ᠠᠷᠠᠳ᠎ᠤᠨ ᠶᠠᠪᠤᠳᠠᠯ᠎ᠤᠨ ᠲᠣᠭ᠎ᠠ ᠪᠦᠷᠢᠳᠬᠡᠯ᠎ᠤᠨ ᠠᠵᠢᠯ ᠪᠣᠯ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠴᠢᠬᠤᠯᠠ ᠪᠦᠷᠢᠯᠳᠦᠭᠦᠨ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢᠨ ᠪᠠᠢ᠌ᠳᠠᠯ᠎ᠢ ᠪᠤᠰᠤᠳᠴᠢ᠎ᠪᠠᠷ ᠲᠤᠰᠬᠠᠬᠤ 《ᠴᠠᠭ ᠠᠭᠤᠷ᠎ᠤᠨ ᠬᠡᠮᠵᠢᠭᠦᠷ》 ᠮᠥᠨ᠃ ᠤᠷᠴᠢᠮ᠎ᠤᠨ ᠵᠢᠯ ᠲᠣᠭ᠋ᠠᠴᠢᠯᠠᠭᠰᠠᠨ ᠬᠡᠷᠡᠭᠯᠡᠭᠡᠨ᠎ᠤ ᠲᠦᠭᠡᠮᠡᠯᠵᠢᠬᠦ ᠵᠢ ᠳᠠᠭ᠋ᠠᠯᠳᠤᠨ ᠲᠣᠭ᠋ᠠᠴᠢᠯᠠᠭᠰᠠᠨ ᠠᠷᠠᠳ᠎ᠤᠨ ᠶᠠᠪᠤᠳᠠᠯ᠎ᠤᠨ ᠦᠢ᠍ᠯᠡᠳᠦᠯ ᠲᠤᠢ᠌ᠯ᠎ᠤᠨ ᠶᠡᠬᠡ ᠲᠣᠪᠣᠢ᠌ᠮ᠎ᠠ ᠪᠣᠯᠵᠤ᠂ ᠢᠯᠠᠩᠭᠤᠶ᠎ᠠ 《ᠠᠷᠠᠳ᠎ᠤᠨ ᠶᠠᠪᠤᠳᠠᠯ᠎ᠤᠨ ᠠᠵᠢᠯ ᠦᠢ᠍ᠯᠡᠰ᠎ᠤᠨ ᠲᠣᠭ᠎ᠠ ᠪᠦᠷᠢᠳᠬᠡᠯ᠎ᠤᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ》᠎ᠢ ᠦᠷᠭᠦᠯᠵᠢᠯᠡᠨ ᠬᠡᠷᠡᠭᠯᠡᠬᠦ ᠵᠢᠨ ᠬᠠᠮᠲᠤ ᠰᠦᠯᠵᠢᠶᠡᠨ᠎ᠤ ᠬᠡᠪᠯᠡᠯ᠎ᠢ ᠲᠠᠰ ᠳᠡᠪᠰᠢᠭᠦᠯᠦᠭᠰᠡᠨ᠎ᠠᠴᠠ ᠠᠷᠠᠳ᠎ᠤᠨ ᠶᠠᠪᠤᠳᠠᠯ᠎ᠤᠨ ᠲᠣᠭ᠎ᠠ ᠪᠦᠷᠢᠳᠬᠡᠯ᠎ᠤᠨ ᠠᠵᠢᠯ᠎ᠨᠢ ᠠᠷᠠᠳ᠎ᠤᠨ ᠠᠮᠢᠳᠤᠷᠠᠯ᠎ᠳᠤ ᠦᠢ᠍ᠯᠡᠴᠢᠯᠡᠬᠦ᠂ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠡᠷᠭᠡ ᠲᠠᠯ᠎ᠠ᠎ᠪᠠᠷ ᠣᠨᠣᠪᠴᠢᠲᠠᠶ᠂ ᠨᠠᠢ᠌ᠳᠠᠪᠤᠷᠢᠲᠠᠢ᠂ ᠪᠥᠬᠥ ᠲᠠᠯ᠎ᠠ ᠵᠢᠨ ᠲᠣᠭ᠎ᠠ ᠪᠠᠷᠢᠮᠲᠠ ᠵᠢᠨ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠷᠠᠳ᠎ᠤᠨ ᠶᠠᠪᠤᠳᠠᠯ᠎ᠤᠨ ᠲᠣᠭ᠎ᠠ ᠪᠦᠷᠢᠳᠬᠡᠯ᠎ᠤᠨ ᠠᠵᠢᠯ᠎ᠤᠨ ᠡᠭᠦᠷᠭᠡ ᠬᠠᠷᠢᠭᠤᠴᠠᠯᠭᠠᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠣᠭ᠎ᠠ ᠪᠦᠷᠢᠳᠬᠡᠯ᠎ᠤᠨ ᠠᠵᠢᠯ᠎ᠤᠨ ᠵᠠᠩᠭᠢᠯᠠᠭ᠎ᠠ ᠵᠢᠨ ᠭᠣᠭᠴᠣᠭ᠎ᠠ ᠵᠢ ᠴᠢᠩᠭ᠎ᠠ ᠠᠩᠬᠠᠷᠴᠤ᠂ 《ᠳᠥᠷᠪᠡ ᠵᠢ ᠴᠢᠡᠭᠭ᠋ᠠᠳᠬᠠᠵᠤ᠂ ᠳᠥᠷᠪᠡ ᠵᠢ ᠳᠡᠭᠡᠭᠰᠢᠯᠡᠭᠦᠯᠬᠦ》 ᠬᠦᠴᠦᠲᠡᠢ ᠠᠷᠭ᠎ᠠ᠎ᠪᠠᠷ ᠠᠷᠠᠳ᠎ᠤᠨ ᠶᠠᠪᠤᠳᠠᠯ᠎ᠤᠨ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠵᠦ᠂ ᠲᠣᠭ᠎ᠠ ᠪᠦᠷᠢᠳᠬᠡᠯ᠎ᠤᠨ ᠠᠵᠢᠯ᠎ᠤᠨ ᠦᠷ᠎ᠡ ᠪᠦᠲᠦᠮᠵᠢ ᠵᠢ ᠴᠢᠡᠭᠭ᠋ᠠᠷᠠᠭᠤᠯᠤᠨ᠂ ᠦᠪᠡᠷ᠎ᠤᠨ ᠤᠨᠴᠠᠯᠢᠭ᠎ᠲᠠᠢ ᠰᠢᠨ᠎ᠡ ᠠᠷᠭ᠎ᠠ ᠵᠢ ᠰᠦᠪᠴᠢᠯᠡᠵᠤ ᠤᠯᠪᠠ᠃
ᠨᠢᠭᠡ᠂ ᠲᠣᠭᠲᠠᠴᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠲᠣᠭ᠎ᠠ ᠪᠦᠷᠢᠳᠬᠡᠯ᠎ᠤᠨ ᠬᠢᠨᠠᠯᠲᠠ ᠵᠢᠨ 《ᠲᠥᠪ ᠴᠢᠩᠭ᠎ᠠ ᠴᠢᠨᠠᠷ》᠎ᠢ ᠲᠡᠭᠡᠭᠰᠢᠯᠡᠬᠦᠯᠪᠡ᠃ ᠨᠢᠭᠡ᠎ᠳᠤ᠂ ᠲᠣᠭ᠎ᠠ ᠪᠦᠷᠢᠳᠬᠡᠯ᠎ᠤᠨ ᠠᠵᠢᠯ᠎ᠤᠨ ᠬᠠᠷᠢᠭᠤᠴᠠᠯᠭ᠎ᠠ ᠵᠢ ᠪᠤᠳᠠᠳᠠᠢ᠌ᠵᠢᠭᠤᠯᠪᠠ᠃ ᠲᠣᠭ᠎ᠠ ᠪᠦᠷᠢᠳᠬᠡᠯ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ ᠶᠣᠰᠣᠭ᠋ᠠᠷ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ ᠵᠢᠨ ᠱᠠᠲᠤ᠂ ᠬᠣᠰᠢᠭᠤ ᠰᠢᠶᠠᠨ ᠲᠣᠭᠣᠷᠢᠭ᠎ᠤᠨ ᠲᠤᠰᠬᠠᠢ ᠲᠤᠰᠢᠶᠠᠯᠲᠤ ᠲᠣᠭ᠎ᠠ ᠪᠦᠷᠢᠳᠬᠡᠯ᠎ᠤᠨ ᠠᠵᠢᠯᠲᠠᠨ᠎ᠢ ᠲᠣᠬᠢᠷᠠᠭᠤᠯᠵᠤ᠂ ᠡᠯ᠎ᠡ ᠲᠤᠬᠠᠢ᠌ᠯᠠᠭᠰᠠᠨ ᠠᠵᠢᠯ᠎ᠤᠨ ᠭᠠᠵᠠᠷ᠎ᠤᠨ᠎ᠬᠢᠨ ᠲᠤᠰᠬᠠᠢ ᠬᠥᠮᠥᠨ ᠲᠣᠭᠲᠠᠭ᠋ᠠᠨ ᠬᠠᠷᠢᠭᠤᠴᠠᠭᠤᠯᠵᠤ᠂ ᠱᠠᠲᠤ ᠱᠠᠲᠤ᠎ᠪᠠᠷ ᠬᠠᠷᠢᠭᠤᠴᠠᠬᠤ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢ ᠲᠠᠰ ᠬᠤᠪᠢᠶᠠᠨ ᠬᠢᠨᠠᠨ ᠬᠠᠷᠭᠤᠭᠤᠯᠬᠤ ᠲᠣᠭᠲᠠᠴᠠ ᠵᠢ ᠬᠡᠷᠡᠭᠵᠢᠭᠦᠯᠵᠦ᠂ ᠰᠠᠯᠠᠭ᠎ᠠ ᠮᠥᠴᠢᠷ᠎ᠤᠨ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠡᠬᠢ ᠡᠭᠦᠰᠦᠯ᠎ᠤᠨ ᠶᠠᠰᠤ ᠴᠢᠨᠠᠷ᠎ᠤᠨ ᠪᠣᠭᠣᠮᠲᠠ ᠵᠢ ᠴᠢᠩᠭ᠎ᠠ ᠠᠳᠬᠤᠵᠤ᠂ ᠰᠠᠯᠠᠭ᠎ᠠ ᠮᠥᠴᠢᠷ᠎ᠤᠨ ᠰᠠᠭᠤᠷᠢ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ᠂ ᠲᠣᠭ᠎ᠠ ᠪᠦᠷᠢᠳᠬᠡᠯ᠎ᠤᠨ ᠠᠵᠢᠯ᠎ᠤᠨ 《ᠭᠤᠯᠳᠤ ᠴᠢᠭᠯᠡᠯ ᠵᠶ᠋ᠡᠷ》 ᠲᠠᠭᠯᠠᠨ ᠮᠡᠳᠡᠭᠦᠯᠬᠦ ᠵᠢ ᠴᠠᠭ ᠲᠤᠬᠠᠢᠳᠤᠨᠢ ᠣᠨᠣᠪᠴᠢᠲᠠᠶ ᠪᠠᠢ᠌ᠬᠤ ᠂ 《ᠬᠥᠨᠳᠡᠯᠡᠨ ᠴᠢᠭᠯᠡᠯ ᠵᠶ᠋ᠡᠷ》 ᠬᠠᠷᠭᠤᠭᠤᠯᠬᠤ᠎ᠨᠢ ᠪᠦᠷᠢᠨ ᠪᠦᠲᠦᠨ ᠰᠠᠭ᠋ᠠᠳ ᠦᠭᠡᠢ ᠪᠠᠢ᠌ᠬᠤ ᠵᠢ ᠪᠠᠲᠤᠯᠠᠵᠤ᠂ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ᠂ ᠲᠤᠬᠠᠢ᠌ᠯᠠᠭᠰᠠᠨ ᠠᠵᠢᠯ᠎ᠤᠨ ᠲᠣᠭ᠎ᠠ ᠪᠠᠷᠢᠮᠲᠠ᠂ ᠲᠡᠦᠬᠡ ᠵᠢᠨ ᠲᠣᠭ᠎ᠠ ᠪᠠᠷᠢᠮᠲᠠ ᠵᠢ ᠬᠠᠷᠢᠯᠴᠠᠨ ᠵᠣᠯᠭ᠋ᠠᠭᠤᠯᠬᠤ ᠵᠢ ᠬᠠᠷᠢᠯᠴᠠᠨ ᠨᠢᠭᠡᠳᠬᠡᠬᠦ ᠵᠢ ᠪᠠᠷᠢᠮᠳᠠᠯᠠᠯᠠ᠃ ᠬᠣᠶᠠᠷ᠎ᠲᠤ᠂ ᠲᠣᠭ᠎ᠠ ᠪᠦᠷᠢᠳᠬᠡᠯ᠎ᠤᠨ ᠳᠦᠷᠢᠮ᠎ᠤᠨ ᠠᠷᠭ᠎ᠠ ᠵᠢ ᠲᠡᠬᠦᠯᠳᠡᠷᠵᠢᠬᠦᠯᠪᠡ᠃ ᠰᠠᠯᠠᠭ᠎ᠠ ᠮᠥᠴᠢᠷ᠎ᠤᠨ ᠲᠣᠭ᠎ᠠ ᠪᠦᠷᠢᠳᠬᠡᠯ᠎ᠤᠨ ᠪᠠᠢ᠌ᠴᠠᠭ᠋ᠠᠯᠲᠠ ᠵᠢᠨ ᠠᠵᠢᠯ᠎ᠢ ᠬᠠᠤᠯᠢ ᠶᠣᠰᠣᠭ᠋ᠠᠷ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ 《ᠠᠷᠠᠳ᠎ᠤᠨ ᠶᠠᠪᠤᠳᠠᠯ᠎ᠤᠨ ᠠᠵᠢᠯ ᠦᠢ᠍ᠯᠡᠰ᠎ᠤᠨ ᠲᠣᠭ᠎ᠠ ᠪᠦᠷᠢᠳᠬᠡᠯ᠎ᠤᠨ ᠪᠠᠢ᠌ᠴᠠᠭ᠋ᠠᠯᠲᠠ ᠵᠢᠨ ᠳᠦᠷᠢᠮ》᠎ᠢ ᠴᠢᠩᠭ᠎ᠠ ᠬᠡᠷᠡᠭᠵᠢᠭᠦᠯᠦᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠲᠣᠭ᠎ᠠ ᠪᠦᠷᠢᠳᠬᠡᠯ᠎ᠤᠨ ᠠᠵᠢᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠠᠵᠢᠯ᠎ᠤᠨ ᠳᠦᠷᠢᠮ᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠲᠣᠭ᠎ᠠ ᠪᠦᠷᠢᠳᠬᠡᠯ᠎ᠤᠨ ᠪᠠᠢ᠌ᠴᠠᠭ᠋ᠠᠯᠲᠠ ᠵᠢᠨ ᠠᠵᠢᠯ᠎ᠤᠨ ᠲᠠᠰ ᠳᠠᠷᠠᠭ᠋ᠠᠯᠠᠯ᠎ᠤᠨ ᠵᠢᠷᠤᠮᠵᠢᠯ᠎ᠢ ᠪᠠᠳᠤᠯᠠᠪᠠ᠃ ᠭᠤᠷᠪᠠ᠎ᠳᠤ᠂ ᠲᠣᠭ᠎ᠠ ᠪᠦᠷᠢᠳᠬᠡᠯ᠎ᠢ ᠬᠤᠳᠠᠯ ᠬᠠᠭᠤᠷᠮᠠᠭ ᠦᠢ᠍ᠯᠡᠳᠬᠦ ᠵᠢ ᠣᠯᠠᠨᠲᠠ ᠴᠠᠭ᠋ᠠᠵᠠᠯᠠᠵᠤ ᠦᠯᠦ ᠲᠠᠰᠤᠯᠳᠠᠭᠤᠯᠬᠤ ᠲᠤᠰᠬᠠᠢ ᠵᠠᠰᠠᠯᠲᠠ ᠵᠢᠨ ᠠᠵᠢᠯᠯᠠᠭ᠎ᠠ ᠵᠢ ᠯᠠᠪᠳᠠᠭᠤᠨ ᠦᠷᠨᠢᠬᠦᠯᠪᠡ᠃ ᠥᠪᠡᠷᠲᠡᠭᠡᠨ ᠵᠠᠰᠠᠬᠤ ᠣᠷᠣᠨ᠎ᠤ 《ᠲᠣᠭ᠎ᠠ ᠪᠦᠷᠢᠳᠬᠡᠯ᠎ᠢ ᠬᠠᠭᠤᠷᠮᠠᠭ ᠵᠶ᠋ᠠᠷ ᠦᠢ᠍ᠯᠡᠳᠬᠦ ᠵᠢ ᠬᠤᠷᠢᠬᠯᠠᠵᠤ ᠲᠡᠢ᠌ᠯᠬᠦ ᠦᠬᠡᠢ ᠪᠠᠢ᠌ᠬᠤ ᠠᠰᠠᠭᠤᠳᠠᠯ᠎ᠤᠨ ᠲᠤᠬᠠᠢ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠷᠭ᠎ᠠ᠎ᠨᠤᠭᠤᠳ》᠎ᠤᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠪᠥᠬᠥ ᠣᠷᠣᠨ᠎ᠤ ᠠᠷᠠᠳ᠎ᠤᠨ ᠶᠠᠪᠤᠳᠠᠯ᠎ᠤᠨ᠎ᠬᠢᠨ ᠵᠶ᠋ᠡᠷ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢ ᠥᠪᠡᠷ ᠵᠶ᠋ᠡᠷ᠎ᠨᠢ ᠪᠠᠢ᠌ᠴᠠᠭ᠋ᠠᠯᠭ᠋ᠠᠵᠤ᠂ ᠥᠪᠡᠷ ᠵᠶ᠋ᠡᠷ ᠨᠢ ᠵᠠᠯᠠᠷᠠᠭᠤᠯᠠᠭᠤᠯᠵᠤ᠂ ᠲᠣᠭ᠎ᠠ ᠪᠦᠷᠢᠳᠬᠡᠯ᠎ᠤᠨ ᠬᠠᠭᠤᠷᠮᠠᠭ ᠵᠶ᠋ᠠᠷ ᠦᠢ᠍ᠯᠡᠳᠬᠦ ᠵᠢ ᠰᠡᠷᠭᠡᠢ᠌ᠯᠡᠬᠦ ᠪᠠ ᠵᠠᠯᠬᠠᠭ᠋ᠠᠨ ᠰᠢᠢ᠍ᠳᠬᠡᠬᠦ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠂ ᠲᠣᠭ᠎ᠠ ᠪᠦᠷᠢᠳᠬᠡᠯ᠎ᠤᠨ ᠦᠢᠯᠡ ᠠᠵᠢᠯᠯᠠᠭ᠎ᠠ ᠵᠢ ᠵᠢᠷᠤᠮᠵᠢᠭᠤᠯᠤᠨ᠂ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠦᠨᠡᠨ ᠪᠣᠳᠠᠲᠠᠢ ᠣᠨᠣᠪᠴᠢᠲᠠᠶ ᠪᠠᠢ᠌ᠬᠤ ᠵᠢ ᠪᠠᠳᠤᠯᠠᠵᠠᠢ᠃
ᠬᠣᠶᠠᠷ᠂ ᠴᠢᠳᠠᠪᠤᠷᠢᠲᠠᠨ᠎ᠢ ᠬᠥᠮᠥᠵᠢᠭᠦᠯᠬᠦ ᠵᠢ ᠴᠢᠩᠭ᠋ᠠᠳᠬᠠᠵᠤ᠂ ᠲᠣᠭ᠎ᠠ ᠪᠦᠷᠢᠳᠬᠡᠯ᠎ᠤᠨ ᠬᠡᠷᠡᠭᠵᠢᠭᠦᠯᠦᠯᠲᠡ ᠵᠢᠨ 《ᠲᠤᠯᠭ᠋ᠠᠭᠤᠷᠢᠯᠠᠬᠤ ᠴᠢᠨᠠᠷ》᠎ᠢ ᠲᠡᠭᠡᠭᠰᠢᠯᠡᠬᠦᠯᠪᠡ᠃ ᠨᠢᠭᠡ᠎ᠳᠤ᠂ ᠪᠣᠯᠪᠠᠰᠤᠷᠠᠭᠤᠯᠬᠤ ᠠᠭᠤᠯᠭ᠎ᠠ ᠲᠡᠬᠡᠷ᠎ᠡ ᠬᠦᠴᠦ ᠲᠠᠯᠪᠢᠵᠠᠢ᠃ ᠵᠢᠯ᠎ᠤᠨ ᠡᠬᠢᠨ᠎ᠳᠤ ᠠᠷᠠᠳ᠎ᠤᠨ ᠶᠠᠪᠤᠳᠠᠯ᠎ᠤᠨ ᠲᠣᠭ᠎ᠠ ᠪᠦᠷᠢᠳᠬᠡᠯ᠎ᠤᠨ ᠪᠣᠯᠪᠠᠰᠤᠷᠠᠯ᠎ᠤᠨ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ ᠲᠥᠷᠥ ᠵᠢᠨ ᠪᠣᠳᠣᠯᠭ᠎ᠠ ᠵᠢᠨ ᠣᠨᠣᠯ᠂ ᠲᠤᠬᠠᠢ᠌ᠯᠠᠭᠰᠠᠨ ᠠᠵᠢᠯ᠎ᠤᠨ ᠤᠷ᠎ᠠ ᠴᠢᠳᠠᠪᠤᠷᠢ ᠪᠠ ᠰᠢᠰᠲ᠋ᠧᠮ᠎ᠤᠨ ᠠᠵᠢᠯᠯᠠᠭ᠎ᠠ ᠵᠡᠷᠭᠡ ᠵᠢ ᠪᠠᠭᠲᠠᠭ᠋ᠠᠭᠰᠠᠨ ᠨᠠᠷᠢᠨ ᠪᠣᠳᠠᠲᠠᠢ ᠪᠣᠯᠪᠠᠰᠤᠷᠠᠯ᠎ᠤᠨ ᠲᠥᠯᠥᠪᠯᠡᠭᠡ ᠵᠢ ᠳᠤᠷᠠᠳᠤᠨ ᠭᠠᠷᠭ᠋ᠠᠵᠤ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠲᠣᠭ᠎ᠠ ᠪᠦᠷᠢᠳᠬᠡᠯ᠎ᠤᠨ ᠺᠠᠳ᠋ᠷᠴᠤᠳ᠎ᠤᠨ 《ᠶᠠᠭᠤ ᠳᠤᠲᠠᠭᠳᠠᠪᠠᠯ ᠶᠠᠭᠤ ᠵᠢ ᠨᠥᠬᠥᠪᠦᠷᠢᠯᠡᠬᠦ》 《ᠶᠠᠭᠤ ᠵᠢ ᠨᠥᠬᠥᠪᠦᠷᠢᠯᠡᠪᠡᠯ ᠶᠠᠭᠤ ᠵᠢ ᠰᠢᠯᠢᠳᠡᠭᠵᠢᠭᠦᠯᠬᠦ》᠂ ᠪᠣᠯᠪᠠᠰᠤᠷᠠᠯ ᠰᠤᠷᠤᠯᠴᠠᠯᠭ᠎ᠠ᠎ᠨᠢ ᠠᠵᠢᠯ᠎ᠤᠨ ᠪᠣᠳᠠᠲᠤ ᠪᠠᠢ᠌ᠳᠠᠯ᠎ᠳᠤ ᠨᠠᠩ ᠰᠠᠢ᠌ᠨ ᠦᠢ᠍ᠯᠡᠴᠢᠯᠡᠬᠦ ᠵᠢ ᠪᠠᠲᠤᠯᠠᠪᠠ᠃ ᠬᠣᠶᠠᠷ᠎ᠲᠤ᠂ ᠪᠣᠯᠪᠠᠰᠤᠷᠠᠯ᠎ᠤᠨ ᠬᠡᠯᠪᠡᠷᠢ ᠵᠢᠨ ᠲᠠᠯ᠎ᠠ᠎ᠪᠠᠷ ᠰᠢᠪᠲᠤᠯᠤᠯᠲᠠ ᠭᠠᠷᠭ᠋ᠠᠬᠤ᠎ᠪᠠᠷ ᠴᠢᠷᠮᠠᠢ᠌ᠪᠠ᠃ ᠴᠢᠳᠬᠤᠬᠤ ᠮᠠᠶᠢᠭ᠎ᠤᠨ ᠪᠣᠯᠪᠠᠰᠤᠷᠠᠯ᠎ᠢ ᠰᠤᠷᠤᠭᠴᠢᠳ᠎ᠤᠨ ᠣᠷᠣᠯᠴᠠᠬᠤ ᠮᠠᠶᠢᠭ᠎ᠤᠨ ᠰᠤᠷᠤᠯᠴᠠᠯᠭ᠎ᠠ ᠪᠣᠯᠭ᠋ᠠᠨ ᠬᠤᠪᠢᠷᠠᠭᠤᠯᠵᠤ᠂ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠲᠣᠰ ᠪᠡᠶ᠎ᠡ ᠵᠢᠨ ᠲᠣᠭ᠎ᠠ ᠪᠦᠷᠢᠳᠬᠡᠯ᠎ᠤᠨ ᠪᠣᠯᠪᠠᠰᠤᠷᠠᠯ᠎ᠢ ᠲᠣᠭ᠎ᠠ ᠪᠦᠷᠢᠳᠬᠡᠯ᠎ᠤᠨ ᠰᠠᠯᠠᠭ᠎ᠠ ᠮᠥᠴᠢᠷ᠎ᠤᠨ ᠲᠤᠰᠬᠠᠢ ᠵᠦᠢ᠍ᠯ᠎ᠤᠨ ᠪᠣᠯᠪᠠᠰᠤᠷᠠᠯᠯᠤᠭᠠ ᠤᠶᠠᠯᠳᠤᠭᠤᠯᠵᠤ᠂ ᠮᠡᠷᠭᠡᠵᠢᠯ᠎ᠤᠨ ᠪᠠᠭᠰᠢ ᠵᠢ ᠬᠡᠷᠡᠭᠴᠡᠭᠡ ᠱᠠᠭ᠋ᠠᠷᠳᠠᠯᠭ᠎ᠠ᠎ᠲᠠᠢ ᠠᠢ᠌ᠮᠠᠭ ᠬᠣᠲᠠ᠎ᠳᠤ ᠣᠴᠢᠭᠤᠯᠤᠨ ᠨᠢᠭᠡ ᠨᠢᠭᠡ᠎ᠪᠠᠷ ᠵᠢᠭ᠋ᠠᠨ ᠵᠢᠯᠤᠭᠣᠳᠴᠤ᠂ ᠲᠣᠭ᠎ᠠ ᠪᠦᠷᠢᠳᠬᠡᠯ᠎ᠤᠨ ᠠᠵᠢᠯᠲᠠᠨ᠎ᠤ ᠰᠤᠷᠤᠯᠴᠠᠬᠤ ᠢᠳᠡᠪᠬᠢᠵᠢᠯ ᠪᠠ ᠪᠤᠳᠠᠳᠠᠢ᠎ᠪᠠᠷ ᠬᠢᠬᠦ ᠴᠢᠳᠠᠪᠤᠷᠢ ᠵᠢ ᠲᠡᠭᠡᠭᠰᠢᠯᠡᠭᠬᠦᠯᠤᠯᠡ᠃ ᠭᠤᠷᠪᠠ᠎ᠳᠤ᠂ ᠵᠠᠷᠤᠳᠠᠯ᠎ᠤᠨ ᠪᠠᠲᠤᠯᠠᠭ᠎ᠠ ᠵᠢᠨ ᠲᠠᠯ᠎ᠠ᠎ᠪᠠᠷ ᠪᠣᠳᠠᠲᠠᠢ ᠠᠷᠭ᠎ᠠ ᠠᠪᠴᠠᠢ᠃ ᠲᠣᠭ᠎ᠠ ᠪᠦᠷᠢᠳᠬᠡᠯ᠎ᠤᠨ ᠠᠵᠢᠯᠲᠠᠨ᠎ᠢ ᠬᠥᠮᠥᠵᠢᠭᠦᠯᠬᠦ ᠵᠢ ᠪᠠᠲᠤᠯᠠᠵᠤ᠂ ᠠᠵᠢᠯ᠎ᠤᠨ ᠴᠢᠬᠤᠯᠠ ᠪᠦᠬᠦᠢ ᠲᠦᠬᠦᠬᠡᠷᠤᠮᠵᠢ ᠵᠢ ᠲᠣᠬᠢᠷᠠᠭᠤᠯᠬᠤ ᠪᠠ ᠠᠵᠢᠯ᠎ᠤᠨ ᠨᠥᠬᠥᠴᠡᠯ᠎ᠢ ᠰᠠᠢ᠌ᠵᠢᠷᠠᠭᠤᠯᠬᠤ ᠵᠢ ᠴᠢᠩᠭ᠋ᠠᠳᠬᠠᠬᠤ ᠵᠢᠨ ᠲᠦᠯᠤᠬᠡ ᠥᠪᠡᠷᠲᠡᠭᠡᠨ ᠵᠠᠰᠠᠬᠤ ᠣᠷᠣᠨ᠎ᠠᠴᠠ ᠲᠣᠭ᠎ᠠ ᠪᠦᠷᠢᠳᠬᠡᠯ᠎ᠤᠨ ᠲᠤᠰᠬᠠᠢ ᠵᠦᠢ᠍ᠯ᠎ᠤᠨ ᠵᠠᠷᠤᠳᠠᠯ᠎ᠤᠨ ᠲᠥᠰᠥᠪ᠎ᠢ ᠣᠯᠠᠨ ᠵᠢᠯ ᠳᠠᠷᠠᠭ᠋ᠠᠯᠠᠨ ᠲᠣᠬᠢᠷᠠᠭᠤᠯᠬᠤ ᠵᠢᠨ ᠬᠠᠮᠲᠤ ᠲᠣᠭ᠎ᠠ ᠪᠦᠷᠢᠳᠬᠡᠯ᠎ᠤᠨ ᠠᠵᠢᠯ᠎ᠤᠨ ᠬᠡᠮᠵᠢᠶ᠎ᠡ ᠬᠢᠭᠡᠳ ᠲᠣᠭ᠎ᠠ ᠪᠦᠷᠢᠳᠬᠡᠯ᠎ᠤᠨ ᠮᠡᠳᠡᠭᠡᠯᠡᠬᠦ ᠦᠷ᠎ᠡ ᠳ᠋ᠦᠩ᠎ᠤᠨ ᠬᠦᠴᠦᠨ ᠵᠦᠢ᠍ᠯ᠎ᠤᠨ ᠶᠣᠰᠣᠭ᠋ᠠᠷ ᠵᠦᠢ ᠵᠣᠬᠢᠰᠲᠠᠢ ᠬᠤᠪᠢᠶᠠᠷᠢᠯᠠᠵᠤ᠂ ᠲᠣᠭ᠎ᠠ ᠪᠦᠷᠢᠳᠬᠡᠯ᠎ᠤᠨ ᠠᠵᠢᠯ᠎ᠢ ᠦᠷᠭᠦᠯᠵᠢᠯᠡᠨ ᠦᠷᠨᠢᠬᠦᠯᠬᠦ ᠵᠢ ᠪᠠᠳᠤᠯᠠᠬᠰᠠᠨ ᠪᠠᠢ᠌ᠨ᠎ᠠ᠃
ᠭᠤᠷᠪᠠ᠂ ᠲᠣᠭ᠎ᠠ ᠪᠠᠷᠢᠮᠲᠠ ᠵᠢ ᠬᠤᠪᠢᠶᠠᠯᠴᠠᠯᠠᠭᠠ ᠵᠢ ᠴᠢᠩᠭ᠋ᠠᠳᠬᠠᠵᠤ᠂ ᠲᠣᠭ᠎ᠠ ᠪᠦᠷᠢᠳᠬᠡᠯ᠎ᠤᠨ ᠦᠢ᠍ᠯᠡᠴᠢᠯᠡᠭᠡᠨ᠎ᠤ 《ᠰᠠᠨᠠᠭ᠋ᠠᠴᠢᠯᠠᠭ᠋ᠠᠲᠤ ᠴᠢᠨᠠᠷ》᠎ᠢ ᠲᠡᠭᠡᠭᠰᠢᠯᠡᠬᠦᠯᠪᠡ᠃ ᠨᠢᠭᠡ᠎ᠳᠤ᠂ ᠰᠠᠯᠠᠭ᠎ᠠ ᠮᠥᠴᠢᠷ᠎ᠤᠨ ᠲᠣᠭ᠎ᠠ ᠪᠠᠷᠢᠮᠲᠠ ᠵᠢ ᠬᠤᠪᠢᠶᠠᠯᠴᠠᠬᠤ ᠲᠣᠭᠲᠠᠴᠠ ᠵᠢᠨ ᠪᠠᠢ᠌ᠭᠤᠯᠤᠯᠲᠠ ᠵᠢ ᠠᠡᠭᠬᠠᠷᠴᠠᠢ᠃ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠯᠤᠭ᠎ᠠ ᠠᠵᠢᠯ᠎ᠤᠨ ᠵᠥᠪᠳᠡᠯᠴᠡᠬᠦ ᠲᠣᠭᠲᠠᠴᠠ ᠵᠢ ᠢᠳᠡᠪᠬᠢᠲᠡᠢ ᠪᠠᠢ᠌ᠭᠤᠯᠵᠤ᠂ ᠬᠠᠮᠲᠤᠷᠠᠯᠴᠠᠬᠤ ᠭᠣᠣᠯᠳᠠᠯᠭ᠎ᠠ᠎ᠪᠠᠨ ᠲᠣᠳᠣᠷᠬᠠᠢ᠌ᠯᠠᠨ᠂ ᠠᠷᠠᠳ᠎ᠤᠨ ᠶᠠᠪᠤᠳᠠᠯ᠎ᠤᠨ ᠲᠣᠭ᠎ᠠ ᠪᠦᠷᠢᠳᠬᠡᠯ᠎ᠤᠨ ᠬᠦᠷᠢᠶ᠎ᠡ ᠴᠠᠷᠠᠭ᠎ᠠ᠎ᠳᠤ᠎ᠬᠢ ᠬᠠᠮᠲᠤᠷᠠᠯᠴᠠᠭ᠎ᠠ ᠵᠢᠨ ᠴᠢᠬᠤᠯᠠ ᠶᠡᠬᠡ ᠤᠴᠢᠷ ᠶᠠᠪᠤᠳᠠᠯ᠎ᠢ ᠵᠣᠬᠢᠴᠠᠭᠤᠯᠤᠨ ᠰᠢᠢ᠍ᠳᠪᠦᠷᠢᠯᠡᠵᠦ᠂ ᠲᠣᠭ᠎ᠠ ᠪᠠᠷᠢᠮᠲᠠ ᠨᠡᠢ᠌ᠲᠡᠯᠡᠬᠦ᠂ ᠰᠡᠳᠦᠪ ᠰᠤᠳᠤᠯᠬᠤ ᠪᠠ ᠮᠠᠲ᠋ᠧᠷᠢᠶᠠᠯ ᠨᠠᠢ᠌ᠷᠠᠭᠤᠯᠬᠤ ᠵᠡᠷᠭᠡ ᠠᠵᠢᠯ᠎ᠢ ᠣᠨ ᠵᠶ᠋ᠠᠷ ᠬᠠᠮᠲᠤᠷᠠᠨ ᠥᠷᠨᠢᠭᠦᠯᠵᠦ᠂ ᠠᠷᠠᠳ᠎ᠤᠨ ᠶᠠᠪᠤᠳᠠᠯ᠎ᠤᠨ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢ ᠪᠦᠲᠦᠮᠵᠢᠲᠡᠶ ᠬᠤᠪᠢᠶᠠᠯᠴᠠᠬᠤ ᠪᠠ ᠵᠣᠯᠭ᠋ᠠᠭᠤᠯᠬᠤ ᠵᠢᠨ ᠰᠠᠭ᠋ᠠᠳ ᠦᠭᠡᠢ ᠨᠡᠪᠳᠡᠷᠡᠬᠦᠯᠪᠡ᠃ ᠬᠣᠶᠠᠷ᠎ᠲᠤ᠂ ᠲᠣᠭ᠎ᠠ ᠪᠦᠷᠢᠳᠬᠡᠯ᠎ᠤᠨ ᠬᠦᠷᠢᠶ᠎ᠡ ᠴᠠᠷᠠᠭ᠎ᠠ᠎ᠳᠤ᠎ᠬᠢ ᠵᠠᠩᠭᠢᠯᠠᠭ᠎ᠠ ᠵᠢᠨ ᠡᠭᠦᠷᠭᠡ᠎ᠳᠤ ᠠᠷᠠᠳ᠎ᠤᠨ ᠶᠠᠪᠤᠳᠠᠯ᠎ᠤᠨ ᠲᠣᠭ᠎ᠠ ᠪᠦᠷᠢᠳᠬᠡᠯ᠎ᠤᠨ ᠠᠵᠢᠯ᠎ᠢ ᠠᠵᠤ ᠠᠬᠤᠢ ᠨᠡᠢ᠌ᠭᠡᠮ᠎ᠤᠨ ᠴᠢᠬᠤᠯᠠ ᠡᠭᠦᠷᠭᠡ᠎ᠲᠠᠢ ᠨᠢᠭᠡᠳᠦᠯᠲᠡᠢ ᠪᠠᠢ᠌ᠯᠭ᠋ᠠᠵᠤ᠂ ᠰᠠᠯᠠᠭ᠎ᠠ ᠮᠥᠴᠢᠷ᠎ᠤᠨ ᠠᠯᠪᠠᠨ ᠰᠦᠯᠵᠢᠶ᠎ᠡ᠂ ᠸᠢᠴᠠᠲ ᠵᠶ᠋ᠡᠷ ᠪᠥᠬᠥ ᠤᠯᠤᠰ᠎ᠤᠨ ᠲᠠᠪᠤᠳᠤᠭ᠋ᠠᠷ ᠤᠳᠠᠭ᠋ᠠᠨ᠎ᠤ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠢ ᠴᠠᠭ ᠲᠤᠬᠠᠢᠳᠤᠨᠢ ᠪᠥᠬᠥ ᠲᠠᠯ᠎ᠠ᠎ᠪᠠᠷ ᠤᠬᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠨᠢᠬᠡᠴᠢ ᠵᠢᠨ ᠢᠯᠭ᠋ᠠᠷᠠᠭᠤᠯᠤᠨ ᠪᠠᠢ᠌ᠴᠠᠭ᠋ᠠᠬᠤ ᠱᠠᠲᠤ ᠦᠶ᠎ᠡ ᠵᠢᠨ ᠶᠠᠰᠤ ᠴᠢᠨᠠᠷ᠎ᠢ ᠰᠤᠭᠤᠴᠢᠨ ᠪᠠᠢ᠌ᠴᠠᠭ᠋ᠠᠬᠤ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠵᠤ᠂ ᠲᠣᠭ᠎ᠠ ᠪᠦᠷᠢᠳᠬᠡᠯ᠎ᠤᠨ ᠰᠠᠯᠠᠭ᠎ᠠ ᠮᠥᠴᠢᠷ᠎ᠯᠦᠭᠡ ᠭᠦᠨᠵᠡᠭᠡᠢ ᠬᠠᠮᠲᠤᠷᠠᠯᠴᠠᠨ ᠰᠣᠯᠢᠯᠴᠠᠬᠤ ᠵᠢ ᠴᠢᠩᠭ᠋ᠠᠷᠠᠭᠤᠯᠤᠨ᠂ ᠰᠠᠯᠠᠭ᠎ᠠ ᠮᠥᠴᠢᠷ᠎ᠤᠨ ᠲᠣᠭ᠎ᠠ ᠪᠦᠷᠢᠳᠬᠡᠯ᠎ᠤᠨ ᠠᠵᠢᠯ᠎ᠤᠨ ᠤᠷᠤᠭᠰᠢᠲᠠᠢ ᠶᠠᠪᠤᠭᠳᠠᠬᠤ ᠵᠢ ᠪᠠᠳᠤᠯᠠᠪᠠ᠃
ᠳᠥᠷᠪᠡ᠂ ᠠᠵᠢᠯ᠎ᠤᠨ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠲᠣᠭ᠎ᠠ ᠪᠦᠷᠢᠳᠬᠡᠯ᠎ᠤᠨ ᠬᠡᠷᠡᠭᠯᠡᠭᠡᠨ᠎ᠤ 《ᠣᠯᠠᠨ ᠶᠠᠩᠵᠤᠲᠤ ᠴᠢᠨᠠᠷ》᠎ᠢ ᠲᠡᠭᠡᠭᠰᠢᠯᠡᠬᠦᠯᠪᠡ᠃ ᠨᠢᠭᠡ᠎ᠳᠤ᠂ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢ ᠵᠠᠳᠠᠯᠤᠨ ᠬᠡᠷᠡᠭᠯᠡᠬᠦ ᠵᠢ ᠣᠯᠠᠨ ᠴᠢᠭᠯᠡᠯ ᠵᠶ᠋ᠡᠷ ᠴᠢᠡᠭᠭ᠋ᠠᠳᠬᠠᠵᠤ᠂ ᠲᠥᠰᠥᠪ ᠨᠠᠢ᠌ᠷᠠᠭᠤᠯᠬᠤ᠂ ᠪᠡᠯᠡ ᠮᠥᠩᠭᠥ ᠵᠢ ᠬᠤᠪᠢᠶᠠᠷᠢᠯᠠᠬᠤ᠂ ᠪᠠᠢ᠌ᠴᠠᠭ᠋ᠠᠨ ᠰᠤᠳᠤᠯᠬᠤ ᠰᠡᠳᠦᠪ᠎ᠢ ᠲᠤᠭᠤᠷᠪᠢᠨ ᠪᠢᠴᠢᠬᠦ ᠦᠶ᠎ᠡ᠎ᠳᠤ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢ ᠭᠦᠢ᠍ᠴᠡᠳ ᠬᠡᠷᠡᠭᠯᠡᠵᠦ᠂ ᠡᠯ᠎ᠡ ᠵᠦᠢ᠍ᠯ᠎ᠤᠨ ᠠᠵᠢᠯ᠎ᠤᠨ ᠨᠠᠷᠢᠯᠢᠭ ᠣᠨᠣᠪᠴᠢᠲᠤ ᠴᠢᠨᠠᠷ᠎ᠢ ᠳᠡᠭᠡᠭᠰᠢᠯᠡᠭᠦᠯᠵᠦ᠂ ᠲᠣᠭ᠎ᠠ ᠪᠦᠷᠢᠳᠬᠡᠯ᠎ᠤᠨ ᠠᠵᠢᠯ᠎ᠤᠨ ᠠᠷᠠᠳ᠎ᠤᠨ ᠶᠠᠪᠤᠳᠠᠯ᠎ᠤᠨ ᠠᠵᠢᠯ᠎ᠳᠤ ᠦᠵᠡᠭᠦᠯᠬᠦ ᠠᠬᠢᠭᠤᠯᠬᠤ ᠦᠢ᠍ᠯᠡᠳᠦᠯ᠎ᠢ ᠪᠠᠳᠠᠷᠠᠭᠤᠯᠪᠠ᠃ ᠬᠣᠶᠠᠷ᠎ᠲᠤ᠂ ᠵᠢᠯ᠎ᠤᠨ ᠳᠤᠮᠳᠠᠴᠢ᠎ᠪᠠᠷ ᠲᠣᠭ᠎ᠠ ᠪᠦᠷᠢᠳᠬᠡᠯ᠎ᠤᠨ ᠰᠢᠰᠲ᠋ᠧᠮ᠎ᠤᠨ ᠰᠦᠯᠵᠢᠶᠡᠨ᠎ᠤ ᠬᠡᠪᠯᠡᠯ᠎ᠢ ᠲᠤᠰ ᠣᠷᠣᠨ᠎ᠳᠤ᠎ᠪᠠᠨ ᠪᠠᠢ᠌ᠷᠢᠯᠠᠭᠤᠯᠵᠤ ᠲᠥᠷᠥᠯ ᠵᠦᠢ᠍ᠯ᠎ᠢ ᠬᠤᠳᠠᠯᠳᠤᠨ ᠠᠪᠬᠤ ᠠᠵᠢᠯ᠎ᠢ ᠪᠠᠢ᠌ᠷᠢᠯᠠᠭᠤᠯᠤᠭᠰᠠᠨ ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠢ᠌ᠲ᠋ᠠ ᠵᠢᠨ ᠲᠥᠪ᠎ᠤᠨ ᠢᠵᠢ ᠪᠦᠷᠢᠳᠦᠭᠦᠯᠦᠨ ᠲᠣᠰ ᠭᠠᠵᠠᠷ᠎ᠲᠤᠨᠢ ᠪᠠᠢ᠌ᠷᠢᠯᠠᠭᠤᠯᠬᠤ ᠡᠬᠢ ᠪᠠᠶᠠᠯᠢᠭ᠎ᠤᠨ ᠣᠷᠴᠢᠨ ᠲᠣᠭᠣᠷᠢᠨ᠎ᠲᠠᠢ ᠢᠳᠡᠪᠬᠢᠲᠡᠢ᠎ᠪᠠᠷ ᠵᠣᠯᠭ᠋ᠠᠭᠤᠯᠬᠤ ᠵᠢᠨ ᠬᠠᠮᠲᠤ ᠳ᠋ᠠᠢ᠌ᠲ᠋ᠠ ᠵᠢ ᠲᠥᠷᠥᠯ ᠬᠤᠪᠢᠶᠠᠨ ᠪᠠᠢ᠌ᠴᠠᠭ᠋ᠠᠨ ᠯᠠᠪᠯᠠᠬᠤ᠂ ᠳ᠋ᠠᠢ᠌ᠲ᠋ᠠ ᠵᠢ ᠵᠢᠯ ᠠᠯᠤᠰᠯᠠᠨ ᠪᠠᠢ᠌ᠴᠠᠭ᠋ᠠᠨ ᠯᠠᠪᠯᠠᠬᠤ᠂ ᠵᠤᠷᠰᠢᠯᠲᠤ ᠳ᠋ᠠᠢ᠌ᠲ᠋ᠠ ᠵᠢᠨ ᠵᠠᠳᠠᠯᠤᠯᠲᠠ ᠵᠢᠨ ᠬᠡᠰᠡᠭ᠎ᠢ ᠨᠡᠭᠡᠭᠡᠨ ᠬᠥᠭᠵᠢᠭᠦᠯᠬᠦ ᠵᠢ ᠰᠦᠪᠡᠭᠴᠢᠯᠡᠨ ᠪᠡᠶᠡᠯᠡᠭᠦᠯᠵᠦ᠂ ᠡᠭᠦᠨ᠎ᠤ ᠤᠯᠠᠮ ᠵᠶ᠋ᠠᠷ ᠳ᠋ᠠᠢ᠌ᠲ᠋ᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠦᠪᠰᠢᠨ᠎ᠢ ᠳᠡᠭᠡᠭᠰᠢᠯᠡᠭᠦᠯᠦᠨ᠂ ᠠᠷᠠᠳ᠎ᠤᠨ ᠶᠠᠪᠤᠳᠠᠯ᠎ᠤᠨ ᠲᠣᠭ᠎ᠠ ᠪᠦᠷᠢᠳᠬᠡᠯ᠎ᠤᠨ ᠳ᠋ᠠᠢ᠌ᠲ᠋ᠠ ᠵᠢᠨ ᠡᠬᠢ ᠪᠠᠶᠠᠯᠢᠭ᠎ᠤᠨ ᠰᠢᠰᠲᠸᠮ᠎ᠢ ᠲᠡᠬᠦᠯᠳᠡᠷᠵᠢᠬᠦᠯᠦᠭᠰᠡᠨ ᠪᠠᠢ᠌ᠨ᠎ᠠ᠃