ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ ᠨᠠᠮ᠎ᠤᠨ ᠡᠭᠦᠷ᠎ᠤᠨ᠎ᠬᠢᠨ 11 ᠳ᠋ᠤᠬᠡᠷ ᠰᠠᠷ᠎ᠠ ᠵᠢᠨ 27᠎ᠤ ᠦᠳᠡ ᠵᠢᠨ ᠬᠣᠢ᠌ᠨ᠎ᠠ ᠥᠪᠥᠷ ᠮᠣᠩᠭᠣᠯ᠎ᠤᠨ ᠠᠷᠠᠯᠵᠢᠶ᠎ᠠ ᠬᠤᠳᠠᠯᠳᠤᠭ᠎ᠠ ᠪᠠᠷᠠᠭ᠋ᠠᠨ᠎ᠤ ᠭᠦᠢ᠍ᠯᠭᠡᠭᠡ ᠬᠢᠭᠡᠳ 《ᠬᠣᠶᠠᠷ᠎ᠲᠤ ᠬᠦᠷᠴᠤ᠂ ᠬᠤᠶᠠᠷ᠎ᠢ ᠠᠬᠢᠭᠤᠯᠬᠤ (ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠲᠤᠬᠠᠢ᠌ᠯᠠᠭᠰᠠᠨ ᠠᠵᠢᠯ᠎ᠤᠨ ᠭᠣᠣᠯᠴᠢᠯᠠᠨ ᠬᠠᠮᠢᠶᠠᠷᠬᠤ ᠨᠢᠬᠡᠴᠢ᠎ᠳᠤ ᠬᠦᠷᠴᠦ᠂ ᠪᠠᠢ᠌ᠭᠤᠯᠭ᠎ᠠ ᠵᠢᠨ ᠨᠠᠮ᠎ᠤᠨ ᠡᠭᠦᠷ᠎ᠤᠨ ᠨᠠᠮ᠎ᠤᠨ ᠪᠠᠢ᠌ᠭᠤᠯᠤᠯᠲᠠ ᠪᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ)》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠨᠢᠭᠡᠳᠦᠭᠡᠷ ᠵᠢᠯᠤᠭᠣᠳᠬᠤ ᠥᠷᠲᠡᠭᠡ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠴᠢᠯᠡᠭᠡᠨ᠎ᠤ ᠲᠥᠪ᠂ ᠥᠪᠥᠷ ᠮᠣᠩᠭᠣᠯ᠎ᠤᠨ ᠲᠦᠩᠯᠢᠶᠣᠣ ᠵᠢᠨ ᠬᠤᠳᠠᠯᠳᠤᠭ᠋ᠠᠴᠢᠳ᠎ᠤᠨ ᠡᠪᠯᠡᠯ᠎ᠤᠨ᠎ᠬᠢᠨ᠎ᠤ ᠨᠠᠮ᠎ᠤᠨ ᠠᠵᠢᠯ᠎ᠤᠨ ᠠᠵᠢᠯᠲᠠᠨ ᠠᠵᠢᠯᠯᠠᠭ᠎ᠠ᠎ᠳᠤ ᠣᠷᠣᠯᠴᠠᠪᠠ᠃
ᠨᠠᠮ᠎ᠤᠨ ᠡᠭᠦᠷ᠎ᠤᠨ᠎ᠬᠢᠨ ᠥᠪᠥᠷ ᠮᠣᠩᠭᠣᠯ᠎ᠤᠨ ᠠᠷᠠᠯᠵᠢᠶ᠎ᠠ ᠬᠤᠳᠠᠯᠳᠤᠭ᠎ᠠ ᠪᠠᠷᠠᠭ᠋ᠠᠨ᠎ᠤ ᠭᠦᠢ᠍ᠯᠭᠡᠭᠡ ᠪᠣᠯᠣᠨ ᠦᠢ᠍ᠯᠡᠴᠢᠯᠡᠭᠡᠨ᠎ᠤ ᠦᠢ᠍ᠯᠡᠰ᠎ᠤᠨ ᠨᠡᠢ᠌ᠭᠡᠮᠯᠢᠭ᠎ᠤᠨ ᠠᠵᠢᠯᠯᠠᠬᠤ ᠣᠷᠴᠢᠨ ᠲᠣᠭᠣᠷᠢᠨ᠎ᠢ ᠲᠣᠭᠣᠷᠢᠨ ᠦᠵᠡᠵᠦ᠂ ᠨᠡᠢ᠌ᠭᠡᠮᠯᠢᠭ᠎ᠤᠨ ᠳᠠᠷᠤᠭ᠎ᠠ ᠰᠢᠶᠸ ᠶᠢᠤ ᠰᠢᠩ ᠨᠡᠢ᠌ᠭᠡᠮᠯᠢᠭ᠎ᠤᠨ ᠨᠠᠮ᠎ᠤᠨ ᠪᠠᠢ᠌ᠭᠤᠯᠤᠯᠲᠠ ᠵᠢᠨ ᠦᠨᠳᠦᠰᠦᠨ ᠪᠠᠢ᠌ᠳᠠᠯ᠂ ᠤᠷᠴᠢᠮ᠎ᠤᠨ ᠵᠢᠯ᠎ᠤᠨ ᠭᠣᠣᠯ ᠠᠵᠢᠯ᠂ ᠨᠠᠮ᠎ᠤᠨ ᠪᠠᠢ᠌ᠭᠤᠯᠤᠯᠲᠠ ᠵᠢᠨ ᠦᠷ᠎ᠡ ᠪᠦᠲᠦᠭᠡᠯ ᠪᠠ ᠡᠯ᠎ᠡ ᠵᠦᠢ᠍ᠯ᠎ᠤᠨ ᠢᠷᠠᠭᠤ ᠠᠯᠳᠠᠷ᠎ᠢ ᠲᠠᠨᠢᠯᠴᠠᠭᠤᠯᠪᠠ᠃ ᠨᠡᠢ᠌ᠭᠡᠮᠯᠢᠭ ᠪᠠᠢ᠌ᠭᠤᠯᠤᠭᠳᠠᠭᠰᠠᠨ᠎ᠠᠴᠠ ᠨᠠᠭ᠋ᠠᠰᠢ 《ᠬᠤᠪᠢᠶᠠᠯᠴᠠᠬᠤ᠂ ᠠᠭᠤᠰᠤᠯᠴᠠᠬᠤ᠂ ᠬᠠᠮᠳᠤ᠎ᠪᠠᠷ ᠪᠠᠶ᠋ᠢᠭᠤᠯᠬᠤ᠂ ᠬᠠᠮᠳᠤ᠎ᠪᠠᠷ ᠠᠰᠢᠭ ᠬᠦᠷᠳᠡᠬᠦ》᠎ᠪᠠᠷ ᠨᠡᠢ᠌ᠭᠡᠮᠯᠢᠭ ᠡᠷᠬᠢᠯᠡᠬᠦ ᠵᠣᠷᠢᠯᠲᠠ᠎ᠪᠠᠨ ᠪᠣᠯᠭ᠋ᠠᠵᠤ᠂ ᠭᠡᠰᠢᠭᠦᠳ᠎ᠲᠤ ᠦᠢ᠍ᠯᠡᠴᠢᠯᠡᠬᠦ᠂ ᠲᠦᠷᠦᠯ ᠵᠦᠢ᠍ᠯ᠎ᠢ ᠬᠦᠯᠢᠶᠡᠨ ᠠᠪᠬᠤ᠂ ᠡᠷᠬᠡ ᠠᠰᠢᠭ ᠵᠶ᠋ᠠᠨ ᠬᠠᠮᠠᠭ᠋ᠠᠯᠠᠬᠤ᠂ ᠨᠡᠢ᠌ᠭᠡᠮ᠎ᠳᠤ ᠬᠤᠪᠢ ᠨᠡᠮᠡᠷᠢ ᠦᠵᠡᠭᠦᠯᠬᠦ ᠵᠡᠷᠭᠡ ᠲᠠᠯ᠎ᠠ᠎ᠪᠠᠷ ᠦᠵᠡᠭᠦᠯᠪᠡᠰᠦ ᠵᠣᠬᠢᠬᠤ ᠦᠢ᠍ᠯᠡᠳᠦᠯ ᠵᠶ᠋ᠡᠨ ᠪᠠᠳᠠᠷᠠᠭᠤᠯᠤᠬᠰᠠᠨ ᠵᠶ᠋ᠡᠷ ᠪᠦᠬᠦ ᠤᠯᠤᠰ᠎ᠤᠨ《ᠲᠦᠷᠪᠡᠨ ᠰᠠᠢ᠌ᠨᠲᠠᠢ ᠬᠤᠳᠠᠯᠳᠤᠭ᠋ᠠᠨ᠎ᠤ ᠡᠪᠯᠡᠯ》 ᠤᠨ ᠴᠣᠯᠠ ᠵᠢ ᠬᠦᠷᠲᠡᠵᠦ᠂ ᠥᠪᠡᠷᠲᠡᠭᠡᠨ ᠵᠠᠰᠠᠬᠤ ᠣᠷᠣᠨ᠎ᠤ ᠲᠦᠷᠦᠭᠦᠦ ᠪᠦᠯᠦᠭ᠎ᠤᠨ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠮᠢ ᠠᠬᠤᠢ ᠵᠢᠨ ᠬᠦᠷᠢᠶᠡᠨ᠎ᠤ ᠵᠢᠱ᠌ᠢᠶ᠎ᠡ ᠦᠵᠡᠭᠦᠯᠬᠦ ᠴᠡᠭ》᠎ᠤᠨ ᠨᠢᠭᠡᠴᠡ ᠵᠢᠨ ᠴᠤᠯᠨ ᠵᠢ ᠬᠦᠷᠲᠡᠵᠡᠢ᠃
ᠭᠣᠣᠯ ᠰᠡᠳᠦᠪᠲᠦ ᠬᠥᠮᠦᠵᠢᠯ᠎ᠲᠠᠢ ᠤᠶᠠᠯᠳᠤᠭᠤᠯᠤᠨ ᠥᠷᠨᠢᠭᠦᠯᠦᠭᠰᠡᠨ 《ᠨᠠᠮ᠎ᠤᠨ ᠬᠢᠴᠢᠶᠡᠯ ᠡᠬᠢᠯᠡᠬᠦ》 ᠠᠵᠢᠯᠯᠠᠭ᠎ᠠ᠎ᠪᠠᠷ ᠥᠪᠥᠷ ᠮᠣᠩᠭᠣᠯ᠎ᠤᠨ ᠪᠧᠢ ᠴᠧᠨ ᠣᠶᠤᠨ᠎ᠤ ᠬᠥᠮᠥᠷᠭᠡ ᠵᠢᠨ ᠰᠤᠳᠤᠯᠭ᠋ᠠᠨ᠎ᠤ ᠲᠥᠪ᠎ᠤᠨ ᠬᠡᠷᠡᠭ ᠡᠷᠬᠢᠯᠡᠭᠴᠢᠳ᠎ᠤᠨ ᠳᠠᠷᠤᠭ᠎ᠠ᠂ ᠳᠤᠮᠳᠠᠳᠤ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠨᠡᠢ᠌ᠭᠡᠮᠯᠢᠭ᠎ᠤᠨ ᠬᠡᠷᠡᠭ ᠡᠷᠬᠢᠯᠡᠭᠴᠢ ᠼᠠᠢ ᠴᠠᠩ ᠴᠢᠩ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠴᠢᠬᠤᠯᠠ ᠠᠴᠢ ᠬᠣᠯᠪᠣᠭᠳᠠᠯ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ》 ᠬᠦ᠌ ᠭᠣᠣᠯ ᠰᠡᠳᠦᠪ᠎ᠤᠨ ᠲᠣᠭᠣᠷᠢᠨ᠎ᠳᠤ 《ᠶᠠᠭᠤ ᠵᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠭᠡᠬᠦ᠂ ᠶᠠᠭᠤᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠬᠡᠷᠬᠢᠨ ᠪᠠᠳᠤᠳᠬᠠᠬᠤ》 ᠭᠤᠷᠪᠠᠨ ᠲᠠᠯ᠎ᠠ᠎ᠠᠴᠠ ᠤᠨᠤᠯ᠎ᠤᠨ ᠬᠢᠴᠢᠶᠡᠯ ᠤᠷᠤᠬᠰᠠᠨ ᠪᠠᠢ᠌ᠨ᠎ᠠ᠃