ᠬᠡᠦᠬᠡᠳ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ 《ᠣᠨᠣᠴᠠᠵᠢᠭᠤᠯᠤᠭᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢ᠍ᠯᠡᠴᠢᠯᠡᠭᠡ》 ᠵᠢᠨ ᠴᠢᠨᠰᠠᠭ᠎ᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠬᠡᠦᠬᠡᠳ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠲᠤᠬᠠᠶ᠋ᠢᠯᠠᠭᠰᠠᠨ ᠠᠵᠢᠯ᠎ᠤᠨ ᠳᠠᠩᠰᠠ ᠡᠪᠬᠡᠮᠡᠯ᠎ᠤᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠬᠤ ᠵᠢᠨ ᠲᠥᠯᠥᠭᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠡᠦᠬᠡᠳ᠎ᠤᠨ ᠠᠰᠠᠷᠠᠮᠵᠢ ᠵᠢᠨ ᠭᠠᠵᠠᠷ᠎ᠤᠨ᠎ᠬᠢᠨ 10 ᠳ᠋ᠤᠭ᠋ᠠᠷ ᠰᠠᠷ᠎ᠠ ᠵᠢᠨ 26᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠳᠠᠩᠰᠠ ᠡᠪᠬᠡᠮᠡᠯ᠎ᠤᠨ ᠰᠠᠩ᠎ᠤᠨ ᠶᠡᠷᠦᠩᠬᠡᠶ᠋ᠢᠯᠡᠭᠰᠡᠨ ᠲᠤᠬᠠᠶ᠋ᠢᠯᠠᠭᠰᠠᠨ ᠠᠵᠢᠯ᠎ᠤᠨ ᠵᠢᠯᠣᠭᠣᠳᠬᠤ ᠭᠠᠵᠠᠷ᠎ᠤᠨ᠎ᠬᠢᠨ᠎ᠲᠠᠢ ᠬᠠᠮᠲᠤᠷᠠᠨ ᠬᠥᠬᠡᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠳᠤ ᠭᠦᠨᠵᠡᠭᠡᠢ᠌ᠷᠡᠨ 《ᠴᠡᠭ᠎ᠠᠴᠠ ᠴᠡᠭ᠎ᠲᠤ ᠬᠦᠷᠬᠦ》 ᠲᠤᠬᠠᠶ᠋ᠢᠯᠠᠭᠰᠠᠨ ᠠᠵᠢᠯ᠎ᠤᠨ ᠰᠣᠯᠢᠯᠴᠠᠭ᠎ᠠ ᠪᠠ ᠠᠵᠢᠯ᠎ᠤᠨ ᠪᠠᠶ᠋ᠢᠴᠠᠭ᠋ᠠᠨ ᠰᠤᠳᠤᠯᠤᠯᠲᠠ ᠥᠷᠨᠢᠭᠦᠯᠪᠡ᠃
ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠬᠥᠬᠡᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠬᠡᠦᠬᠡᠳ᠎ᠢ ᠠᠰᠠᠷᠠᠨ ᠬᠥᠮᠦᠵᠢᠭᠦᠯᠬᠦ᠂ ᠡᠮ ᠡᠮᠨᠡᠯᠭᠡ᠂ ᠡᠷᠡᠭᠦᠯᠵᠢᠯ᠂ ᠰᠤᠷᠭ᠋ᠠᠨ ᠬᠥᠮᠦᠵᠢᠯ᠂ ᠨᠡᠶ᠋ᠢᠭᠡᠮ᠎ᠤᠨ ᠠᠵᠢᠯ ᠵᠡᠷᠭᠡ ᠦᠢ᠍ᠯᠡᠴᠢᠯᠡᠭᠡᠨ᠎ᠤ ᠪᠠᠢ᠌ᠳᠠᠯ᠎ᠢ ᠲᠣᠭᠣᠷᠢᠨ ᠦᠵᠡᠭᠡᠳ᠂ ᠬᠡᠦᠬᠡᠳ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠲᠤᠬᠠᠶ᠋ᠢᠯᠠᠭᠰᠠᠨ ᠠᠵᠢᠯ᠎ᠤᠨ ᠳᠠᠩᠰᠠ ᠡᠪᠬᠡᠮᠡᠯ᠎ᠤᠨ ᠵᠢᠷᠤᠮᠵᠢᠭᠤᠯᠤᠭᠰᠠᠨ ᠪᠦᠲᠦᠭᠡᠨ ᠪᠠᠢ᠌ᠭᠤᠯᠤᠯᠲᠠ ᠵᠢᠨ ᠪᠠᠶ᠋ᠢᠳᠠᠯ᠎ᠢ ᠨᠠᠷᠢᠨ ᠤᠢ᠌ᠯᠠᠭ᠋ᠠᠬᠰᠠᠨ᠎ᠤ ᠬᠠᠮᠳᠤ ᠳᠠᠩᠰᠠ ᠡᠪᠬᠡᠮᠡᠯ᠎ᠤᠨ ᠬᠥᠮᠥᠷᠭᠡ᠂ ᠪᠠᠢ᠌ᠭᠤᠯᠬᠤ᠎ᠪᠠᠷ ᠪᠠᠢ᠌ᠭ᠎ᠠ ᠳᠠᠩᠰᠠ ᠡᠪᠬᠡᠮᠡᠯ᠎ᠤᠨ ᠲᠠᠰᠤᠭ᠎ᠤᠨ ᠭᠠᠵᠠᠷ ᠰᠣᠩᠭᠣᠬᠤ ᠲᠥᠯᠥᠪᠵᠢᠭᠦᠯᠭᠡ ᠪᠣᠯᠤᠨ ᠳᠠᠩᠰᠠ ᠡᠪᠬᠡᠮᠡᠯ᠎ᠢ ᠲᠤᠭ᠋ᠠᠵᠢᠭᠤᠯᠤᠯᠳᠠ ᠵᠡᠷᠭᠡ ᠬᠠᠮᠢᠶ᠎ᠠ ᠪᠦᠬᠦᠢ ᠪᠠᠶ᠋ᠢᠳᠠᠯ᠎ᠢ ᠪᠠᠶ᠋ᠢᠴᠠᠭ᠋ᠠᠨ ᠦᠵᠡᠬᠦ᠎ᠳᠤ᠎ᠪᠠᠨ ᠡᠯ᠎ᠡ ᠲᠠᠯ᠎ᠠ ᠵᠢᠨ᠎ᠬᠢᠨ ᠳᠠᠩᠰᠠ ᠡᠪᠬᠡᠮᠡᠯ᠎ᠤᠨ ᠠᠵᠢᠯ᠎ᠢ ᠥᠷᠨᠢᠭᠦᠯᠦᠭᠰᠡᠨ ᠪᠠᠶ᠋ᠢᠳᠠᠯ᠎ᠤᠨ ᠲᠤᠬᠠᠢ ᠰᠠᠨᠠᠯ ᠵᠶ᠋ᠠᠨ ᠭᠦᠨᠵᠡᠭᠡᠢ ᠰᠣᠯᠢᠯᠴᠠᠪᠠ᠃
ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠪᠠᠰᠨ ᠬᠥᠬᠡᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠳᠠᠩᠰᠠ ᠡᠪᠬᠡᠮᠡᠯ᠎ᠢ ᠡᠮᠬᠢᠯᠡᠬᠦ᠂ ᠬᠠᠳᠠᠭ᠋ᠠᠯᠠᠨ ᠬᠠᠮᠠᠭ᠋ᠠᠯᠠᠬᠤ᠂ ᠤᠡᠭᠰᠢᠵᠤ ᠠᠰᠢᠭᠯᠠᠬᠤ᠂ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠡᠷᠭᠡ ᠠᠰᠠᠭᠤᠳᠠᠯ᠎ᠤᠨ ᠲᠤᠭᠤᠷᠢᠨ᠎ᠳᠤ ᠶᠠᠷᠢᠯᠴᠠᠨ ᠰᠠᠨᠠᠯ ᠵᠶ᠋ᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠳᠠᠩᠰᠠ ᠡᠪᠬᠡᠮᠡᠯ᠎ᠤᠨ ᠰᠠᠩ᠎ᠤᠨ ᠶᠡᠷᠦᠩᠬᠡᠶ᠋ᠢᠯᠡᠭᠰᠡᠨ ᠲᠤᠬᠠᠶ᠋ᠢᠯᠠᠭᠰᠠᠨ ᠠᠵᠢᠯ᠎ᠤᠨ ᠵᠢᠯᠣᠭᠣᠳᠬᠤ ᠭᠠᠵᠠᠷ᠎ᠤᠨ᠎ᠬᠢᠨ ᠬᠥᠬᠡᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠰᠠᠭᠤᠷᠢ ᠳᠠᠩᠰᠠ ᠡᠪᠬᠡᠮᠡᠯ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠦᠨᠳᠤᠷ ᠦᠨᠡᠯᠡᠭᠰᠡᠨ᠎ᠤ ᠬᠠᠮᠲᠤ ᠣᠷᠴᠢᠨ ᠲᠣᠭᠣᠷᠢᠨ᠎ᠤ ᠪᠦᠲᠦᠭᠡᠨ ᠪᠠᠶ᠋ᠢᠭᠤᠯᠤᠯᠲᠠ᠂ ᠪᠡᠯᠡ ᠮᠥᠩᠭᠥ ᠵᠢᠨ ᠪᠠᠲᠤᠯᠠᠭ᠎ᠠ ᠪᠠ ᠳᠦᠷᠢᠮ᠎ᠤᠨ ᠲᠥᠰᠥᠪᠯᠡᠭᠡ ᠵᠡᠷᠭᠡ ᠭᠤᠷᠪᠠᠨ ᠲᠠᠯ᠎ᠠ᠎ᠠᠴᠠ ᠬᠡᠦᠬᠡᠳ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠲᠤᠬᠠᠶ᠋ᠢᠯᠠᠭᠰᠠᠨ ᠠᠵᠢᠯ᠎ᠤᠨ ᠳᠠᠩᠰᠠ ᠡᠪᠬᠡᠮᠡᠯ᠎ᠤᠨ ᠪᠦᠲᠦᠭᠡᠨ ᠪᠠᠶ᠋ᠢᠭᠤᠯᠤᠯᠲᠠ᠎ᠳᠤ ᠰᠠᠨᠠᠭᠤᠯᠭ᠎ᠠ ᠳᠤᠷᠠᠳᠴᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠠᠷᠠᠭ᠋ᠠᠴᠢ᠎ᠪᠠᠷ ᠥᠪᠡᠷᠲᠡᠭᠡᠨ ᠵᠠᠰᠠᠬᠤ ᠣᠷᠣᠨ᠎ᠤ ᠳᠠᠩᠰᠠ ᠡᠪᠬᠡᠮᠡᠯ᠎ᠤᠨ ᠰᠠᠩ ᠤᠨ᠎ᠬᠢᠨ᠎ᠲᠠᠢ ᠲᠤᠬᠠᠶ᠋ᠢᠯᠠᠭᠰᠠᠨ ᠠᠵᠢᠯ᠎ᠤᠨ ᠵᠢᠯᠣᠭᠣᠳᠣᠯᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ ᠬᠡᠦᠬᠡᠳ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢᠨ ᠲᠤᠬᠠᠶ᠋ᠢᠯᠠᠭᠰᠠᠨ ᠠᠵᠢᠯ᠎ᠤᠨ ᠳᠠᠩᠰᠠ ᠡᠪᠬᠡᠮᠡᠯ᠎ᠤᠨ ᠵᠢᠷᠤᠮᠵᠢᠭᠤᠯᠤᠯᠲᠠ᠂ ᠲᠤᠭ᠋ᠠᠵᠢᠭᠤᠯᠤᠯᠳᠠ᠂ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠡᠦᠬᠡᠳ᠎ᠤᠨ ᠠᠰᠠᠷᠠᠮᠵᠢ ᠵᠢᠨ ᠠᠵᠢᠯ᠎ᠤᠨ ᠴᠢᠨᠰᠠᠭ᠎ᠠ ᠵᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠎ᠳᠤ ᠬᠦᠴᠦ ᠨᠡᠮᠡᠷᠢᠯᠡᠬᠦ ᠪᠣᠯᠣᠨ᠎ᠠ᠃