ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠨᠡᠢ᠌ᠭᠡᠮ᠎ᠤᠨ ᠶᠠᠪᠤᠳᠠᠯ᠎ᠤᠨ ᠭᠠᠵᠠᠷ᠎ᠤᠨ᠎ᠬᠢᠨ ᠬᠥᠯᠥᠨ ᠪᠣᠶ᠋ᠢᠷ ᠬᠣᠲᠠ᠎ᠳᠤ ᠪᠠᠢ᠌ᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2023-11-28

    ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠡᠢ᠌ᠭᠡᠮ᠎ᠤᠨ ᠶᠠᠪᠤᠳᠠᠯ᠎ᠤᠨ ᠭᠠᠵᠠᠷ᠎ᠤᠨ᠎ᠬᠢᠨ 11 ᠳ᠋ᠤᠬᠡᠷ ᠰᠠᠷ᠎ᠠ ᠵᠢᠨ 20᠎ᠤ ᠡᠳᠦᠷ᠎ᠠᠴᠠ 24᠎ᠤ ᠡᠳᠦᠷ ᠬᠥᠯᠥᠨ ᠪᠣᠶ᠋ᠢᠷ ᠬᠣᠲᠠ ᠵᠢᠨ ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤ᠂ ᠡᠷᠭᠦᠨ᠎ᠡ ᠬᠣᠲᠠ᠂ ᠬᠡᠬᠡᠡᠭᠤᠤᠯ ᠬᠣᠲᠠ᠂ ᠣᠷᠴᠣᠨ᠎ᠤ ᠥᠪᠡᠷᠲᠡᠭᠡᠨ ᠵᠠᠰᠠᠬᠤ ᠬᠣᠰᠢᠭᠤ ᠵᠡᠷᠭᠡ 9 ᠬᠣᠰᠢᠭᠤ ᠰᠢᠶᠠᠨ᠎ᠳᠤ ᠨᠡᠢ᠌ᠭᠡᠮ᠎ᠤᠨ ᠶᠠᠪᠤᠳᠠᠯ᠎ᠤᠨ ᠠᠵᠢᠯ᠎ᠢ ᠪᠠᠢ᠌ᠴᠠᠭ᠋ᠠᠨ ᠰᠤᠳᠤᠯᠪᠠ᠃

          W020231203596631037845_ORIGIN.jpg


    ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠣᠷᠣᠰᠢᠭᠤᠯᠭ᠎ᠠ ᠵᠢᠨ ᠭᠠᠵᠠᠷ᠂ ᠣᠷᠣᠭ᠎ᠤᠨ ᠲᠠᠡᠭᠰᠠᠯᠠᠬᠤ ᠭᠠᠵᠠᠷ᠂ ᠲᠡᠨᠦᠭᠦᠯ ᠭᠤᠢ᠌ᠷᠠᠨᠴᠢ ᠵᠢ ᠲᠤᠰᠠᠯᠠᠬᠤ ᠥᠷᠲᠡᠭᠡ ᠵᠡᠷᠭᠡ ᠪᠠᠢ᠌ᠭᠤᠯᠤᠮᠵᠢ ᠵᠢᠨ ᠠᠵᠢᠯᠯᠠᠭ᠋ᠠᠨ ᠪᠠ ᠠᠶᠤᠯ ᠦᠬᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠪᠠᠢ᠌ᠳᠠᠯ᠎ᠢ ᠪᠠᠢ᠌ᠴᠠᠭ᠋ᠠᠬᠰᠠᠨ ᠪᠥᠭᠡᠳ ᠪᠠᠶ᠋ᠢᠭᠤᠯᠬᠤ᠎ᠪᠠᠷ ᠪᠠᠢ᠌ᠭ᠎ᠠ ᠣᠷᠣᠰᠢᠭᠤᠯᠭ᠎ᠠ ᠵᠢᠨ ᠵᠦᠢ᠍ᠯᠡᠰ᠎ᠢ ᠲᠤᠬᠠᠢ ᠵᠢᠨ ᠭᠠᠵᠠᠷ᠎ᠲᠤ᠎ᠨᠢ ᠲᠤᠭᠤᠷᠢᠨ ᠪᠠᠢ᠌ᠴᠠᠭ᠋ᠠᠪᠠ᠃ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ᠂ ᠣᠷᠣᠰᠢᠭᠤᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠨᠢ ᠠᠷᠠᠳ ᠣᠯᠠᠨ᠎ᠤ ᠲᠤᠰ ᠪᠡᠶ᠎ᠡ ᠵᠢᠨ ᠠᠰᠢᠭ ᠲᠤᠰᠠ ᠪᠠ ᠨᠡᠢ᠌ᠭᠡᠮ᠎ᠤᠨ ᠡᠶ᠎ᠡ ᠵᠣᠬᠢᠴᠠᠯ ᠪᠠ ᠲᠣᠭᠲᠠᠭᠤᠨ᠎ᠲᠠᠢ ᠬᠣᠯᠪᠣᠭᠳᠠᠵᠤ᠂ ᠨᠡᠢ᠌ᠭᠡᠮ᠎ᠤᠨ᠎ᠬᠢᠨ ᠮᠠᠰᠢ ᠠᠡᠭᠬᠠᠷᠳᠠᠭ ᠪᠣᠯᠬᠣᠷ ᠣᠷᠣᠰᠢᠭᠤᠯᠭ᠎ᠠ ᠵᠢᠨ ᠦᠢ᠍ᠯᠡᠴᠢᠯᠡᠭᠡ ᠵᠢᠨ ᠨᠡᠶ᠋ᠢᠲᠡ ᠵᠢᠨ ᠠᠰᠠᠷᠠᠮᠵᠢ ᠵᠢᠨ ᠰᠢᠨᠵᠢ ᠵᠢ ᠭᠦᠢ᠍ᠴᠡᠳ ᠪᠠᠳᠠᠷᠠᠭᠤᠯᠵᠤ᠂ 《ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ》 ᠣᠢ᠌ᠯᠠᠭ᠋ᠠᠭᠳᠠᠬᠤᠨ᠎ᠢ ᠢᠮᠠᠭᠲᠠ ᠪᠠᠷᠢᠮᠲᠠᠯᠠᠵᠤ᠂ ᠠᠷᠠᠳ ᠲᠦᠮᠡᠨ᠎ᠳᠤ ᠦᠢ᠍ᠯᠡᠴᠢᠯᠡᠬᠦ ᠵᠣᠷᠢᠯᠲᠠ ᠪᠠ ᠤᠬᠠᠮᠰᠠᠷ᠎ᠢ ᠪᠠᠲᠤ ᠪᠡᠬᠢ ᠪᠤᠢ ᠪᠣᠯᠭ᠋ᠠᠵᠤ᠂ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ  ᠲᠦᠪᠰᠢᠨ᠎ᠢ ᠳᠡᠭᠡᠭᠰᠢᠯᠡᠭᠦᠯᠵᠦ᠂ ᠤᠯᠠᠨ ᠲᠦᠮᠡᠨ᠎ᠢ ᠵᠢᠯᠤᠭᠣᠳᠴᠤ ᠪᠠᠢ᠌ᠭ᠋ᠠᠳ ᠪᠣᠯᠪᠠᠰᠤᠨ᠂ ᠣᠷᠴᠢᠨ ᠠᠬᠤᠢ ᠵᠢ ᠬᠠᠮᠠᠭ᠋ᠠᠯᠠᠬᠤ᠂ ᠪᠣᠬᠢᠷᠲᠤᠯ ᠦᠭᠡᠢ ᠣᠷᠣᠰᠢᠭᠤᠯᠭ᠎ᠠ ᠵᠢᠨ ᠣᠢ᠌ᠯᠠᠭ᠋ᠠᠭᠳᠠᠬᠤᠨ᠎ᠢ ᠪᠤᠢ ᠪᠣᠯᠭ᠋ᠠᠵᠤ᠂ ᠲᠥᠪ ᠬᠢᠴᠢᠶᠡᠩᠭᠦᠢ᠂ ᠭᠤᠶᠤ ᠰᠠᠢ᠌ᠬᠠᠨ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠣᠷᠴᠢᠨ ᠨᠥᠬᠥᠴᠡᠯ᠎ᠢ ᠪᠤᠢ ᠪᠣᠯᠭ᠋ᠠᠬᠤ ᠬᠡᠷᠡᠭᠲᠡᠢ ᠬᠡᠵᠡᠢ᠃

      W020231203596631076150_ORIGIN.jpg

   

   ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠬᠢᠨ᠂ ᠣᠷᠣᠰᠢᠭᠤᠯᠭ᠎ᠠ ᠵᠢᠨ ᠭᠠᠵᠠᠷ᠂ ᠴᠢᠨᠳᠠᠷ᠎ᠢ ᠬᠠᠳᠠᠭ᠋ᠠᠯᠠᠬᠤ (ᠲᠠᠯᠪᠢᠬᠤ) ᠲᠥᠬᠦᠭᠡᠷᠦᠮᠵᠢ ᠵᠢ ᠪᠠᠶ᠋ᠢᠭᠤᠯᠬᠤ᠎ᠳᠤ ᠲᠡᠷᠢᠭᠦᠨ᠎ᠤ ᠭᠠᠵᠠᠷ ᠣᠷᠣᠨ᠎ᠤ ᠰᠠᠢ᠌ᠨ ᠲᠤᠷᠰᠢᠯᠭ᠎ᠠ᠂ ᠰᠠᠢ᠌ᠨ ᠠᠷᠭ᠎ᠠ᠎ᠪᠠᠷ ᠲᠣᠯᠢ ᠪᠣᠯᠭ᠋ᠠᠵᠤ᠂ ᠭᠠᠰᠢᠭᠤᠳᠠᠯ᠎ᠤᠨ ᠲᠠᠬᠢᠯᠭ᠎ᠠ ᠵᠢ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠤᠨ᠂ ᠣᠷᠣᠰᠢᠭᠤᠯᠭ᠎ᠠ ᠵᠢᠨ ᠦᠢ᠍ᠯᠡᠴᠢᠯᠡᠭᠡ ᠵᠢ ᠤᠷᠲᠤᠳᠬᠠᠬᠤ ᠠᠵᠢᠯ᠎ᠢ ᠰᠠᠢ᠌ᠲᠤᠷ ᠬᠢᠵᠦ᠂ ᠢᠯᠡᠬᠦᠤ ᠤᠷᠤ ᠦᠯᠡᠳᠡᠬᠡᠬᠦ ᠬᠦᠭᠵᠢᠬᠦᠯᠤᠯᠳᠡ ᠵᠢᠨ ᠣᠢ᠌ᠯᠠᠭ᠋ᠠᠭᠳᠠᠬᠤᠨ᠎ᠢ ᠪᠣᠶ ᠪᠣᠯᠭ᠋ᠠᠵᠤ᠂ ᠪᠣᠬᠢᠷᠲᠤᠯ ᠦᠭᠡᠢ᠂ ᠣᠷᠴᠢᠨ ᠲᠤᠭᠤᠷᠢᠨ᠂ ᠠᠮᠢ ᠠᠬᠤᠢ ᠵᠢ ᠬᠠᠮᠠᠭ᠋ᠠᠯᠠᠬᠤ᠂ ᠭᠠᠵᠠᠷ᠎ᠢ ᠠᠷᠪᠢᠯᠠᠬᠤ ᠣᠷᠣᠰᠢᠭᠤᠯᠭ᠎ᠠ ᠵᠢᠨ ᠪᠣᠯᠪᠠᠰᠤᠨ ᠰᠢᠨ᠎ᠡ ᠰᠤᠷᠲᠠᠯ᠎ᠢ ᠰᠠᠨᠠᠭ᠋ᠠᠴᠢᠯᠠᠬᠤ ᠬᠡᠷᠡᠭᠲᠡᠢ ᠭᠡᠵᠤ ᠤᠷᠢᠶᠠᠯᠠᠵᠠᠢ᠃
 W020231203596631100347_ORIGIN.jpg 


    ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠬᠣᠯᠪᠣᠭᠳᠠᠯ ᠪᠦᠬᠦᠢ ᠬᠣᠰᠢᠭᠤ ᠬᠣᠲᠠ ᠲᠣᠭᠣᠷᠢᠭ᠎ᠤᠨ ᠤᠷᠤᠭ ᠲᠠᠡᠭᠰᠠᠯᠠᠬᠤ ᠪᠠᠢ᠌ᠭᠤᠯᠤᠮᠵᠢ᠎ᠳᠤ ᠪᠠᠢ᠌ᠴᠠᠭ᠋ᠠᠨ ᠰᠤᠳᠤᠯᠬᠤ᠎ᠳᠤ᠎ᠪᠠᠨ᠂ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠠᠵᠢᠯ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠣᠨ ᠰᠢ ᠵᠢᠨ ᠫᠢᠩ ᠶᠡᠷᠦᠩᠬᠡᠢ ᠱᠦᠵᠢ ᠵᠢᠨ ᠭᠡᠷ ᠪᠦᠯᠢ ᠭᠡᠷ᠎ᠤᠨ ᠰᠤᠷᠭ᠋ᠠᠯ ᠭᠡᠷ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠬᠤᠯᠠᠴᠢᠯᠠᠬᠤ ᠲᠤᠬᠠᠢ ᠥᠭᠦᠯᠡᠯᠲᠡ ᠵᠢ ᠭᠦᠨᠵᠡᠭᠡᠢ ᠨᠠᠢ᠌ᠳᠠᠪᠤᠷᠢᠵᠢᠭᠤᠯᠬᠤ ᠴᠢᠬᠤᠯᠠ ᠠᠷᠭ᠎ᠠ ᠪᠣᠯᠣᠨ᠎ᠠ᠃ ᠤᠷᠤᠬ ᠲᠠᠡᠭᠰᠠᠯᠠᠬᠤ ᠪᠠᠢ᠌ᠭᠤᠯᠭ᠎ᠠ᠎ᠨᠢ ᠤᠷᠤᠬ᠎ᠤᠨ ᠵᠠᠩᠰᠢᠯ᠎ᠤᠨ ᠥᠭᠡᠷᠡᠴᠢᠯᠡᠯᠲᠡ ᠵᠢᠨ ᠠᠵᠢᠯ᠎ᠤᠨ ᠭᠣᠣᠯ ᠵᠢᠭᠰᠠᠭ᠋ᠠᠯ᠎ᠤᠨ ᠭᠠᠵᠠᠷ ᠪᠣᠯᠤᠭᠰᠠᠨ᠎ᠤ ᠬᠤᠪᠢ᠎ᠳᠤ ᠠᠷᠠᠳ᠎ᠤᠨ ᠲᠥᠯᠥᠭᠡ ᠪᠣᠳᠠᠲᠠᠢ ᠶᠠᠪᠤᠳᠠᠯ ᠬᠢᠬᠦ᠂ ᠰᠠᠢ᠌ᠨ ᠶᠠᠪᠤᠳᠠᠯ ᠬᠢᠬᠦ᠎ᠳᠤ ᠰᠠᠭᠤᠷᠢᠯᠠᠵᠤ᠂ ᠵᠢᠷᠤᠮᠵᠢᠭᠰᠠᠨ ᠪᠠᠢ᠌ᠭᠤᠯᠤᠯᠲᠠ ᠪᠣᠯᠣᠨ ᠪᠠᠷᠢᠮᠵᠢᠶᠠᠵᠢᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠴᠢᠨᠠᠷ ᠰᠠᠢ᠌ᠲᠠᠢ ᠦᠢ᠍ᠯᠡᠴᠢᠯᠡᠭᠡ᠎ᠪᠠᠷ ᠤᠯᠠᠨ ᠲᠦᠮᠡᠨ᠎ᠤ ᠰᠣᠶᠣᠯ᠎ᠤᠨ ᠬᠡᠷᠡᠭᠴᠡᠭᠡ ᠵᠢ ᠬᠠᠩᠭ᠋ᠠᠵᠤ᠂ ᠤᠷᠤᠬ᠎ᠤᠨ ᠵᠠᠩᠰᠢᠯ᠎ᠤᠨ ᠥᠭᠡᠷᠡᠴᠢᠯᠡᠯᠲᠡ ᠵᠢᠨ ᠠᠵᠢᠯ᠎ᠢ ᠰᠢᠨ᠎ᠡ ᠵᠢ ᠡᠬᠦᠳᠤᠨ ᠬᠦᠭᠵᠢᠬᠦᠯᠬᠦᠨ ᠶᠠᠪᠤᠴᠠ᠎ᠳᠤ ᠨᠠᠢ᠌ᠳᠠᠪᠤᠷᠢᠵᠢᠭᠤᠯᠤᠨ᠂ ᠨᠠᠷᠢᠯᠢᠭᠵᠢᠭᠤᠯᠵᠤ  ᠭᠦᠨᠵᠡᠭᠡᠢ᠌ᠷᠡᠭᠦᠯᠬᠦ ᠵᠢ ᠠᠬᠢᠭᠤᠯᠬᠤ ᠬᠡᠷᠡᠭᠲᠡᠢ᠃  ᠲᠡᠨᠤᠬᠦᠯ ᠭᠤᠢ᠌ᠷᠠᠨᠴᠢ ᠵᠢ ᠲᠤᠰᠠᠯᠠᠬᠤ ᠪᠠᠢ᠌ᠭᠤᠯᠤᠮᠵᠢ᠎ᠳᠤ ᠪᠠᠢ᠌ᠴᠠᠭ᠋ᠠᠨ ᠰᠤᠳᠤᠯᠬᠤ᠎ᠳᠤ᠎ᠪᠠᠨ᠂ ᠡᠯ᠎ᠡ ᠭᠠᠵᠠᠷ᠎ᠤᠨ᠎ᠬᠢᠨ ᠲᠡᠨᠦᠭᠦᠴᠢᠯᠡᠨ ᠭᠤᠢ᠌ᠷᠠᠨᠴᠢᠯᠠᠵᠤ ᠪᠠᠢ᠌ᠭ᠎ᠠ ᠬᠥᠮᠥᠰ᠎ᠤᠨ ᠦᠨᠳᠦᠰᠦᠨ ᠠᠮᠢᠳᠤᠷᠠᠯ ᠪᠠ ᠪᠡᠶ᠎ᠡ ᠵᠢᠨ ᠠᠮᠤᠷ ᠲᠦᠪᠰᠢᠨ᠎ᠢ᠎ᠨᠢ ᠦᠨᠡᠨ ᠬᠦ᠌ ᠪᠠᠲᠤᠯᠠᠵᠤ᠂ 《ᠬᠠᠬᠢᠷ ᠡᠪᠦᠯ᠎ᠤᠨ ᠬᠦᠢ᠍ᠳᠡᠨ᠎ᠳᠤ ᠬᠠᠢ᠌ᠷ᠎ᠠ ᠬᠠᠯᠠᠮᠵᠢ ᠬᠦᠷᠭᠡᠬᠦ》 ᠲᠤᠰᠠᠯᠠᠮᠵᠢ ᠵᠢᠨ ᠲᠤᠰᠬᠠᠢ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ᠂ ᠰᠠᠯᠠᠭ᠎ᠠ ᠮᠥᠴᠢᠷ᠎ᠤᠨ᠎ᠬᠢᠨ᠎ᠲᠠᠢ ᠬᠣᠯᠪᠤᠭ᠋ᠠᠯᠠᠨ ᠬᠥᠳᠡᠯᠦᠯᠴᠡᠵᠦ᠂ ᠵᠡᠭᠡᠯᠢ ᠭᠤᠳᠤᠮᠵᠢ᠎ᠪᠠᠷ ᠲᠣᠭᠣᠷᠢᠨ ᠪᠠᠢ᠌ᠴᠠᠭ᠋ᠠᠬᠤ ᠡᠷᠴᠢᠮ ᠵᠶ᠋ᠡᠨ ᠴᠢᠩᠭ᠋ᠠᠷᠠᠭᠤᠯᠤᠨ᠂ ᠠᠮᠢᠳᠤᠷᠠᠯ᠎ᠳᠤ᠎ᠪᠠᠨ ᠵᠥᠪ ᠦᠭᠡᠢ ᠲᠡᠨᠤᠬᠦᠴᠢᠯᠡᠨ ᠭᠤᠢ᠌ᠷᠠᠨᠴᠢᠯᠠᠬᠰᠠᠳ᠎ᠤᠨ ᠠᠮᠤᠷ ᠲᠦᠪᠰᠢᠨ ᠵᠶ᠋ᠡᠷ ᠡᠪᠦᠯᠵᠢᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠡᠢ᠃



 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠯᠢᠦ ᠴᠧᠩ ᠮᠢᠨ ᠬᠥᠬᠡᠬᠣᠲᠠ᠎ᠳᠤ ᠨᠠᠰᠤᠲᠠᠢ᠌ᠴᠤᠳ᠎ᠤᠨ ᠬᠣᠭᠣᠯᠠ ᠤᠮᠳᠠ ᠵᠢᠨ ᠦᠢ᠍ᠯᠡᠴᠢᠯᠡᠭᠡ ᠵᠢ ᠥᠷᠨᠢᠭᠦᠯᠵᠦ ᠪᠠᠢ᠌ᠭ᠎ᠠ ᠪᠠᠢ᠌ᠳᠠᠯ᠎ᠢ ᠪᠠᠢ᠌ᠴᠠᠭ᠋ᠠᠨ ᠰᠤᠳᠤᠯᠪᠠ
ᠪᠥᠬᠥ ᠣᠷᠣᠨ᠎ᠤ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ 《ᠳᠤᠲᠠᠭᠤ ᠲᠤᠷᠭᠤᠨ》 ᠢᠨᠵᠧᠨᠧᠷᠢᠩ᠎ᠢ ᠰᠡᠷᠬᠦᠬᠡᠬᠦ ᠠᠵᠢᠯᠯᠠᠭ᠎ᠠ ᠪᠣᠳᠠᠲᠤ ᠪᠦᠲᠦᠮᠵᠢ ᠣᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠲᠤᠳᠤᠭ᠋ᠠᠳᠤ ᠡᠵᠡᠮᠳᠡᠯ᠎ᠤᠨ ᠲᠦᠷᠢᠮ᠎ᠳᠤ ᠵᠠᠰᠠᠪᠤᠷᠢ ᠤᠷᠤᠭᠤᠯᠵᠤ ᠲᠡᠬᠦᠯᠳᠡᠷᠵᠢᠬᠦᠯᠪᠡ
《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠮᠠᠨ᠎ᠤ ᠠᠵᠢᠯᠯᠠᠭ᠎ᠠ》 ᠵᠢᠨ ᠰᠢᠷᠢᠰ ᠮᠡᠳᠡᠭᠡᠯᠡᠯ (ᠬᠣᠷᠢᠨ ᠵᠢᠷᠭᠤᠭ᠎ᠠ)
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠬᠡᠰᠡᠭ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠵᠤ ᠪᠠᠢ ᠾᠧ ᠵᠢᠶᠠ ᠶᠤᠸᠠᠨ ᠪᠦᠯᠦᠭᠯᠡᠯ᠎ᠤᠨ᠎ᠬᠢᠨ᠎ᠲᠠᠢ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠲᠥᠷᠥᠯ ᠵᠦᠢ᠍ᠯ᠎ᠤᠨ ᠬᠠᠮᠳᠤᠷᠠᠯᠴᠠᠭ᠎ᠠ ᠵᠢ ᠵᠤᠯᠭ᠋ᠠᠭᠤᠯᠪᠠ
 
            