ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ ᠬᠠᠮᠢᠶ᠎ᠠ ᠪᠦᠬᠦᠢ ᠬᠥᠮᠥᠰ᠎ᠢ ᠵᠣᠬᠢᠶᠠᠨ ᠪᠠᠢ᠌ᠭᠤᠯᠵᠤ᠂ ᠣᠳᠣ ᠵᠢᠨ ᠪᠠᠢ᠌ᠭ᠎ᠠ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠳᠣᠲᠣᠭ᠋ᠠᠳᠤ ᠡᠵᠡᠮᠳᠡᠯ᠎ᠤᠨ ᠳᠦᠷᠢᠮ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠠᠮᠢᠶᠠᠷᠤᠯᠲᠠ ᠵᠢᠨ ᠶᠠᠪᠤᠴᠠ ᠵᠢ ᠤᠯᠠᠮ ᠰᠢᠯᠢᠳᠡᠭᠵᠢᠭᠦᠯᠵᠦ᠂ ᠡᠳ᠋᠎ᠤᠨ ᠶᠠᠪᠤᠳᠠᠯ᠎ᠤᠨ ᠰᠠᠯᠠᠭ᠎ᠠ ᠮᠥᠴᠢᠷ ᠪᠣᠯᠣᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠢ ᠨᠠᠷᠢᠯᠢᠭᠵᠢᠭᠤᠯᠵᠤ᠂ ᠳᠣᠲᠣᠭ᠋ᠠᠳᠤ ᠡᠵᠡᠮᠳᠡᠯ᠎ᠤᠨ ᠰᠢᠰᠲᠸᠮ᠎ᠢ ᠲᠡᠭᠦᠯᠳᠡᠷᠵᠢᠭᠦᠯᠬᠦ᠂ ᠳᠣᠲᠣᠭ᠋ᠠᠳᠤ ᠡᠵᠡᠮᠳᠡᠯ᠎ᠤᠨ ᠤᠢ᠌ᠯᠠᠭ᠋ᠠᠬᠳᠠᠬᠤᠨ᠎ᠢ ᠪᠣᠶ ᠪᠣᠯᠭ᠋ᠠᠬᠤ᠂ ᠳᠣᠲᠣᠭ᠋ᠠᠳᠤ ᠡᠵᠡᠮᠳᠡᠯ᠎ᠤᠨ ᠬᠢᠨᠠᠯᠲᠠ ᠵᠢ ᠴᠢᠩᠭ᠋ᠠᠳᠬᠠᠬᠤ ᠭᠤᠷᠪᠠᠨ ᠲᠠᠯ᠎ᠠ᠎ᠪᠠᠷ ᠴᠢᠩᠭ᠎ᠠ ᠬᠦᠴᠦᠲᠡᠢ ᠳᠦᠷᠢᠮ᠎ᠤᠨ ᠪᠠᠲᠤᠯᠠᠭ᠎ᠠ ᠬᠠᠩᠭ᠋ᠠᠭᠰᠠᠨ ᠪᠠᠢ᠌ᠨ᠎ᠠ᠃
ᠳᠣᠲᠣᠭ᠋ᠠᠳᠤ ᠡᠵᠡᠮᠳᠡᠯ᠎ᠤᠨ ᠰᠢᠰᠲ᠋ᠧᠮ᠎ᠢ ᠲᠡᠬᠦᠯᠳᠡᠷᠵᠢᠬᠦᠯᠪᠡ᠃ 《ᠵᠠᠰᠠᠭ ᠵᠠᠬᠢᠷᠭ᠋ᠠᠨ᠂ ᠠᠵᠢᠯ ᠦᠢ᠍ᠯᠡᠰ᠎ᠤᠨ ᠨᠢᠬᠡᠴᠢ ᠵᠢᠨ ᠭᠠᠭᠴᠠ ᠲᠠᠯ᠎ᠠ ᠵᠢᠨ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠳᠦᠷᠢᠮ》 (ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠵᠠᠷᠯᠢᠭ 738 ᠳ᠋ᠤᠭ᠋ᠠᠷ ᠲᠣᠭ᠋ᠠᠲᠤ) 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠂ ᠠᠵᠢᠯ ᠦᠢ᠍ᠯᠡᠰ᠎ᠤᠨ ᠴᠢᠨᠠᠷᠲᠠᠢ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠠᠷᠭ᠎ᠠ》 (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 257 ᠳ᠋ᠤᠭ᠋ᠠᠷ ᠲᠣᠭ᠋ᠠᠲᠤ) ᠵᠢ ᠨᠡᠢ᠌ᠳᠡᠯᠡᠬᠦ ᠵᠢ ᠲᠠᠭ᠋ᠠᠯᠳᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠤᠯ᠎ᠤᠨ 《ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠳᠣᠲᠣᠭ᠋ᠠᠳᠤ ᠵᠢᠨ ᠡᠵᠡᠮᠳᠡᠯ᠎ᠤᠨ ᠵᠢᠷᠤᠮᠵᠢᠯ》᠎ᠤᠨ ᠰᠠᠭᠤᠷᠢᠨ ᠳᠡᠭᠡᠷ᠎ᠡ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠳᠣᠲᠣᠭ᠋ᠠᠳᠤ ᠵᠢᠨ ᠡᠵᠡᠮᠳᠡᠯ᠎ᠤᠨ 4 ᠳᠦᠷᠢᠮ᠎ᠢ ᠲᠣᠭᠲᠠᠭ᠋ᠠᠵᠤ᠂ ᠵᠣᠬᠢᠬᠤ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠲᠣᠳᠣᠷᠬᠠᠢ᠌ᠯᠠᠪᠠ᠃
ᠳᠣᠲᠣᠭ᠋ᠠᠳᠤ ᠡᠵᠡᠮᠳᠡᠯ᠎ᠤᠨ ᠣᠢ᠌ᠯᠠᠭ᠋ᠠᠭᠳᠠᠬᠤᠨ᠎ᠢ ᠪᠤᠯᠭ᠋ᠠᠪᠠ᠃ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠳᠣᠲᠣᠭ᠋ᠠᠳᠤ ᠡᠵᠡᠮᠳᠡᠯ᠎ᠤᠨ ᠳᠦᠷᠢᠮ᠎ᠳᠤ ᠬᠠᠮᠲᠤ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠰᠠᠯᠠᠭ᠎ᠠ ᠮᠥᠴᠢᠷ᠂ ᠡᠳ᠋᠎ᠤᠨ ᠶᠠᠪᠤᠳᠠᠯ᠎ᠤᠨ ᠰᠠᠯᠠᠭ᠎ᠠ ᠮᠥᠴᠢᠷ᠂ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠬᠡᠷᠡᠭᠯᠡᠬᠦ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢ ᠤᠯᠠᠮ ᠲᠣᠳᠣᠷᠬᠠᠢ᠌ᠯᠠᠵᠤ᠂ ᠬᠤᠳᠠᠯᠳᠤᠨ ᠠᠪᠬᠤ ᠵᠢ ᠴᠢᠬᠤᠯᠠᠴᠢᠯᠠᠬᠤ ᠤᠢ᠌ᠯᠠᠭ᠋ᠠᠬᠳᠠᠬᠤᠨ᠎ᠢ ᠲᠣᠬᠢᠷᠠᠭᠤᠯᠬᠤ᠂ ᠬᠡᠷᠡᠭᠯᠡᠬᠦ᠂ ᠰᠢᠢ᠍ᠳᠪᠦᠷᠢᠯᠡᠬᠦ ᠪᠠ ᠠᠰᠢᠭ ᠣᠯᠬᠤ ᠪᠥᠬᠥ ᠦᠶᠡᠯᠡᠯ᠎ᠤᠨ ᠬᠤᠭᠤᠴᠠᠭ᠋ᠠᠨ᠎ᠤ ᠬᠠᠮᠢᠶᠠᠷᠤᠯᠲᠠ ᠵᠢᠨ ᠤᠢ᠌ᠯᠠᠭ᠋ᠠᠬᠳᠠᠬᠤᠨ ᠪᠣᠯᠭ᠋ᠠᠨ ᠬᠤᠪᠢᠷᠠᠭᠤᠯᠵᠤ᠂ ᠬᠡᠷᠡᠭᠵᠢᠭᠦᠯᠬᠦ ᠲᠠᠰ ᠳᠠᠪᠬᠤᠷᠭ᠎ᠠ ᠵᠢᠨ ᠬᠠᠮᠢᠶᠠᠷᠤᠯᠲᠠ ᠵᠢᠨ ᠤᠢ᠌ᠯᠠᠭ᠋ᠠᠬᠳᠠᠬᠤᠨ᠎ᠢ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠬᠢᠨᠠᠯᠲᠠ ᠲᠠᠯᠪᠢᠬᠤ᠂ ᠬᠡᠷᠡᠭᠵᠢᠭᠦᠯᠬᠦ ᠪᠥᠬᠥ ᠲᠠᠯ᠎ᠠ ᠵᠢᠨ ᠬᠠᠮᠢᠶᠠᠷᠤᠯᠲᠠ ᠵᠢᠨ ᠤᠢ᠌ᠯᠠᠭ᠋ᠠᠬᠳᠠᠬᠤᠨ ᠪᠣᠯᠭ᠋ᠠᠨ ᠬᠤᠪᠢᠷᠠᠭᠤᠯᠪᠠ᠃
ᠳᠣᠲᠣᠭ᠋ᠠᠳᠤ ᠡᠵᠡᠮᠳᠡᠯ᠎ᠤᠨ ᠬᠢᠨᠠᠯᠲᠠ ᠵᠢ ᠴᠢᠡᠭᠭ᠋ᠠᠳᠬᠠᠪᠠ᠃ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠳᠣᠲᠣᠭ᠋ᠠᠳᠤ ᠵᠢᠨ ᠡᠵᠡᠮᠳᠡᠯ᠎ᠤᠨ ᠳᠦᠷᠢᠮ᠎ᠨᠢ ᠳᠣᠲᠣᠭ᠋ᠠᠳᠤ ᠵᠢᠨ ᠡᠵᠡᠮᠳᠡᠯ᠎ᠤᠨ ᠬᠠᠮᠢᠶᠠᠷᠤᠯᠲᠠ ᠵᠢᠨ ᠬᠢᠨᠠᠯᠲᠠ ᠲᠠᠯᠪᠢᠵᠤ ᠪᠠᠢ᠌ᠴᠠᠭ᠋ᠠᠬᠤ ᠠᠵᠢᠯ᠎ᠳᠤ ᠦᠵᠡᠭᠦᠯᠬᠦ ᠵᠢᠯᠤᠭᠣᠳᠬᠤ ᠦᠢ᠍ᠯᠡᠳᠦᠯ᠎ᠢ ᠨᠠᠩ ᠰᠠᠢ᠌ᠨ ᠢᠯᠡᠷᠡᠭᠦᠯᠵᠦ ᠴᠢᠳᠠᠨ᠎ᠠ᠃ ᠳᠣᠲᠣᠭ᠋ᠠᠳᠤ᠎ᠳᠤ᠎ᠪᠠᠨ ᠬᠢᠨᠠᠯᠲᠠ ᠲᠠᠯᠪᠢᠬᠤ ᠪᠠ ᠭᠠᠳᠠᠨ᠎ᠠ᠎ᠠᠴᠠ ᠬᠢᠨᠠᠯᠲᠠ ᠲᠠᠯᠪᠢᠬᠤ ᠵᠢ ᠤᠶᠠᠯᠳᠤᠭᠤᠯᠬᠤ᠂ ᠬᠡᠷᠡᠭ᠎ᠤᠨ ᠲᠠᠷᠠᠭ᠎ᠠ ᠬᠢᠨᠠᠯᠲᠠ ᠲᠠᠯᠪᠢᠬᠤ ᠪᠠ ᠬᠡᠷᠡᠭ᠎ᠤᠨ ᠡᠮᠦᠨ᠎ᠡ ᠪᠠ ᠬᠡᠷᠡᠭ᠎ᠤᠨ ᠳᠤᠮᠳᠠ ᠬᠢᠨᠠᠯᠲᠠ ᠲᠠᠯᠪᠢᠬᠤ ᠵᠢ ᠤᠶᠠᠯᠳᠤᠭᠤᠯᠬᠤ ᠂ ᠡᠳᠦᠷ ᠲᠤᠳᠤᠮ᠎ᠤᠨ ᠬᠢᠨᠠᠯᠲᠠ ᠪᠠ ᠲᠤᠰᠬᠠᠢ ᠵᠦᠢ᠍ᠯ ᠵᠶ᠋ᠡᠷ ᠪᠠᠢ᠌ᠴᠠᠭ᠋ᠠᠯᠳᠠ ᠵᠢ ᠤᠶᠠᠯᠳᠤᠭᠤᠯᠬᠤ ᠵᠢ ᠪᠠᠷᠢᠮᠳᠠᠯᠬᠰᠠᠨ ᠪᠠᠢ᠌ᠨ᠎ᠠ᠃