ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ 《ᠰᠡᠷᠭᠡᠢ᠌ᠯᠡᠬᠦ᠎ᠪᠠᠷ ᠭᠣᠣᠯ ᠪᠣᠯᠭ᠋ᠠᠵᠤ ᠠᠮᠢ ᠨᠠᠰᠤ ᠵᠢ ᠳᠡᠭᠡᠳᠦᠯᠡᠬᠦ》 ᠭᠠᠯ ᠤᠨᠳᠠᠷᠠᠭ᠋ᠠᠵᠤ᠂ ᠠᠶᠤᠯ᠎ᠠᠴᠠ ᠠᠪᠤᠷᠠᠬᠤ ᠮᠡᠳᠡᠯᠭᠡ ᠵᠢᠨ ᠲᠠᠢ᠌ᠯᠤᠮᠵᠢ ᠬᠢᠯᠬᠡᠪᠡ
ᠨᠡᠶᠢᠲᠡᠯᠡᠭᠰᠡᠨ ᠴᠠᠭ᠄ 2023-11-28

    ᠠᠶᠤᠯ ᠦᠭᠡᠢ ᠦᠢ᠍ᠯᠡᠳᠪᠦᠷᠢᠯᠡᠯ ᠂ ᠭᠠᠯ ᠤᠨᠲᠠᠷᠠᠭ᠋ᠠᠵᠤ ᠠᠶᠤᠯ᠎ᠠᠴᠠ ᠬᠠᠮᠠᠭ᠋ᠠᠯᠠᠬᠤ ᠠᠵᠢᠯ ᠥᠷᠨᠢᠭᠦᠯᠬᠦ ᠲᠤᠬᠠᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ᠂ ᠺᠠᠳ᠋ᠷ ᠠᠵᠢᠯᠲᠠᠨ ᠠᠵᠢᠯᠴᠢᠳ᠎ᠤᠨ ᠭᠠᠯ ᠤᠨᠲᠠᠷᠠᠭ᠋ᠠᠵᠤ ᠠᠶᠤᠯ᠎ᠠᠴᠠ ᠬᠠᠮᠠᠭ᠋ᠠᠯᠠᠬᠤ ᠦᠵᠡᠯ ᠤᠬᠠᠮᠰᠠᠷ᠎ᠢ ᠳᠡᠭᠡᠭᠰᠢᠯᠡᠭᠦᠯᠦᠨ᠂ ᠰᠡᠷᠭᠡᠢ᠌ᠯᠡᠵᠦ ᠥᠪᠡᠷ᠎ᠢ᠎ᠪᠠᠨ ᠠᠪᠤᠷᠠᠬᠤ ᠴᠢᠳᠠᠪᠤᠷᠢ ᠵᠢ ᠨᠡᠮᠡᠭᠳᠡᠭᠦᠯᠬᠦ ᠵᠢᠨ ᠲᠦᠯᠤᠬᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ 11 ᠳ᠋ᠤᠬᠡᠷ ᠰᠠᠷ᠎ᠠ ᠵᠢᠨ 17᠎ᠤ ᠡᠳᠦᠷ  ᠥᠪᠥᠷ ᠮᠣᠩᠭᠣᠯ᠎ᠤᠨ ᠵᠠᠰᠠᠭ ᠵᠠᠬᠢᠷᠭ᠋ᠠᠨ᠎ᠤ ᠭᠠᠯ ᠤᠨᠲᠠᠷᠠᠭ᠋ᠠᠬᠤ ᠮᠡᠳᠡᠯᠭᠡ ᠵᠢᠨ ᠤᠬᠠᠭᠤᠯᠭ᠎ᠠ ᠵᠢᠨ ᠲᠥᠪ᠎ᠤᠨ ᠵᠢᠢ ᠴᠧᠨ ᠳᠡᠭᠡᠳᠦ ᠵᠡᠷᠭᠡ ᠵᠢᠨ ᠯᠧᠺᠲ᠋ᠣᠷ᠎ᠢ ᠤᠷᠢᠵᠤ 《ᠰᠡᠷᠭᠡᠢ᠌ᠯᠡᠬᠦ᠎ᠪᠠᠷ ᠭᠣᠣᠯ ᠪᠣᠯᠭ᠋ᠠᠵᠤ᠂ ᠠᠮᠢ ᠨᠠᠰᠤ ᠵᠢ ᠳᠡᠭᠡᠳᠦᠯᠡᠬᠦ》 ᠭᠠᠯ ᠤᠨᠳᠠᠷᠠᠭ᠋ᠠᠵᠤ᠂ ᠠᠶᠤᠯ᠎ᠠᠴᠠ ᠠᠪᠤᠷᠠᠬᠤ ᠮᠡᠳᠡᠯᠭᠡ ᠵᠢᠨ ᠲᠠᠢ᠌ᠯᠤᠮᠵᠢ ᠬᠢᠯᠬᠡᠪᠡ᠃ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠺᠠᠳ᠋ᠷ ᠠᠵᠢᠯᠲᠠᠨ ᠠᠵᠢᠯᠳᠠᠳ ᠪᠤᠯᠤᠨ ᠠᠳᠠᠯ ᠠᠬᠤᠢ ᠵᠢᠨ ᠬᠠᠮᠢᠶᠠᠷᠤᠯᠲᠠ᠂ ᠬᠡᠪᠯᠡᠯ᠎ᠤᠨ ᠦᠢ᠍ᠯᠡᠳᠪᠦᠷᠢ ᠵᠢᠨ ᠬᠠᠮᠢᠶ᠎ᠠ ᠪᠦᠬᠦᠢ ᠠᠵᠢᠯᠲᠠᠨ 60 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠵᠠᠢ᠃
      《ᠬᠡᠷ᠎ᠤᠨ ᠲᠧᠯᠸᠢᠰ ᠭᠠᠯ ᠠᠯᠳᠠᠪᠠᠯ ᠬᠠᠮᠤᠭ᠎ᠤᠨ ᠲᠦᠷᠦᠭᠦᠨ᠎ᠳᠤ ᠶᠠᠭ᠋ᠠᠬᠢᠬᠤ ᠶᠤᠰᠤᠳᠠᠢ ᠪᠤᠢ?》 ᠬᠡᠰᠡᠨ ᠠᠰᠠᠭᠤᠯᠳᠠ ᠵᠢ ᠬᠦᠮᠦᠰ᠄ 《ᠴᠠᠭᠳᠠᠭ᠎ᠠ᠎ᠳᠤ ᠲᠠᠷᠤᠢ ᠮᠡᠳᠡᠭᠦᠯᠦᠨ᠎ᠡ》 《ᠴᠠᠬᠢᠯᠭ᠋ᠠᠨ ᠡᠭᠦᠰᠬᠡᠭᠴᠢ ᠵᠢ ᠬᠠᠭ᠋ᠠᠨ᠎ᠠ》 ᠬᠡᠬᠦ ᠮᠡᠳᠤ᠎ᠪᠠᠷ ᠬᠦᠭᠵᠢᠶᠡᠨᠳᠡᠢ ᠬᠠᠷᠢᠭᠤᠯᠵᠤ ᠪᠠᠢ᠌ᠯ᠎ᠠ᠃ ᠲᠠᠢ᠌ᠯᠤᠮᠵᠢ ᠵᠢᠨ ᠶᠠᠪᠤᠴᠠ᠎ᠳᠤ ᠵᠢᠢ ᠴᠧᠨ ᠯᠧᠺᠲ᠋ᠣᠷ ᠬᠦᠮᠦᠨ ᠪᠤᠯᠭ᠋ᠠᠨ᠎ᠤ ᠠᠳᠠᠯ ᠠᠮᠢᠳᠤᠷᠠᠯ᠎ᠲᠠᠢ ᠰᠢᠭᠤᠳ ᠬᠤᠯᠪᠤᠭ᠎ᠠ᠎ᠲᠠᠢ ᠤᠯᠠᠨ ᠠᠰᠠᠭᠤᠯᠲᠠ ᠠᠰᠠᠭᠤᠵᠤ᠂ ᠤᠯᠠᠨ᠎ᠤ ᠰᠤᠷᠤᠯᠴᠠᠬᠤ ᠤᠷᠮ᠎ᠠ ᠵᠢ ᠲᠠᠢ᠍ᠢ᠍ᠴᠢᠯᠠᠵᠠᠢ᠃ 
     ᠵᠢᠢ ᠴᠧᠨ ᠯᠧᠺᠲ᠋ᠣᠷ ᠵᠢᠷᠤᠭ ᠪᠢᠴᠢᠭ᠎ᠢ ᠬᠣᠣᠰᠯᠠᠭᠤᠯᠬᠤ᠂ ᠰᠣᠨᠢᠨ ᠮᠡᠳᠡᠭᠡᠯᠡᠯ᠂ ᠡᠨᠳᠡᠯ᠎ᠢ ᠵᠠᠳᠠᠯᠬᠤ᠂ ᠲᠤᠬᠠᠢ ᠵᠢᠨ ᠲᠠᠯᠠᠪᠤᠷ᠎ᠲᠤ ᠶᠠᠷᠢᠶ᠎ᠠ ᠲᠠᠯᠪᠢᠬᠤ ᠵᠡᠷᠭᠡ ᠬᠡᠯᠪᠡᠷᠢ᠎ᠪᠠᠷ ᠣᠢ᠌ᠷ᠎ᠠ ᠵᠢᠨ ᠵᠢᠯ᠎ᠳᠤ ᠭᠠᠷᠤᠭᠰᠠᠨ ᠣᠯᠠᠨ ᠤᠳᠠᠭ᠋ᠠᠨ᠎ᠤ ᠬᠦᠨᠳᠦ ᠶᠡᠬᠡ ᠭᠠᠯ᠎ᠤᠨ ᠭᠠᠮᠰᠢᠭ᠎ᠤᠨ ᠡᠨᠳᠡᠯ ᠪᠠ ᠪᠣᠳᠠᠲᠤ ᠵᠢᠱ᠌ᠢᠶ᠎ᠡ ᠵᠢᠨ ᠸᠢᠳᠢᠤ᠋ ᠵᠢ ᠨᠡᠪᠲᠡᠷᠡᠭᠦᠯᠦᠨ ᠲᠠᠢ᠌ᠯᠪᠤᠷᠢᠯᠠᠵᠤ᠂ ᠬᠥᠮᠥᠨ᠎ᠢ ᠰᠣᠴᠢᠭ᠋ᠠᠮ᠎ᠠ ᠵᠢᠷᠤᠭ ᠪᠣᠯᠣᠨ ᠸᠢᠳᠢᠤ᠋᠎ᠪᠠᠷ ᠺᠠᠳ᠋ᠷ ᠠᠵᠢᠯᠲᠠᠨ᠎ᠤ ᠰᠡᠳᠬᠢᠯ᠎ᠢ ᠬᠦᠨᠳᠡᠵᠤ᠂ 《ᠳᠠᠯᠳᠠ ᠠᠶᠤᠯ ᠢᠯᠡ ᠭᠠᠯ᠎ᠠᠴᠠ ᠬᠦᠨᠤᠬᠡᠯᠳᠡᠢ᠂ ᠰᠡᠷᠭᠡᠢ᠌ᠯᠡᠬᠦ᠎ᠨᠢ ᠭᠠᠯ᠎ᠤᠨ ᠠᠶᠤᠯ᠎ᠠᠴᠠ ᠠᠪᠤᠷᠠᠬᠤ᠎ᠠᠴᠠ ᠲᠤᠳᠠᠭᠣ ᠦᠬᠡᠢ ᠴᠢᠬᠤᠯᠨ》 ᠪᠠᠢ᠌ᠳᠠᠭ ᠴᠢᠬᠤᠯᠠ ᠴᠢᠨᠠᠷ᠎ᠢ ᠭᠦᠨᠵᠡᠭᠡᠢ ᠲᠠᠨᠢᠭᠰᠠᠨ ᠪᠠᠢ᠌ᠨ᠎ᠠ᠃ ᠡᠭᠦᠨ᠎ᠤ ᠬᠠᠮᠲᠤ ᠣᠳᠣᠬᠠᠨ᠎ᠤ ᠭᠠᠯ ᠤᠨᠳᠠᠷᠠᠭ᠋ᠠᠵᠤ᠂ ᠠᠶᠤᠯ᠎ᠠᠴᠠ ᠠᠪᠤᠷᠠᠬᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠠᠵᠢᠯᠯᠠᠬᠤ ᠲᠠᠯᠠᠪᠤᠷ᠎ᠤᠨ ᠭᠠᠯ ᠰᠡᠷᠭᠡᠢ᠌ᠯᠡᠬᠦ᠎ᠳᠤ ᠠᠩᠬᠠᠷᠬᠤ ᠵᠦᠢ᠍ᠯ ᠪᠠ ᠬᠠᠮᠢᠶ᠎ᠠ ᠪᠦᠬᠦᠢ ᠬᠠᠤᠯᠢ ᠴᠠᠭ᠋ᠠᠵᠠ ᠵᠢᠨ ᠬᠠᠷᠢᠭᠤᠴᠠᠯᠭ᠎ᠠ᠂ ᠭᠠᠯ᠎ᠤᠨ ᠭᠠᠮᠰᠢᠭ᠎ᠤᠨ ᠬᠡᠷᠡᠭ᠎ᠤᠨ ᠵᠢᠱ᠌ᠢᠶ᠎ᠡ ᠪᠣᠯᠣᠨ ᠠᠳᠠᠯᠢ ᠪᠤᠰᠤ ᠲᠥᠷᠥᠯ ᠬᠡᠯᠪᠡᠷᠢ ᠵᠢᠨ ᠭᠠᠯ ᠤᠨᠲᠠᠷᠠᠭ᠋ᠠᠬᠤ ᠪᠠᠭ᠋ᠠᠵᠢ ᠬᠡᠷᠡᠭᠰᠡᠯ᠎ᠤᠨ ᠳᠠᠪᠠᠭᠤᠯᠢᠭ ᠪᠣᠯᠣᠨ ᠬᠡᠷᠡᠭᠯᠡᠬᠦ ᠠᠷᠭ᠎ᠠ ᠵᠢ ᠨᠢᠮᠪᠠᠢ ᠲᠠᠨᠢᠯᠴᠠᠭᠤᠯᠪᠠ᠃ ᠲᠠᠢ᠌ᠯᠤᠮᠵᠢ ᠵᠢᠨ ᠠᠭᠤᠯᠭ᠎ᠠ᠎ᠨᠢ ᠡᠯᠪᠡᠭ ᠪᠠᠶᠠᠯᠢᠭ᠂ ᠭᠣᠣᠯᠳᠠᠯᠭ᠎ᠠ᠎ᠨᠢ ᠲᠣᠪᠣᠢ᠌ᠮ᠎ᠠ ᠪᠤᠯᠬᠤᠷ ᠲᠠᠢ᠌ᠯᠤᠮᠵᠢ ᠵᠢ ᠰᠤᠨᠤᠰᠤᠬᠰᠠᠨ ᠺᠠᠳ᠋ᠷ ᠠᠵᠢᠯᠲᠠᠳ᠎ᠲᠤ ᠶᠡᠬᠡ ᠠᠰᠢᠭ ᠬᠦᠷᠲᠡᠭᠡᠭᠰᠡᠨ ᠪᠥᠭᠡᠳ ᠭᠠᠯ ᠤᠨᠳᠠᠷᠠᠭ᠋ᠠᠵᠤ᠂ ᠠᠶᠤᠯ᠎ᠠᠴᠠ ᠠᠪᠤᠷᠠᠬᠤ ᠮᠡᠳᠡᠯᠭᠡ ᠵᠢ ᠰᠤᠷᠤᠯᠴᠠᠬᠤ ᠤᠷᠮ᠎ᠠ ᠵᠢ ᠬᠦᠭᠵᠢᠭᠡᠭᠰᠡᠨ ᠪᠠᠢ᠌ᠨ᠎ᠠ᠃
   



   



    

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠮᠠᠨ᠎ᠤ ᠠᠵᠢᠯᠯᠠᠭ᠎ᠠ》 ᠰᠢᠷᠢᠰ ᠮᠡᠳᠡᠬᠡᠯᠡᠯ (ᠬᠣᠷᠢᠨ ᠲᠠᠪᠤ)
ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠨᠡᠢ᠌ᠭᠡᠮ᠎ᠤᠨ ᠶᠠᠪᠤᠳᠠᠯ᠎ᠤᠨ ᠭᠠᠵᠠᠷ᠎ᠤᠨ᠎ᠬᠢᠨ ᠬᠥᠯᠥᠨ ᠪᠣᠶ᠋ᠢᠷ ᠬᠣᠲᠠ᠎ᠳᠤ ᠪᠠᠢ᠌ᠴᠠᠭ᠋ᠠᠨ ᠰᠤᠳᠤᠯᠪᠠ
ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠯᠢᠦ ᠴᠧᠩ ᠮᠢᠨ ᠬᠥᠬᠡᠬᠣᠲᠠ᠎ᠳᠤ ᠨᠠᠰᠤᠲᠠᠢ᠌ᠴᠤᠳ᠎ᠤᠨ ᠬᠣᠭᠣᠯᠠ ᠤᠮᠳᠠ ᠵᠢᠨ ᠦᠢ᠍ᠯᠡᠴᠢᠯᠡᠭᠡ ᠵᠢ ᠥᠷᠨᠢᠭᠦᠯᠵᠦ ᠪᠠᠢ᠌ᠭ᠎ᠠ ᠪᠠᠢ᠌ᠳᠠᠯ᠎ᠢ ᠪᠠᠢ᠌ᠴᠠᠭ᠋ᠠᠨ ᠰᠤᠳᠤᠯᠪᠠ
ᠪᠥᠬᠥ ᠣᠷᠣᠨ᠎ᠤ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ 《ᠳᠤᠲᠠᠭᠤ ᠲᠤᠷᠭᠤᠨ》 ᠢᠨᠵᠧᠨᠧᠷᠢᠩ᠎ᠢ ᠰᠡᠷᠬᠦᠬᠡᠬᠦ ᠠᠵᠢᠯᠯᠠᠭ᠎ᠠ ᠪᠣᠳᠠᠲᠤ ᠪᠦᠲᠦᠮᠵᠢ ᠣᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠲᠤᠳᠤᠭ᠋ᠠᠳᠤ ᠡᠵᠡᠮᠳᠡᠯ᠎ᠤᠨ ᠲᠦᠷᠢᠮ᠎ᠳᠤ ᠵᠠᠰᠠᠪᠤᠷᠢ ᠤᠷᠤᠭᠤᠯᠵᠤ ᠲᠡᠬᠦᠯᠳᠡᠷᠵᠢᠬᠦᠯᠪᠡ
 
            