ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠮᠠᠨ᠎ᠤ ᠠᠵᠢᠯᠯᠠᠭ᠎ᠠ》 ᠵᠢᠨ ᠰᠢᠷᠢᠰ ᠮᠡᠳᠡᠭᠡᠯᠡᠯ (ᠬᠣᠷᠢᠨ ᠵᠢᠷᠭᠤᠭ᠎ᠠ)
ᠨᠡᠶᠢᠲᠡᠯᠡᠭᠰᠡᠨ ᠴᠠᠭ᠄ 2023-11-30

    ᠰᠢ ᠵᠢᠨ ᠫᠢᠩ ᠶᠡᠷᠦᠩᠬᠡᠢ ᠱᠦᠵᠢ ᠵᠢᠨ ᠪᠠᠭ᠋ᠠᠴᠤᠳ ᠬᠡᠦᠬᠡᠳ᠎ᠤᠨ ᠠᠵᠢᠯ᠎ᠢ ᠰᠠᠢ᠌ᠲᠤᠷ ᠬᠢᠬᠦ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠵᠤ᠂ ᠨᠡᠢ᠌ᠭᠡᠮ ᠲᠠᠶᠠᠭ᠋ᠠᠷ ᠵᠶ᠋ᠡᠨ ᠪᠠᠭ᠋ᠠᠴᠤᠳ ᠬᠡᠦᠬᠡᠳ᠎ᠢ ᠣᠢ᠌ᠯᠠᠭ᠋ᠠᠬᠤ᠂ ᠬᠦᠨᠳᠦᠳᠬᠡᠬᠦ᠂ ᠬᠠᠯᠠᠮᠵᠢᠯᠠᠬᠤ᠂ ᠦᠢ᠍ᠯᠡᠴᠢᠯᠡᠬᠦ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠶ ᠪᠤᠯᠭ᠋ᠠᠬᠤ ᠵᠢᠨ ᠲᠦᠯᠤᠬᠡ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ᠂ ᠪᠠᠶᠠᠨᠨᠠᠭᠤᠷ ᠬᠣᠲᠠ ᠵᠡᠷᠭᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠤᠷᠴᠢᠮ᠎ᠳᠤ ᠲᠤᠬᠠᠢ ᠵᠢᠨ ᠭᠠᠵᠠᠷ᠎ᠤᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠲᠡᠮᠵᠢᠨ ᠵᠢᠯᠤᠭᠣᠳᠴᠤ ᠪᠠᠢ᠌ᠭ᠋ᠠᠳ ᠨᠡᠢ᠌ᠭᠡᠮ᠎ᠤᠨ ᠨᠢᠭᠦᠯᠡᠰᠦᠩᠭᠦᠢ ᠵᠢᠨ ᠡᠬᠢ ᠪᠠᠶᠠᠯᠢᠭ᠎ᠢ ᠬᠣᠯᠪᠣᠬᠤ᠂ ᠭᠡᠷ ᠪᠦᠯᠢ ᠵᠢᠨ ᠬᠥᠮᠦᠵᠢᠯ᠎ᠤᠨ ᠲᠠᠢ᠌ᠯᠤᠮᠵᠢ ᠡᠷᠭᠢᠯᠡᠬᠦ᠂ ᠵᠠᠯᠠᠭᠤᠴᠤᠳ ᠪᠠᠭ᠋ᠠᠴᠤᠳ᠎ᠢ ᠵᠣᠬᠢᠶᠠᠨ ᠪᠠᠢ᠌ᠭᠤᠯᠵᠤ ᠰᠠᠢ᠌ᠨ ᠳᠤᠷ᠎ᠠ ᠵᠢᠨ ᠠᠵᠢᠯᠯᠠᠭ᠎ᠠ᠎ᠳᠤ ᠣᠷᠣᠯᠴᠠᠭᠤᠯᠬᠤ ᠵᠡᠷᠭᠡ ᠠᠷᠭ᠎ᠠ ᠎ᠪᠠᠷ ᠪᠠᠭ᠋ᠠᠴᠤᠳ ᠬᠡᠦᠬᠡᠳ᠎ᠤᠨ ᠡᠷᠡᠭᠦᠯ ᠦᠰᠦᠨ ᠪᠤᠢ᠌ᠵᠢᠬᠤ᠎ᠳᠤ ᠨᠥᠬᠥᠴᠡᠯ ᠪᠦᠷᠢᠯᠳᠦᠭᠦᠯᠦᠨ ᠥᠭᠴᠦ᠂ ᠨᠡᠯᠢᠶᠡᠳ ᠰᠠᠢ᠌ᠨ ᠠᠵᠢᠯᠯᠠᠭ᠋ᠠᠨ᠎ᠤ ᠦᠷ᠎ᠡ ᠪᠦᠲᠦᠮᠵᠢ ᠣᠯᠣᠭᠰᠠᠨ ᠪᠠᠢ᠌ᠨ᠎ᠠ᠃

W020231130358610363477.png


   ᠬᠥᠬᠡᠬᠣᠲᠠ ᠵᠢᠨ ᠮᠦ᠍ ᠰᠢᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠪ᠎ᠤᠨ᠎ᠬᠢᠨ ᠰᠠᠨ ᠱᠦᠨ ᠳ᠋ᠢᠶᠠᠨ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠵᠥᠪᠯᠡᠯ᠎ᠤᠨ᠎ᠬᠢᠨ᠎ᠲᠠᠢ ᠬᠠᠮᠲᠤᠷᠠᠨ 《ᠠᠮᠢᠵᠢᠷᠠᠯ᠎ᠤᠨ ᠬᠦᠴᠦᠨ ᠵᠶ᠋ᠡᠷ ᠵᠠᠯᠠᠭᠤ ᠨᠠᠰᠤ ᠵᠢ ᠭᠣᠶᠣᠵᠢᠭᠤᠯᠬᠤ ᠨᠡᠢ᠌ᠭᠡᠮ ᠲᠣᠭᠣᠷᠢᠭ》 ᠬᠡᠬᠦ ᠭᠡᠷ᠎ᠤᠨ ᠭᠠᠳᠠᠨᠠᠬᠢ ᠰᠤᠳᠤᠯᠤᠨ ᠰᠤᠷᠤᠯᠴᠠᠬᠤ ᠠᠵᠢᠯᠯᠠᠭ᠎ᠠ ᠵᠢ ᠥᠷᠨᠢᠭᠦᠯᠪᠡ᠃ ᠨᠡᠢ᠌ᠭᠡᠮ᠎ᠤᠨ ᠠᠵᠢᠯᠲᠠᠳ ᠵᠠᠯᠠᠭᠤ ᠪᠠᠭ᠎ᠠ ᠰᠠᠢ᠌ᠨ ᠲᠤᠷᠠᠴᠤᠤᠯ᠎ᠢ ᠲᠠᠢ᠌ᠴᠢᠯᠠᠵᠤ ᠨᠡᠢ᠌ᠭᠡᠮ ᠲᠣᠭᠣᠷᠢᠭ᠎ᠤᠨ ᠣᠷᠴᠢᠨ ᠲᠣᠭᠣᠷᠢᠨ᠎ᠢ ᠰᠠᠢ᠌ᠵᠢᠷᠠᠭᠤᠯᠬᠤ ᠵᠡᠷᠭᠡ ᠨᠡᠢ᠌ᠭᠡᠮ᠎ᠤᠨ ᠦᠢ᠍ᠯᠡᠳᠦᠯᠭᠡ ᠵᠢᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠭᠤᠯᠬᠤ ᠵᠢᠨ ᠬᠠᠮᠲᠤ ᠾᠦ᠍ᠸᠸ ᠱᠸᠨ ᠱᠠᠨ ᠡᠮᠨᠡᠯᠭᠡ ᠵᠢᠨ ᠬᠣᠷᠢᠶᠠᠨ᠎ᠤ ᠪᠦᠲᠦᠭᠡᠨ ᠪᠠᠢ᠌ᠭᠤᠯᠤᠭᠴᠢᠳ᠎ᠤᠨ ᠦᠯᠢᠬᠡᠷ᠎ᠢ ᠲᠤᠰᠬᠠᠬᠰᠠᠨ 《ᠳᠤᠮᠳᠠᠳᠤ ᠤᠯᠤᠰ᠎ᠤᠨ ᠬᠤᠷᠳᠤᠴᠠ ᠪᠣᠯ ᠮᠠᠨ᠎ᠤ ᠡᠭᠦᠷᠭᠡ》 ᠭᠡᠬᠦ ᠹᠢᠯᠢᠮ᠎ᠢ ᠦᠵᠡᠭᠦᠯᠵᠦ᠂ ᠵᠠᠯᠠᠭᠤ ᠪᠠᠭ᠎ᠠ ᠰᠠᠢ᠌ᠨ ᠲᠤᠷᠠᠴᠤᠤᠯ᠎ᠤᠨ ᠨᠡᠢ᠌ᠭᠡᠮ᠎ᠢ ᠮᠡᠳᠡᠷᠡᠬᠦ ᠰᠡᠳᠬᠢᠯᠬᠡ ᠪᠤᠯᠤᠨ ᠬᠠᠷᠢᠭᠤᠴᠠᠯᠭ᠋ᠠᠲᠤ ᠰᠡᠳᠬᠢᠯᠭᠡ ᠵᠢ᠎ᠨᠢ ᠴᠢᠡᠭᠭ᠋ᠠᠳᠬᠠᠪᠠ᠃

        W020231130358610411106.png

   ᠪᠤᠭᠤᠲᠤ ᠬᠣᠲᠠ ᠵᠢᠨ ᠵᠢᠦ᠋ᠶᠤᠸᠠᠨ ᠲᠣᠭᠣᠷᠢᠭ᠎ᠤᠨ ᠱᠠ ᠾᠧ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠡᠢ᠌ᠭᠡᠮ᠎ᠤᠨ ᠠᠵᠢᠯ᠎ᠤᠨ ᠥᠷᠲᠡᠭᠡ ᠵᠢᠨ᠎ᠬᠢᠨ ᠨᠢᠭᠦᠯᠡᠰᠦᠩᠭᠦᠢ ᠵᠢᠨ ᠡᠬᠢ ᠪᠠᠶᠠᠯᠢᠭ᠎ᠢ ᠢᠳᠡᠪᠬᠢᠲᠡᠢ ᠬᠣᠯᠪᠣᠵᠤ᠂ ᠪᠤᠭᠤᠲᠤ ᠬᠣᠲᠠ ᠵᠢᠨ ᠨᠢᠭᠦᠯᠡᠰᠦᠩᠭᠦᠢ ᠵᠢᠨ ᠶᠡᠷᠦᠩᠬᠡᠢ ᠡᠪᠯᠡᠯ᠎ᠤᠨ᠎ᠬᠢᠨ᠎ᠲᠠᠢ ᠬᠠᠮᠲᠤ᠎ᠪᠠᠷ 《ᠨᠠᠰᠤᠨ᠎ᠳᠤ ᠥᠯᠥ ᠭᠦᠷᠦᠭᠰᠡᠳ᠎ᠤᠨ ᠰᠤᠷᠤᠯᠭ᠎ᠠ ᠵᠢ ᠲᠡᠳᠬᠦᠬᠦ ᠰᠠᠭᠤᠷᠢ ᠮᠥᠩᠭᠥ》 ᠪᠠᠢ᠌ᠭᠤᠯᠵᠤ᠂ ᠬᠠᠷᠢᠶᠠᠲᠤ ᠣᠷᠣᠨ᠎ᠤ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ  ᠰᠤᠷᠤᠯᠭ᠎ᠠ ᠵᠢ ᠲᠡᠳᠬᠦᠬᠦ ᠠᠵᠢᠯᠯᠠᠭ᠎ᠠ ᠥᠷᠨᠢᠭᠦᠯᠪᠡ᠃ ᠪᠠᠢ᠌ᠳᠠᠯ᠎ᠢ ᠣᠢ᠌ᠯᠠᠭ᠋ᠠᠵᠤ ᠵᠢᠭᠰᠠᠭ᠋ᠠᠨ ᠪᠠᠢ᠌ᠴᠠᠭ᠋ᠠᠬᠤ ᠪᠠ ᠨᠠᠷᠢᠯᠢᠭ ᠣᠨᠣᠴᠠᠲᠠᠢ᠎ᠪᠠᠷ ᠢᠯᠭ᠋ᠠᠨ ᠲᠠᠨᠢᠬᠤ᠎ᠪᠠᠷ ᠳᠡᠮᠵᠢᠨ ᠨᠥᠬᠥᠴᠡᠯ᠎ᠳᠤ ᠨᠡᠢ᠌ᠴᠡᠬᠦ ᠬᠦᠴᠢᠷᠳᠡᠯ᠎ᠳᠤ ᠲᠤᠯᠭ᠋ᠠᠷᠠᠭᠰᠠᠨ 8 ᠬᠡᠦᠬᠡᠳ᠎ᠢ ᠲᠡᠳᠬᠦᠵᠦ᠂ ᠰᠤᠷᠤᠯᠭ᠎ᠠ᠎ᠪᠠᠨ ᠠᠮᠵᠢᠯᠳᠠ᠎ᠲᠠᠢ ᠲᠡᠬᠦᠰᠬᠡᠬᠦ᠎ᠪᠠᠷ ᠲᠤᠬᠳᠠᠵᠠᠢ᠃

    W020231130358610459703.png

   ᠣᠷᠳᠣᠰ ᠬᠤᠳᠠ ᠵᠢᠨ ᠳᠠᠯᠠᠳ ᠬᠣᠰᠢᠭᠤᠨ᠎ᠤ ᠨᠡᠢ᠌ᠭᠡᠮ᠎ᠤᠨ ᠠᠵᠢᠯ᠎ᠤᠨ ᠬᠣᠯᠪᠣᠭ᠋ᠠᠲᠤ ᠬᠤᠷᠠᠯ᠎ᠤᠨ᠎ᠬᠢᠨ ᠬᠣᠰᠢᠭᠤᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠂ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠂ ᠱᠧᠨᠵᠧᠨ᠎ᠤ 《ᠨᠢᠬᠡ》 ᠨᠡᠶ᠋ᠢᠲᠡ ᠵᠢᠨ ᠠᠰᠠᠷᠠᠮᠵᠢ ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠤᠨ᠎ᠬᠢᠨ᠎ᠲᠠᠢ ᠬᠠᠮᠲᠤ᠎ᠪᠠᠷ 《ᠨᠢᠬᠡ》 ᠰᠠᠭᠤᠷᠢ ᠮᠥᠩᠭᠥᠨ᠎ᠤ ᠨᠡᠢ᠌ᠬᠡᠮᠯᠢᠭ᠎ᠤᠨ᠎ᠬᠢᠨ᠎ᠤ 《ᠬᠡᠦᠬᠡᠳ᠎ᠢ  ᠬᠠᠯᠠᠮᠵᠢᠯᠠᠳᠠᠭ ᠳᠠᠯᠠᠳ》 ᠬᠡᠮᠡᠬᠦ ᠨᠡᠢ᠌ᠭᠡᠮ᠎ᠤᠨ ᠠᠵᠢᠯᠲᠠᠨ᠎ᠤ  ᠰᠠᠢ᠌ᠨ  ᠲᠤᠷᠠᠴᠤᠤᠯ᠎ᠤᠨ ᠠᠵᠢᠯᠯᠠᠭ᠎ᠠ ᠵᠢ ᠥᠷᠨᠢᠭᠦᠯᠵᠡᠢ᠃ 200 ᠪᠠᠭ᠋ᠠᠴᠤᠳ ᠬᠡᠦᠬᠡᠳ᠎ᠲᠤ ᠬᠤᠪᠴᠠᠰᠤ ᠬᠤᠨᠠᠷ᠂ ᠪᠢᠴᠢᠭ᠎ᠤᠨ ᠬᠡᠷᠡᠭᠰᠡᠯ᠂ ᠨᠠᠭ᠋ᠠᠳᠤᠮ ᠲᠤᠬᠯᠠᠭ᠋ᠠᠮ ᠪᠠ ᠭᠠᠷ᠎ᠤᠨ ᠲᠣᠰᠣ ᠰᠠᠪᠠᠯᠠᠬᠰᠠᠨ 《〈ᠨᠢᠬᠡ〉 ᠰᠠᠭᠤᠷᠢ ᠮᠥᠩᠭᠥᠨ᠎ᠤ ᠪᠣᠭᠴᠣ》 ᠵᠢ ᠪᠡᠯᠡᠭᠯᠡᠵᠤ᠂ ᠬᠡᠦᠬᠡᠳ᠎ᠲᠤ ᠢᠷᠦᠭᠡᠯ  ᠵᠦᠡᠭᠨᠡᠯ ᠲᠡᠪᠰᠢᠬᠦᠯᠪᠡ᠃

W020231130358610498836.png


   ᠪᠠᠶᠠᠨᠨᠠᠭᠤᠷ ᠬᠤᠳᠠ ᠵᠢᠨ ᠷᠧᠨ ᠠᠢ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠪ᠎ᠤᠨ᠎ᠬᠢᠨ ᠳ᠋ᠥ᠋ᠩᠺᠸᠤ ᠰᠢᠶᠠᠨ᠎ᠤ ᠨᠠᠨᠺᠠᠢ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠵᠥᠪᠯᠡᠯ᠎ᠤᠨ᠎ᠬᠢᠨ᠎ᠲᠠᠢ ᠬᠠᠮᠳᠤ᠎ᠪᠠᠷ ᠭᠡᠷ ᠪᠦᠯᠢ ᠵᠢᠨ ᠬᠥᠮᠦᠵᠢᠯ᠎ᠤᠨ ᠮᠡᠳᠡᠯᠭᠡ ᠵᠢᠨ ᠲᠠᠢ᠌ᠯᠤᠮᠵᠢ ᠬᠢᠪᠡ᠃ ᠣᠨᠴᠠ ᠤᠷᠢᠭᠰᠠᠨ ᠯᠧᠺᠲ᠋ᠣᠷ ᠬᠠᠷᠢᠶᠠᠲᠤ ᠣᠷᠣᠨ᠎ᠤ᠎ᠪᠠᠨ ᠰᠠᠭᠤᠭ᠋ᠠᠯᠢ ᠠᠷᠠᠳ᠎ᠲᠤ ᠬᠡᠦᠬᠡᠳ᠎ᠤᠨ ᠪᠡᠶ᠎ᠡ ᠰᠡᠳᠬᠢᠯ᠎ᠤᠨ ᠬᠥᠭᠵᠢᠯᠲᠡ ᠵᠢᠨ ᠣᠨᠴᠠᠯᠢᠭ᠂ ᠱᠠᠳᠤᠴᠢ ᠡᠭᠦᠷᠭᠡ ᠪᠠ ᠭᠡᠷ ᠪᠦᠯᠢ ᠵᠢᠨ ᠬᠥᠮᠦᠵᠢᠯ᠎ᠤᠨ ᠴᠢᠬᠤᠯᠠ ᠦᠢ᠍ᠯᠡᠳᠦᠯ᠎ᠢ ᠤᠬᠠᠭᠤᠯᠵᠤ᠂ ᠭᠡᠷ᠎ᠤᠨ ᠠᠬᠠᠮᠠᠳ᠎ᠤᠨ ᠬᠡᠦᠬᠡᠳ᠎ᠤᠨ ᠦᠰᠦᠨ ᠪᠣᠶ᠋ᠢᠵᠢᠯᠲᠠ ᠵᠢᠨ ᠬᠥᠮᠦᠵᠢᠯ᠎ᠤᠨ ᠲᠤᠬᠠᠢ ᠲᠠᠨᠢᠯᠲᠠ ᠵᠢ ᠳᠡᠭᠡᠭᠰᠢᠯᠡᠭᠦᠯᠦᠨ᠂ ᠰᠠᠢ᠌ᠨ ᠰᠠᠢ᠌ᠬᠠᠨ ᠨᠡᠪᠲᠡᠷᠡᠯᠴᠡᠬᠦ ᠠᠷᠭ᠎ᠠ ᠵᠠᠮ᠎ᠢ ᠪᠠᠶ᠋ᠢᠭᠤᠯᠬᠤ᠎ᠳᠤ ᠢᠳᠡᠪᠬᠢ ᠦᠢ᠍ᠯᠡᠳᠦᠯ ᠦᠵᠡᠭᠦᠯᠦᠭᠰᠡᠨ ᠪᠠᠢ᠌ᠨ᠎ᠠ᠃



 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠬᠡᠰᠡᠭ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠵᠤ ᠪᠠᠢ ᠾᠧ ᠵᠢᠶᠠ ᠶᠤᠸᠠᠨ ᠪᠦᠯᠦᠭᠯᠡᠯ᠎ᠤᠨ᠎ᠬᠢᠨ᠎ᠲᠠᠢ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠲᠥᠷᠥᠯ ᠵᠦᠢ᠍ᠯ᠎ᠤᠨ ᠬᠠᠮᠳᠤᠷᠠᠯᠴᠠᠭ᠎ᠠ ᠵᠢ ᠵᠤᠯᠭ᠋ᠠᠭᠤᠯᠪᠠ
ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ ᠨᠠᠮ᠎ᠤᠨ ᠡᠭᠦᠷ᠎ᠤᠨ᠎ᠬᠢᠨ ᠨᠡᠢ᠌ᠭᠡᠮᠯᠢᠭ᠎ᠲᠤ ᠭᠦᠨᠵᠡᠭᠡᠢ᠌ᠷᠡᠨ 《ᠬᠣᠶᠠᠷ᠎ᠲᠤ ᠬᠦᠷᠴᠤ᠂ ᠬᠣᠶᠠᠷ᠎ᠢ ᠠᠬᠢᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2022 ᠣᠨ᠎ᠤ ᠡᠩ᠎ᠤᠨ ᠣᠯᠠᠨ ᠨᠡᠶ᠋ᠢᠲᠡ ᠵᠢᠨ ᠲᠥᠰᠥᠪ ᠪᠠ ᠠᠰᠠᠷᠠᠮᠵᠢ ᠵᠢᠨ ᠱᠠᠡᠭᠨᠠᠯᠳᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠢᠨ ᠠᠵᠢᠯ᠎ᠤᠨ ᠪᠦᠲᠦᠮᠵᠢ ᠵᠢᠨ ᠦᠨᠡᠯᠡᠯᠲᠡ ᠵᠢ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠵᠤ ᠲᠠᠭᠤᠰᠬᠠᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 60 ᠵᠦᠢ᠍ᠯ᠎ᠤᠨ ᠠᠷᠭ᠎ᠠ ᠵᠢ ᠨᠡᠢ᠌ᠲᠡᠯᠡᠵᠦ᠂ ᠠᠵᠢᠯ ᠵᠶ᠋ᠡᠨ ᠪᠥᠬᠥ ᠲᠠᠯ᠎ᠠ᠎ᠪᠠᠷ 《ᠪᠠᠷᠢᠮᠵᠢᠶ᠎ᠠ ᠵᠢ ᠲᠡᠭᠡᠭᠰᠢᠯᠡᠬᠦᠯᠵᠤ᠂ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠵᠢ ᠠᠬᠢᠭᠤᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ 《ᠪᠠᠷᠢᠮᠵᠢᠶ᠎ᠠ ᠵᠢ ᠲᠡᠭᠡᠭᠰᠢᠯᠡᠬᠦᠯᠵᠤ᠂ ᠬᠤᠷᠳᠤᠴᠠ ᠵᠢ ᠲᠦᠷᠬᠡᠳᠬᠡᠨ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠲᠤᠰᠬᠠᠢ ᠠᠵᠢᠯᠯᠠᠭ᠎ᠠ ᠵᠢᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
 
            