ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠬᠡᠰᠡᠭ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠵᠤ ᠪᠠᠢ ᠾᠧ ᠵᠢᠶᠠ ᠶᠤᠸᠠᠨ ᠪᠦᠯᠦᠭᠯᠡᠯ᠎ᠤᠨ᠎ᠬᠢᠨ᠎ᠲᠠᠢ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠲᠥᠷᠥᠯ ᠵᠦᠢ᠍ᠯ᠎ᠤᠨ ᠬᠠᠮᠳᠤᠷᠠᠯᠴᠠᠭ᠎ᠠ ᠵᠢ ᠵᠤᠯᠭ᠋ᠠᠭᠤᠯᠪᠠ
ᠨᠡᠶᠢᠲᠡᠯᠡᠭᠰᠡᠨ ᠴᠠᠭ᠄ 2023-11-30

   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 11 ᠳ᠋ᠤᠬᠡᠷ ᠰᠠᠷ᠎ᠠ ᠵᠢᠨ 29᠎ᠤ ᠡᠳᠦᠷ ᠬᠡᠰᠡᠭ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠪᠠ ᠪᠠᠢ ᠾᠧ ᠵᠢᠶᠠ ᠶᠤᠸᠠᠨ ᠪᠦᠯᠦᠭᠯᠡᠯ᠎ᠤᠨ᠎ᠬᠢᠨ᠎ᠢ ᠵᠣᠬᠢᠶᠠᠨ ᠪᠠᠢ᠌ᠭᠤᠯᠤᠨ ᠣᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠲᠥᠷᠥᠯ ᠵᠦᠢ᠍ᠯ᠎ᠤᠨ ᠬᠠᠮᠲᠤᠷᠠᠯᠴᠠᠭ᠎ᠠ ᠵᠢ ᠵᠣᠯᠭ᠋ᠠᠭᠤᠯᠬᠤ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠠᠵᠤ ᠦᠢ᠍ᠯᠡᠰ᠎ᠤᠨ  ᠬᠦᠭᠵᠢᠬᠦᠯᠤᠯᠳᠡ ᠵᠢᠨ ᠲᠠᠰ ᠪᠠ ᠨᠥᠯᠥᠭᠡᠯᠡᠬᠦ ᠬᠦᠴᠦᠨ᠎ᠢ ᠬᠡᠷᠬᠢᠨ ᠳᠡᠭᠡᠭᠰᠢᠯᠡᠭᠦᠯᠬᠦ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠬᠢᠭᠡᠳ ᠲᠣᠮᠣ ᠬᠡᠯᠪᠡᠷᠢ ᠵᠢᠨ ᠠᠵᠤ ᠠᠬᠤᠢ᠌ᠯᠠᠯ᠎ᠤᠨ ᠬᠠᠮᠲᠤᠷᠠᠯᠴᠠᠭ᠋ᠠᠨ᠎ᠤ ᠰᠠᠭᠤᠷᠢ ᠴᠡᠭ᠎ᠢ ᠡᠷᠢᠯᠬᠢᠯᠡᠬᠦ ᠵᠡᠷᠭᠡ ᠠᠰᠠᠭᠤᠳᠠᠯ᠎ᠤᠨ ᠲᠤᠬᠠᠢ ᠭᠦᠨᠵᠡᠭᠡᠢ ᠰᠤᠳᠤᠯᠤᠨ ᠶᠠᠷᠢᠯᠴᠠᠪᠠ᠃ ᠪᠠᠢ ᠾᠧ ᠵᠢᠶᠠ ᠶᠤᠸᠠᠨ ᠪᠦᠯᠦᠭᠯᠡᠯ᠎ᠤᠨ ᠬᠠᠷᠢᠭᠤᠴᠠᠯᠭ᠋ᠠᠲᠠᠨ ᠬᠢᠭᠡᠳ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠡᠢ᠌ᠭᠡᠮ᠎ᠤᠨ ᠬᠡᠷᠡᠭ ᠶᠠᠪᠤᠳᠠᠯ᠎ᠤᠨ ᠭᠠᠵᠠᠷ᠂ ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠢᠤᠢ᠌ᠴᠤᠸᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠪᠤᠭᠤᠲᠤ ᠬᠤᠳᠠ ᠵᠢᠨ ᠴᠢᠩᠱ᠌ᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠢ᠃

    W020231204415369570010_ORIGIN.jpg


    ᠬᠣᠶᠠᠷ ᠲᠠᠯ᠎ᠠ᠎ᠪᠠᠷ ᠵᠶ᠋ᠠᠨ ᠶᠠᠷᠢᠯᠴᠠᠬᠤ᠎ᠪᠠᠷ ᠲᠠᠮᠵᠢᠨ ᠬᠠᠮᠲᠤ ᠵᠢᠨ ᠲᠠᠨᠢᠯᠲᠠ᠎ᠲᠠᠢ ᠪᠣᠯᠪᠠ᠃ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠪᠣᠯ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠴᠢᠬᠤᠯᠠ ᠠᠵᠢᠯ᠎ᠤᠨ ᠨᠢᠬᠡ ᠪᠦᠬᠡᠳ ᠠᠷᠠᠳ᠎ᠤᠨ ᠠᠮᠢᠳᠤᠷᠠᠯ᠎ᠤᠨ ᠴᠢᠬᠤᠯᠠ ᠢᠨᠵᠧᠨᠧᠷᠢᠩ᠎ᠤᠨ ᠨᠢᠬᠡ ᠶᠤᠮ᠂ ᠠᠮᠢ ᠨᠠᠰᠤ ᠵᠢ ᠲᠡᠬᠡᠳᠤᠯᠡᠬᠦ᠂ ᠪᠠᠢ᠌ᠭ᠋ᠠᠯᠢ ᠵᠢ ᠲᠡᠬᠡᠳᠤᠯᠡᠬᠦ᠂  ᠡᠶ᠎ᠡ ᠵᠣᠬᠢᠴᠠᠩᠭᠤᠢ ᠵᠢ ᠡᠷᠬᠢᠮᠯᠡᠬᠦ ᠵᠢ ᠪᠠᠷᠢᠮᠲᠠᠯᠠᠵᠤ᠂ ᠨᠡᠢ᠌ᠭᠡᠮ᠎ᠤᠨ ᠪᠠᠢ᠌ᠭᠤᠯᠤᠯᠲᠠ᠂ ᠠᠮᠢ ᠠᠬᠤᠢ ᠵᠢᠨ ᠪᠠᠢ᠌ᠭᠤᠯᠤᠯᠲᠠ᠂ ᠬᠤᠳᠠ ᠵᠢᠨ ᠪᠠᠢ᠌ᠭᠤᠯᠤᠯᠲᠠ᠂ ᠪᠣᠯᠪᠠᠰᠤᠨ ᠬᠤᠳᠠ ᠵᠢ ᠡᠭᠦᠳᠦᠨ ᠪᠠᠶ᠋ᠢᠭᠤᠯᠬᠤ᠂ ᠭᠡᠷ᠎ᠤᠨ ᠰᠤᠷᠭ᠋ᠠᠯ ᠭᠡᠷ᠎ᠤᠨ ᠰᠤᠷᠲᠠᠯ᠎ᠤᠨ ᠪᠠᠢ᠌ᠭᠤᠯᠤᠯᠲᠠ ᠪᠠ ᠤᠷᠤᠭ᠎ᠤᠨ ᠵᠠᠩᠰᠢᠯ ᠰᠣᠶᠣᠯ᠎ᠤᠨ ᠠᠵᠤ ᠦᠢ᠍ᠯᠡᠰ᠎ᠤᠨ ᠬᠦᠭᠵᠢᠬᠦᠯᠤᠯᠳᠡ ᠵᠡᠷᠭᠡ ᠵᠢᠷᠭᠤᠭ᠋ᠠᠨ ᠲᠠᠯ᠎ᠠ᠎ᠲᠠᠢ ᠨᠢᠭᠲᠠ ᠤᠶᠠᠯᠳᠤᠭᠤᠯᠤᠨ ᠠᠬᠢᠭᠤᠯᠵᠤ᠂ ᠬᠣᠶᠠᠷ ᠲᠠᠯ᠎ᠠ᠎ᠪᠠᠷ ᠵᠶ᠋ᠠᠨ ᠲᠦᠷᠦᠯ ᠵᠦᠢ᠍ᠯ᠎ᠤᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂  ᠤᠷᠤᠭ᠎ᠤᠨ ᠵᠠᠩᠰᠢᠯ ᠎ᠤᠨ ᠥᠭᠡᠷᠡᠴᠢᠯᠡᠯᠲᠡ ᠵᠢᠨ ᠬᠦᠨᠵᠡᠬᠡᠢ᠌ᠷᠡᠯ᠂ ᠬᠦᠭᠵᠢᠯᠳᠡ ᠵᠢ ᠬᠠᠮᠳᠤ᠎ᠪᠠᠷ ᠠᠬᠢᠭᠤᠯᠬᠤ ᠪᠤᠯᠤᠨ᠎ᠠ᠃ ᠪᠠᠢ ᠾᠧ ᠵᠢᠶᠠ ᠶᠤᠸᠠᠨ ᠪᠦᠯᠦᠭᠯᠡᠯ᠎ᠤᠨ᠎ᠬᠢᠨ ᠨᠠᠷᠠᠲᠤ ᠲᠥᠷᠥᠯ ᠲᠡᠮᠳᠡᠭᠲᠦ ᠵᠢᠨ ᠣᠷᠣᠭ ᠬᠤᠷᠢᠮ᠎ᠤᠨ ᠦᠢ᠍ᠯᠡᠴᠢᠯᠡᠭᠡᠨ᠎ᠤ ᠠᠵᠤ ᠠᠬᠤᠢ᠌ᠯᠠᠯ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠣᠷᠣᠭ᠎ᠤᠨ ᠥᠭᠡᠷᠡᠴᠢᠯᠡᠯᠲᠡ ᠵᠢᠨ ᠲᠣᠭᠣᠷᠢᠨ᠎ᠳᠤ ᠣᠷᠣᠭ ᠬᠤᠷᠢᠮ᠎ᠤᠨ ᠠᠵᠤ ᠦᠢ᠍ᠯᠡᠰ᠎ᠢ ᠨᠠᠩ ᠴᠢᠨᠠᠷᠵᠢᠭᠤᠨ᠂ ᠨᠠᠩ ᠥᠨᠳᠥᠷ ᠪᠠᠷᠢᠮᠵᠢᠶ᠎ᠠ᠎ᠲᠠᠢ᠂ ᠨᠠᠩ ᠥᠨᠳᠥᠷ ᠲᠠᠰ ᠳᠠᠪᠬᠤᠷᠭ᠎ᠠ ᠲᠡᠢ᠌ᠰᠢ ᠬᠥᠭᠵᠢᠬᠦ ᠵᠢ ᠠᠬᠢᠭᠤᠯᠵᠤ᠂ ᠠᠵᠤ ᠦᠢ᠍ᠯᠡᠰ᠎ᠤᠨ ᠬᠡᠪ ᠳᠠᠭᠤᠷᠢᠶᠠᠯ᠎ᠢ ᠪᠣᠶ ᠪᠣᠯᠭ᠋ᠠᠵᠤ᠂ ᠰᠣᠶᠣᠯ᠎ᠤᠨ ᠨᠠᠷᠠᠲᠤ ᠲᠥᠷᠥᠯ ᠲᠡᠮᠳᠡᠭᠲᠦ ᠵᠢ ᠭᠡᠷᠡᠯᠲᠦᠭᠦᠯᠦᠨ᠂ ᠬᠣᠲᠠ ᠵᠢᠨ ᠴᠢᠨᠠᠷ ᠳᠡᠰ᠎ᠢ ᠳᠠᠶ᠋ᠢᠴᠢᠯᠠᠨ ᠳᠡᠭᠡᠭᠰᠢᠯᠡᠭᠦᠯᠵᠦ᠂ ᠣᠷᠣᠭ᠎ᠤᠨ ᠥᠭᠡᠷᠡᠴᠢᠯᠡᠯᠲᠡ ᠵᠢᠨ ᠴᠢᠬᠤᠯᠠ ᠶᠡᠬᠡ ᠦᠷ᠎ᠡ ᠪᠦᠲᠦᠮᠵᠢ ᠣᠯᠬᠤ ᠵᠢ ᠪᠠᠲᠤᠯᠠᠵᠤ᠂ ᠣᠯᠠᠨ ᠲᠦᠮᠡᠨ᠎ᠳᠤ ᠪᠤᠶᠠᠨ ᠦᠢ᠍ᠯᠡᠳᠴᠦ᠂ ᠠᠵᠤ ᠠᠬᠤᠢ᠌ᠯᠠᠯ᠎ᠳᠤ ᠪᠤᠶᠠᠨ ᠦᠢ᠍ᠯᠡᠳᠬᠦ ᠪᠤᠯᠤᠨ᠎ᠠ᠃ ᠬᠥᠬᠡᠬᠣᠲᠠ᠂ ᠪᠤᠭᠤᠲᠤ ᠵᠢᠨ᠎ᠬᠢᠨ ᠭᠠᠵᠠᠷ ᠣᠷᠣᠨ᠂ ᠡᠬᠢ ᠪᠠᠶᠠᠯᠢᠭ᠂ ᠬᠥᠮᠥᠨ ᠠᠮᠠ ᠵᠢᠨ ᠳᠠᠪᠠᠭᠤᠯᠢᠭ ᠵᠶ᠋ᠠᠨ ᠪᠠᠳᠠᠷᠠᠭᠤᠯᠵᠤ᠂ ᠲᠣᠮᠣ ᠬᠡᠯᠪᠡᠷᠢ ᠵᠢᠨ ᠠᠵᠤ ᠠᠬᠤᠢ᠌ᠯᠠᠯ᠎ᠤᠨ᠎ᠬᠢᠨ᠎ᠲᠠᠢ ᠬᠠᠮᠲᠤᠷᠠᠯᠴᠠᠬᠤ ᠪᠠᠷᠢᠴᠨ ᠵᠢ ᠢᠳᠡᠪᠬᠢᠲᠡᠢ ᠡᠷᠢᠯᠬᠢᠯᠡᠵᠦ᠂ ᠲᠡᠷᠢᠭᠦᠨ᠎ᠤ ᠣᠢ᠌ᠯᠠᠭ᠋ᠠᠭᠳᠠᠬᠤᠨ᠎ᠢ ᠣᠷᠣᠭᠤᠯᠤᠨ ᠠᠪᠴᠢᠷᠠᠵᠤ᠂ ᠬᠠᠷᠠᠭ᠎ᠠ ᠰᠡᠳᠬᠢᠴᠡ᠎ᠪᠠᠨ ᠥᠷᠭᠡᠳᠬᠡᠵᠦ᠂ ᠦᠢ᠍ᠯᠡᠴᠢᠯᠡᠭᠡᠨ᠎ᠤ ᠲᠡᠰ ᠵᠶ᠋ᠠᠨ ᠳᠡᠭᠡᠭᠰᠢᠯᠡᠭᠦᠯᠵᠦ᠂ ᠠᠮᠢᠵᠢᠷᠠᠯ᠎ᠤᠨ ᠬᠦᠴᠦᠨ᠎ᠲᠠᠢ ᠤᠷᠤᠭ ᠎ᠤᠨ ᠵᠠᠡᠭᠰᠢᠯ᠎ᠤᠨ ᠰᠣᠶᠣᠯ᠎ᠤᠨ ᠠᠵᠤ ᠦᠢ᠍ᠯᠡᠰ᠎ᠢ ᠪᠤᠢ ᠪᠣᠯᠭ᠋ᠠᠵᠤ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ᠎ᠳᠤ ᠨᠡᠩ ᠰᠠᠢ᠌ᠨ ᠦᠢ᠍ᠯᠡᠴᠢᠯᠡᠭᠦᠯᠬᠦ ᠪᠤᠯᠤᠨ᠎ᠠ᠃
 





ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ ᠨᠠᠮ᠎ᠤᠨ ᠡᠭᠦᠷ᠎ᠤᠨ᠎ᠬᠢᠨ ᠨᠡᠢ᠌ᠭᠡᠮᠯᠢᠭ᠎ᠲᠤ ᠭᠦᠨᠵᠡᠭᠡᠢ᠌ᠷᠡᠨ 《ᠬᠣᠶᠠᠷ᠎ᠲᠤ ᠬᠦᠷᠴᠤ᠂ ᠬᠣᠶᠠᠷ᠎ᠢ ᠠᠬᠢᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2022 ᠣᠨ᠎ᠤ ᠡᠩ᠎ᠤᠨ ᠣᠯᠠᠨ ᠨᠡᠶ᠋ᠢᠲᠡ ᠵᠢᠨ ᠲᠥᠰᠥᠪ ᠪᠠ ᠠᠰᠠᠷᠠᠮᠵᠢ ᠵᠢᠨ ᠱᠠᠡᠭᠨᠠᠯᠳᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠢᠨ ᠠᠵᠢᠯ᠎ᠤᠨ ᠪᠦᠲᠦᠮᠵᠢ ᠵᠢᠨ ᠦᠨᠡᠯᠡᠯᠲᠡ ᠵᠢ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠵᠤ ᠲᠠᠭᠤᠰᠬᠠᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 60 ᠵᠦᠢ᠍ᠯ᠎ᠤᠨ ᠠᠷᠭ᠎ᠠ ᠵᠢ ᠨᠡᠢ᠌ᠲᠡᠯᠡᠵᠦ᠂ ᠠᠵᠢᠯ ᠵᠶ᠋ᠡᠨ ᠪᠥᠬᠥ ᠲᠠᠯ᠎ᠠ᠎ᠪᠠᠷ 《ᠪᠠᠷᠢᠮᠵᠢᠶ᠎ᠠ ᠵᠢ ᠲᠡᠭᠡᠭᠰᠢᠯᠡᠬᠦᠯᠵᠤ᠂ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠵᠢ ᠠᠬᠢᠭᠤᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ 《ᠪᠠᠷᠢᠮᠵᠢᠶ᠎ᠠ ᠵᠢ ᠲᠡᠭᠡᠭᠰᠢᠯᠡᠬᠦᠯᠵᠤ᠂ ᠬᠤᠷᠳᠤᠴᠠ ᠵᠢ ᠲᠦᠷᠬᠡᠳᠬᠡᠨ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠲᠤᠰᠬᠠᠢ ᠠᠵᠢᠯᠯᠠᠭ᠎ᠠ ᠵᠢᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》 ᠎ᠢ ᠳᠠᠷᠤᠮᠠᠯᠯᠠᠨ ᠲᠠᠷᠬᠠᠭ᠋ᠠᠬᠰᠠᠨ᠎ᠨᠢ ᠠᠷᠠᠳ᠎ᠤᠨ ᠶᠠᠪᠤᠳᠠᠯ᠎ᠤᠨ ᠰᠢᠰᠲᠸᠮ᠎ᠤᠨ᠎ᠬᠢᠨ᠎ᠤ ᠨᠠᠮ᠎ᠤᠨ ᠭᠡᠰᠢᠭᠦᠨ ᠺᠠᠳ᠋ᠷᠴᠤᠳ᠎ᠤᠨ ᠳᠤᠮᠳᠠ ᠴᠢᠩᠭ᠎ᠠ ᠲᠤᠰᠬᠠᠯ ᠭᠠᠷᠪᠠ
 
            