠂ ᠠᠩᠬᠠᠷᠤᠯ᠎ᠢ ᠰᠢᠯᠵᠢᠭᠦᠯᠬᠦ᠂ ᠤᠷᠮ᠎ᠠ ᠰᠡᠳᠬᠢᠯᠭᠡ ᠵᠢ ᠲᠠᠢ᠌ᠪᠤᠰᠢᠷᠠᠭᠤᠯᠬᠤ ᠠᠷᠭ᠎ᠠ ᠪᠠ ᠤᠷ᠎ᠠ ᠮᠡᠷᠭᠡᠵᠢᠯ᠎ᠢ ᠵᠢᠭ᠋ᠠᠵᠤ ᠥᠭᠭᠦᠭᠰᠡᠨ ᠵᠶ᠋ᠡᠷ ᠰᠠᠭᠤᠭ᠋ᠠᠯᠢ ᠠᠷᠠᠳ᠎ᠤᠨ ᠰᠠᠢ᠌ᠨ ᠦᠨᠡᠯᠡᠯᠳᠡ ᠵᠢ ᠤᠯᠪᠠ᠃

W020231222575337691241.png


     ᠬᠢᠩᠭ᠋ᠠᠨ ᠠᠢ᠌ᠮᠠᠭ᠎ᠤᠨ ᠨᠡᠢ᠌ᠭᠡᠮ᠎ᠤᠨ ᠠᠵᠢᠯ᠎ᠤᠨ ᠨᠡᠢ᠌ᠭᠡᠮᠯᠢᠭ ᠪᠣᠯᠣᠨ ᠤᠯᠠᠭ᠋ᠠᠨᠬᠣᠲᠠ ᠵᠢᠨ ᠾᠧ ᠫᠢᠩ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠬᠣᠩ ᠲᠦᠩ ᠨᠡᠢ᠌ᠭᠡᠮ ᠲᠣᠭᠣᠷᠢᠭ᠎ᠤᠨ᠎ᠬᠢᠨ ᠬᠠᠮᠲᠤᠷᠠᠨ 《  ᠦᠪᠡᠷ᠎ᠢ᠎ᠪᠠᠨ ᠨᠡᠡᠭ ᠲᠡᠬᠦᠯᠳᠡᠷᠵᠢᠬᠦᠯᠬᠦ》 ᠰᠡᠳᠬᠢᠴᠡ ᠵᠢᠨ ᠳᠠᠷᠤᠯᠲᠠ ᠵᠢ ᠪᠠᠭ᠋ᠠᠰᠬᠠᠬᠤ ᠬᠠᠮᠲᠤ ᠵᠢᠨ ᠠᠵᠢᠯᠯᠠᠭ᠎ᠠ ᠵᠢ ᠡᠷᠭᠢᠯᠡᠵᠦ᠂ ᠤᠯᠠᠨ᠎ᠤ ᠰᠡᠳᠬᠢᠯ ᠵᠶ᠋ᠡᠨ ᠠᠭᠤᠳᠠᠯᠠᠨ᠂ ᠥᠪᠡᠷ᠎ᠢ᠎ᠪᠠᠨ ᠭᠦᠢ᠍ᠴᠡᠳ ᠲᠠᠨᠢᠬᠤ ᠵᠢ ᠵᠣᠷᠢᠭᠵᠢᠭᠤᠯᠵᠤ᠂ ᠰᠠᠭᠤᠭ᠋ᠠᠯᠢ ᠠᠷᠠᠳ᠎ᠤᠨ ᠬᠠᠯᠠᠭᠤᠨ ᠬᠦᠷᠢᠶᠡᠯᠡᠯ᠎ᠢ ᠤᠯᠤᠬᠰᠠᠨ ᠪᠠᠢ᠌ᠨ᠎ᠠ᠃

W020231222575337777254.png


  ᠠᠯᠠᠱ᠌ᠠ ᠠᠢ᠌ᠮᠠᠭ᠎ᠤᠨ ᠪᠠᠳᠠᠢ ᠵᠢᠨ ᠵᠢᠷᠠᠨ ᠪᠠᠯᠭ᠋ᠠᠰᠤᠨ᠎ᠤ ᠨᠡᠢ᠌ᠭᠡᠮ᠎ᠤᠨ ᠠᠵᠢᠯ᠎ᠤᠨ ᠦᠷᠳᠡᠬᠡ ᠵᠢᠨ᠎ᠬᠢᠨ ᠬᠣᠰᠢᠭᠤᠨ᠎ᠤ ᠨᠠᠮ᠎ᠤᠨ ᠬᠣᠷᠢᠶ᠎ᠠ᠂ ᠬᠣᠰᠢᠭᠤᠨ᠎ᠤ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠢᠨ ᠲᠥᠪ᠂ ᠬᠣᠰᠢᠭᠤᠨ᠎ᠤ ᠨᠢᠭᠡᠳᠦᠭᠡᠷ ᠳᠤᠮᠳᠠᠳᠤ ᠰᠤᠷᠭ᠋ᠠᠭᠤᠯᠢ᠂ ᠵᠠᠯᠠᠭᠤᠴᠤᠳ᠎ᠤᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠨᠡᠢ᠌ᠭᠡᠮᠯᠢᠭ᠎ᠤᠨ᠎ᠬᠢᠨ᠎ᠲᠠᠢ ᠬᠠᠮᠲᠤᠷᠠᠨ 《〈ᠵᠢᠷᠤᠭ〉 ᠵᠶ᠋ᠡᠷ ᠳᠠᠷᠤᠯᠲᠠ ᠵᠢ ᠪᠠᠭ᠋ᠠᠰᠬᠠᠵᠤ ᠴᠢᠳᠠᠪᠤᠷᠢ ᠵᠢ ᠨᠡᠮᠡᠭᠳᠡᠭᠦᠯᠬᠦ》 ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠤᠷᠠᠯᠢᠭ᠎ᠤᠨ ᠡᠮᠴᠢᠯᠡᠭᠡᠨ᠎ᠤ ᠠᠵᠢᠯᠯᠠᠭ᠎ᠠ ᠵᠢ ᠬᠠᠮᠳᠤ᠎ᠪᠠᠷ ᠥᠷᠨᠢᠭᠦᠯᠵᠡᠢ᠃ ᠨᠡᠢ᠌ᠭᠡᠮ᠎ᠤᠨ ᠠᠵᠢᠯᠲᠠᠨ ᠰᠤᠷᠤᠭᠴᠢᠳ᠎ᠢ ᠳᠡᠮᠵᠢᠨ ᠵᠢᠯᠤᠭᠣᠳᠴᠤ ᠪᠠᠢ᠌ᠭ᠋ᠠᠳ ᠤᠷᠠᠯᠢᠭ᠎ᠤᠨ ᠵᠣᠬᠢᠶᠠᠨ ᠪᠦᠲᠦᠭᠡᠯᠭᠡ᠂ ᠬᠠᠢ᠌ᠷ᠎ᠠ ᠰᠡᠳᠬᠢᠯᠭᠡ᠎ᠪᠠᠨ ᠵᠠᠳᠠᠷᠠᠭᠤᠯᠬᠤ ᠪᠠ ᠰᠣᠯᠢᠯᠴᠠᠨ ᠬᠤᠪᠢᠶᠠᠯᠴᠠᠬᠤ ᠵᠡᠷᠭᠡ ᠠᠷᠭ᠎ᠠ᠎ᠪᠠᠷ ᠳᠠᠮᠵᠢᠭᠤᠯᠤᠨ᠂ ᠬᠤᠭᠤᠴᠠᠭ᠋ᠠᠨ ᠡᠴᠦᠰ᠎ᠤᠨ ᠰᠢᠯᠭ᠋ᠠᠯᠲᠠ᠎ᠳᠤ ᠪᠡᠯᠡᠳᠬᠡᠬᠦ ᠳᠠᠷᠤᠯᠲᠠ ᠵᠢ ᠨᠠᠮᠳᠠᠭᠤᠯᠵᠤ᠂ ᠳᠠᠷᠤᠯᠲᠠ ᠵᠢ ᠡᠰᠡᠷᠭᠦᠴᠡᠬᠦ ᠪᠠ ᠥᠪᠡᠷ᠎ᠢ᠎ᠪᠠᠨ ᠲᠣᠬᠢᠷᠠᠭᠤᠯᠬᠤ ᠴᠢᠳᠠᠪᠤᠷᠢ ᠵᠢ᠎ᠨᠢ ᠳᠡᠭᠡᠭᠰᠢᠯᠡᠭᠦᠯᠵᠦ᠂ ᠪᠠᠭᠰᠢ ᠰᠤᠷᠤᠭᠴᠢᠳ᠎ᠤᠨ ᠰᠠᠢ᠌ᠨ ᠦᠨᠡᠯᠡᠯᠲᠡ ᠵᠢ ᠤᠯᠤᠯ᠎ᠠ᠃






 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠮᠠᠨ᠎ᠤ ᠠᠵᠢᠯᠯᠠᠭ᠎ᠠ》 ᠰᠢᠷᠢᠰ ᠮᠡᠳᠡᠭᠡᠯᠡᠯ (ᠭᠤᠴᠢ)
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠴᠤᠭ ᠨᠠᠷ ᠬᠤᠸᠠᠳᠧ ᠰᠢᠶᠠᠨ᠎ᠳᠤ ᠲᠣᠰᠬᠣᠨ᠎ᠳᠤ ᠰᠠᠭᠤᠵᠤ ᠬᠠᠪᠰᠤᠷᠤᠨ ᠲᠡᠳᠬᠦᠬᠦ ᠠᠵᠢᠯ᠎ᠢ ᠪᠠᠢ᠌ᠴᠠᠭ᠋ᠠᠨ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠪᠥᠬᠥ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠣᠭᠲᠠᠭ᠋ᠠᠯ᠎ᠠᠴᠠ ᠵᠦᠷᠢᠴᠡᠭᠰᠡᠨ ᠰᠢᠯᠭ᠋ᠠᠷᠠᠭᠤᠯᠤᠯᠳᠠ᠂ ᠱᠠᠩᠨᠠᠯ ᠤᠯᠭᠤᠬᠤ ᠪᠠ ᠰᠦᠢ᠍ᠳᠬᠡᠯ ᠬᠤᠷᠢᠶᠠᠬᠰᠠᠨ ᠠᠵᠢᠯᠯᠠᠭ᠎ᠠ ᠵᠢ ᠥᠪᠡᠰᠦᠪᠡᠨ ᠪᠠᠢ᠌ᠴᠠᠭ᠋ᠠᠵᠤ ᠥᠪᠡᠰᠦᠪᠡᠨ ᠵᠠᠯᠠᠷᠠᠭᠤᠯᠬᠤ ᠠᠵᠢᠯ᠎ᠢ ᠪᠠᠢ᠌ᠷᠢᠯᠠᠭᠤᠯᠪᠠ
ᠳᠥᠷᠪᠡᠨ 《ᠰᠢᠨ᠎ᠡ ᠰᠢᠪᠲᠤᠯᠤᠯᠲᠠ》᠎ᠨᠢ ᠤᠯᠤᠰ᠎ᠤᠨ ᠦᠮᠴᠢᠯᠡᠯᠳᠤ ᠠᠵᠤ ᠠᠬᠤᠢ ᠲᠣᠭᠲᠠᠭᠤᠨ᠎ᠤ ᠲᠤᠮᠳᠠ ᠰᠠᠢ᠌ᠵᠢᠷᠠᠬᠤ ᠬᠠᠨᠳᠤᠰᠢ᠎ᠲᠠᠢ ᠪᠠᠢ᠌ᠬᠤ ᠵᠢ ᠢᠯᠡᠷᠡᠭᠦᠯᠪᠡ
ᠳᠥᠷᠪᠡᠨ 《ᠰᠢᠨ᠎ᠡ ᠰᠢᠪᠲᠤᠯᠤᠯᠲᠠ》᠎ᠨᠢ ᠤᠯᠤᠰ᠎ᠤᠨ ᠦᠮᠴᠢᠯᠡᠯᠳᠤ ᠠᠵᠤ ᠠᠬᠤᠢ ᠲᠣᠭᠲᠠᠭᠤᠨ᠎ᠤ ᠲᠤᠮᠳᠠ ᠰᠠᠢ᠌ᠵᠢᠷᠠᠬᠤ ᠬᠠᠨᠳᠤᠰᠢ᠎ᠲᠠᠢ ᠪᠠᠢ᠌ᠬᠤ ᠵᠢ ᠢᠯᠡᠷᠡᠭᠦᠯᠪᠡ
 
            