ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠠᠯᠪᠠᠨ ᠭᠡᠷ ᠪᠠ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ ᠨᠠᠮ᠎ᠤᠨ ᠡᠭᠦᠷ᠎ᠤᠨ᠎ᠬᠢᠨ᠎ᠲᠠᠢ ᠬᠠᠮᠲᠤᠷᠠᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄ 2023-11-28

   ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ  ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠱᠤᠭᠤᠮ ᠪᠤᠯᠭ᠋ᠠᠨ᠂ ᠰᠢᠨ᠎ᠡ ᠴᠠᠭ ᠦᠶ᠎ᠡ ᠵᠢᠨ 《ᠹᠸᠩᠴᠢᠶᠤᠤ ᠵᠢᠨ ᠲᠤᠷᠰᠢᠯᠭ᠎ᠠ》 ᠪᠠ 《ᠫᠦᠵᠢᠶᠠᠩ ᠮᠥᠷᠡᠨ᠎ᠤ ᠲᠤᠷᠰᠢᠯᠭ᠎ᠠ》 ᠵᠢ ᠦᠢ᠍ᠯᠡᠳᠦᠯᠭᠡᠵᠢᠭᠦᠯᠵᠦ᠂ ᠦᠨᠳᠦᠰᠦᠨ ᠱᠠᠲᠤᠨ᠎ᠳᠤ ᠭᠦᠨᠵᠡᠭᠡᠢ᠌ᠷᠡᠨ ᠠᠷᠠᠳ᠎ᠤᠨ ᠶᠠᠪᠤᠳᠠᠯ᠎ᠤᠨ ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠤᠨ ᠰᠢᠨ᠎ᠡ ᠵᠠᠭᠪᠤᠷ᠎ᠢ ᠬᠠᠢ᠌ᠨ ᠰᠦᠪᠡᠭᠴᠢᠯᠡᠵᠦ᠂ ᠵᠥᠷᠢᠴᠡᠯ  ᠵᠠᠭᠤᠷᠠᠯᠳᠤᠭ᠋ᠠᠨ ᠪᠠ ᠵᠠᠬᠢᠳᠠᠯ ᠰᠣᠷᠪᠤᠯᠵᠢᠯᠠᠭ᠎ᠠ ᠵᠢᠨ ᠬᠡᠮ ᠰᠣᠭᠣᠭ᠎ᠢ ᠡᠬᠢ ᠡᠭᠦᠰᠦᠯ᠎ᠠᠴᠠ᠎ᠨᠢ ᠰᠡᠷᠭᠡᠢ᠌ᠯᠡᠨ ᠪᠠᠭ᠋ᠠᠰᠬᠠᠬᠤ ᠵᠢᠨ ᠬᠠᠮᠲᠤ ᠣᠯᠠᠨ ᠲᠦᠮᠡᠨ᠎ᠤ ᠠᠩᠬᠠᠷᠴᠤ ᠪᠠᠢ᠌ᠭ᠎ᠠ ᠠᠰᠠᠭᠤᠳᠠᠯ᠎ᠳᠤ ᠴᠢᠭᠯᠡᠭᠦᠯᠦᠨ ᠨᠠᠮ᠎ᠤᠨ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠵᠤ᠂ ᠨᠠᠷᠢᠯᠢᠭ ᠣᠨᠣᠴᠠᠲᠠᠢ᠎ᠪᠠᠷ ᠬᠠᠤᠯᠢ ᠲᠦᠭᠡᠮᠡᠯᠵᠢᠭᠦᠯᠬᠦ ᠠᠵᠢᠯ᠎ᠢ ᠦᠷᠨᠢᠬᠦᠯᠬᠦ ᠵᠢᠨ ᠲᠦᠯᠤᠬᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠠᠯᠪᠠᠨ ᠭᠡᠷ᠎ᠤᠨ᠎ᠬᠢᠨ 11 ᠰᠠᠷ᠎ᠠ ᠵᠢᠨ 24᠎ᠤ ᠡᠳᠦᠷ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ᠎ᠤᠨ ᠨᠠᠮ᠎ᠤᠨ ᠡᠭᠦᠷ᠎ᠤᠨ᠎ᠬᠢᠨ᠎ᠲᠠᠢ ᠬᠠᠮᠲᠤᠷᠠᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠦᠷᠨᠢᠬᠦᠯᠦᠭᠰᠡᠨ ᠪᠠᠢ᠌ᠨ᠎ᠠ᠃

W020231126355048139750_ORIGIN.jpg


   ᠲᠣᠰ ᠠᠵᠢᠯᠯᠠᠭ᠎ᠠ ᠵᠢ ᠬᠦᠴᠢᠷᠳᠡᠯᠲᠡᠢ ᠣᠯᠠᠨ ᠲᠦᠮᠡᠨ ᠬᠠᠷᠢᠴᠠᠩᠭᠤᠢ᠎ᠪᠠᠷ ᠲᠥᠪᠯᠡᠷᠡᠭᠰᠡᠨ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠲᠠᠪᠤᠨ ᠲᠤᠯᠤᠭ᠋ᠠᠢ ᠨᠡᠶ᠋ᠢᠲᠡ ᠵᠢᠨ ᠲᠦᠷᠢᠶᠡᠰᠦᠨ ᠣᠷᠣᠨ ᠰᠠᠭᠤᠴᠠ ᠵᠢᠨ ᠬᠤᠷᠢᠶᠠᠯᠠᠯ᠎ᠳᠤ ᠶᠠᠪᠤᠬᠳᠠᠭᠤᠯᠪᠠ᠃ ᠠᠵᠢᠯᠲᠠᠳ ᠬᠤᠷᠶᠠᠯᠠᠯ᠎ᠤᠨ ᠴᠢᠯᠤᠬᠡᠨ᠎ᠳᠤ ᠤᠯᠠᠨ ᠲᠦᠮᠡᠨ ᠰᠣᠷᠪᠤᠯᠵᠢᠯᠠᠭ᠎ᠠ ᠵᠢ ᠬᠦᠯᠢᠶᠡᠨ ᠠᠪᠬᠤ ᠠᠵᠢᠯᠯᠠᠭ᠎ᠠ ᠦᠷᠨᠢᠬᠦᠯᠦᠭᠰᠡᠨ᠎ᠳᠤ ᠬᠤᠷᠢᠶᠠᠯᠠᠯ᠎ᠤᠨ ᠰᠠᠭᠤᠭ᠋ᠠᠯᠢᠴᠢᠳ ᠮᠠᠳᠠᠭ᠎ᠲᠠᠢ ᠠᠰᠠᠭᠤᠳᠠᠯ ᠵᠶ᠋ᠡᠨ ᠢᠳᠡᠪᠬᠢᠳᠡᠢ ᠲᠤᠷᠠᠳᠴᠤ ᠪᠠᠢ᠌ᠯ᠎ᠠ᠃ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠳᠤᠯᠠᠭ᠎ᠠ ᠬᠦᠷᠳᠡᠭᠴᠢ ᠴᠧᠩ ᠭᠤᠸᠠᠢ ᠵᠢᠨ ᠲᠤᠷᠠᠳᠤᠬᠰᠠᠨ᠄ 《ᠮᠢᠨᠤ ᠬᠦᠷᠰᠢ ᠨᠠᠳᠠ᠎ᠲᠠᠢ ᠴᠢᠴᠠᠤ ᠪᠠᠢ᠌ᠭ᠋ᠠᠳ ᠶᠠᠭ᠋ᠠᠬᠢᠭ᠋ᠠᠳ ᠰᠠᠷ᠎ᠠ ᠪᠦᠷᠢ ᠨᠠᠳᠠ᠎ᠠᠴᠠ ᠢᠯᠡᠭᠦᠦ ᠬᠡᠳᠦᠨ ᠵᠠᠭᠤᠨ ᠲᠥᠭᠥᠷᠢᠭ 〈ᠦᠳᠡᠬᠦᠰ᠎ᠤᠨ ᠨᠦᠬᠦᠪᠤᠷᠢ〉 ᠤᠯᠵᠤ ᠪᠠᠢ᠌ᠬ᠎ᠠ ᠪᠤᠢ?》 ᠬᠡᠰᠡᠨ ᠮᠠᠳᠠᠭ᠎ᠢ ᠲᠠᠢ᠌ᠯᠪᠤᠷᠢᠯᠠᠬᠤ ᠵᠢ ᠲᠦᠯᠤᠬᠡ ᠠᠵᠢᠯᠳᠠᠳ ᠴᠸᠨ ᠭᠤᠸᠠᠢ᠎ᠲᠠᠢ ᠬᠠᠮᠳᠤ ᠬᠦᠷᠰᠢ ᠵᠢ᠎ᠨᠢ ᠡᠷᠢᠵᠤ ᠤᠢ᠌ᠯᠠᠭ᠋ᠠᠬᠰᠠᠨ᠎ᠤ  ᠲᠠᠷᠠᠭ᠎ᠠ ᠬᠦᠷᠰᠢ ᠵᠢᠨ᠎ᠬᠢ᠎ᠨᠢ ᠬᠦᠷᠳᠡᠵᠤ ᠪᠠᠢ᠌ᠭ᠎ᠠ ᠨᠦᠬᠦᠪᠤᠷᠢ᠎ᠨᠢ ᠰᠠᠭᠤᠭ᠎ᠠ ᠭᠠᠴᠠᠭ᠋ᠠᠨ᠎ᠤ᠎ᠬᠢ᠎ᠨᠢ ᠭᠠᠵᠠᠷ ᠰᠢᠷᠣᠢ ᠵᠢ ᠲᠠᠲᠠᠪᠤᠷᠢᠯᠠᠭᠰᠠᠨ ᠲᠥᠯᠥᠪᠦᠷᠢ ᠵᠢᠨ ᠵᠣᠭᠣᠰ ᠪᠣᠯᠬᠤ ᠵᠢ ᠨᠤᠳᠠᠯᠠᠬᠰᠠᠨ ᠵᠶ᠋ᠡᠷ ᠴᠧᠩ ᠭᠤᠸᠠᠢ ᠵᠢᠨ ᠤᠳᠠᠭ᠋ᠠᠨ ᠵᠢᠯ᠎ᠤᠨ  ᠡᠷᠡᠬᠡᠯᠵᠡᠬᠡ ᠵᠢ ᠲᠠᠢ᠌ᠯᠪᠡ᠃ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠳᠡᠭᠴᠢ ᠳ᠋ᠡ ᠯᠢ (ᠪᠤᠷᠤᠭᠤᠯᠠᠭᠰᠠᠨ ᠨᠡᠷ᠎ᠡ) ᠵᠢᠨ ᠳᠤᠷᠠᠳᠤᠭᠰᠠᠨ 《ᠳᠤᠯᠠᠭ᠋ᠠᠯᠠᠭ᠎ᠠ ᠵᠢᠨ ᠮᠠᠭᠤ ᠪᠠᠢ᠌ᠨ᠎ᠠ》 ᠬᠡᠰᠡᠨ ᠠᠰᠠᠭᠤᠳᠠᠯ᠎ᠢ ᠲᠤᠬᠠᠢ ᠵᠢᠨ ᠭᠠᠵᠠᠷ᠎ᠤᠨ ᠳᠤᠯᠠᠭ᠋ᠠᠯᠠᠭ᠎ᠠ ᠵᠢᠨ ᠠᠵᠤ ᠠᠬᠤᠢ᠌ᠯᠠᠯ᠎ᠤᠨ ᠲᠥᠯᠥᠭᠡᠯᠡᠭᠴᠢ᠎ᠲᠠᠢ ᠬᠠᠷᠢᠯᠴᠠᠨ ᠳ᠋ᠠ ᠯᠢ᠎ᠲᠠᠢ ᠠᠭᠤᠯᠵᠠᠭᠤᠯᠵᠤ᠂ ᠤᠯᠠᠭ᠋ᠠᠨ ᠨᠢᠭᠤᠷ ᠲᠡᠬᠡᠷ᠎ᠡ᠎ᠨᠢ ᠤᠴᠢᠷ ᠨᠠᠴᠢᠷ᠎ᠢ᠎ᠨᠢ ᠲᠠᠢ᠌ᠯᠪᠤᠷᠢᠯᠠᠭᠤᠯᠪᠠ᠃ ᠣᠯᠠᠨ᠎ᠤ ᠳᠤᠷᠠᠳᠤᠭᠰᠠᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠵᠡᠮᠳᠡᠭᠴᠦᠳ᠎ᠤᠨ ᠨᠥᠬᠥᠪᠦᠷᠢ ᠵᠢ ᠤᠯᠵᠤ ᠳᠡᠶ᠋ᠢᠯᠬᠦ ᠡᠰᠡᠬᠦ ᠵᠢ ᠮᠡᠳᠡᠬᠦ ᠦᠭᠡᠢ ᠵᠡᠷᠭᠡ ᠮᠠᠳᠠᠭ᠎ᠲᠠᠢ ᠠᠰᠠᠭᠤᠳᠠᠯ᠎ᠳᠤ ᠠᠵᠢᠯᠲᠠᠳ ᠲᠤᠬᠠᠢ ᠵᠢᠨ ᠲᠠᠯᠠᠪᠠᠶ᠎ᠳᠤ ᠎ᠨᠢ ᠨᠢᠬᠡᠳ ᠨᠢᠬᠡ᠎ᠪᠠᠷ ᠬᠠᠷᠢᠭᠤᠯᠲᠠ ᠥᠭᠴᠡᠢ᠃

W020231126355048320539_ORIGIN.jpg


  ᠠᠵᠢᠯᠯᠠᠭ᠎ᠠ ᠵᠢᠨ ᠳᠤᠮᠳᠠ ᠬᠤᠷᠢᠶᠠᠯᠠᠯ᠎ᠤᠨ ᠰᠠᠭᠤᠭ᠋ᠠᠯᠢᠴᠢᠳ ᠲᠦᠷᠤ ᠵᠢᠨ ᠪᠤᠳᠤᠯᠭ᠎ᠠ ᠵᠢ ᠢᠳᠡᠪᠬᠢᠲᠡᠢ᠎ᠪᠠᠷ ᠠᠰᠠᠭᠤᠨ ᠰᠤᠷᠠᠵᠤ ᠪᠠᠢ᠌ᠯ᠎ᠠ᠃ ᠠᠵᠢᠯᠲᠠᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠳᠦᠷᠢᠮ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠳᠡᠬᠦᠰ᠎ᠤᠨ ᠨᠦᠬᠦᠪᠤᠷᠢ ᠵᠢ ᠰᠦᠯᠵᠢᠶᠡᠨ ᠭᠠᠳᠠᠨ᠎ᠠ ᠭᠤᠶᠤᠴᠢᠯᠠᠨ ᠠᠪᠬᠤ ᠵᠦᠭᠯᠡᠭᠦᠷ》᠎ᠢ ᠲᠠᠷᠬᠠᠭ᠋ᠠᠵᠤ᠂ ᠨᠠᠰᠤᠲᠠᠢ᠌ᠴᠤᠳ᠎ᠤᠨ ᠠᠰᠠᠷᠠᠮᠵᠢ ᠵᠢᠨ ᠨᠥᠬᠥᠪᠦᠷᠢ ᠵᠢ ᠭᠦᠢ᠍ᠴᠡᠳᠬᠡᠬᠦ᠂ ᠳᠣᠲᠣᠷ᠎ᠠ ᠭᠠᠵᠠᠷ᠎ᠤᠨ ᠰᠠᠭᠤᠭ᠋ᠠᠯᠢ ᠠᠷᠠᠳ᠎ᠤᠨ ᠤᠷᠤᠭ ᠲᠡᠡᠭᠰᠠᠯᠠᠭᠤᠯᠬᠤ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠳᠡᠭᠰᠡᠳ᠎ᠤᠨ ᠪᠠᠲᠤᠯᠠᠭ᠎ᠠ ᠵᠢᠨ ᠮᠥᠩᠭᠥ ᠵᠢ ᠥᠭᠬᠦ᠂ ᠲᠦᠷ ᠴᠠᠭ᠎ᠤᠨ ᠲᠤᠰᠠᠯᠠᠮᠵᠢ ᠵᠢᠨ ᠮᠥᠩᠭᠥ ᠵᠢ ᠥᠭᠬᠦ᠂ ᠣᠨᠴᠠ ᠬᠦᠴᠢᠷᠳᠡᠯᠲᠡᠢ ᠬᠥᠮᠥᠰ᠎ᠢ ᠲᠤᠰᠠᠯᠠᠵᠤ ᠠᠰᠠᠷᠠᠨ ᠲᠡᠵᠢᠭᠡᠬᠦ ᠮᠥᠩᠭᠥ ᠵᠢ ᠥᠭᠬᠦ᠂ ᠬᠦᠴᠢᠷᠳᠡᠯᠲᠡᠢ ᠵᠡᠮᠳᠡᠭᠴᠦᠳ᠎ᠤᠨ ᠠᠮᠢᠳᠤᠷᠠᠯ᠎ᠤᠨ ᠨᠥᠬᠥᠪᠦᠷᠢ ᠪᠠ ᠨᠤᠴᠢᠳᠠᠢ ᠵᠡᠮᠳᠡᠭᠴᠦᠳ᠎ᠤᠨ ᠰᠤᠪᠢᠯᠠᠯᠲᠠ ᠵᠢᠨ ᠨᠥᠬᠥᠪᠦᠷᠢ ᠵᠢᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ᠂ ᠵᠡᠮᠳᠡᠭᠴᠦᠳ᠎ᠤᠨ ᠬᠣᠶᠠᠷ ᠨᠥᠬᠥᠪᠦᠷᠢ ᠵᠢᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠭᠤᠶᠤᠴᠢᠯᠠᠯ᠎ᠢ 《ᠮᠤᠵᠢ ᠠᠯᠤᠰᠯᠠᠨ ᠲᠤᠭᠤᠰᠢᠳᠠᠢ ᠭᠦᠢ᠍ᠴᠡᠳᠬᠡᠬᠦ》 ᠵᠡᠷᠭᠡ ᠭᠦᠢ᠍ᠴᠡᠳᠬᠡᠬᠦ ᠶᠠᠪᠤᠴᠨ ᠵᠢᠨ ᠵᠢᠷᠤᠭ᠂ ᠠᠷᠠᠳ᠎ᠤᠨ ᠶᠠᠪᠤᠳᠠᠯ᠎ᠤᠨ ᠨᠡᠢ᠌ᠭᠡᠮ᠎ᠤᠨ  ᠲᠤᠰᠠᠯᠠᠮᠵᠢ ᠵᠢᠨ ᠲᠥᠷᠥ ᠵᠢᠨ ᠪᠣᠳᠣᠯᠭ᠎ᠠ᠂ ᠡᠨᠳᠡᠯ᠎ᠤᠨ ᠳᠠᠭ᠋ᠠᠳᠬᠠᠯ᠎ᠢ ᠨᠠᠰᠤᠲᠠᠢ᠌ᠴᠤᠳ᠎ᠲᠤ ᠰᠦᠢ᠍ᠳᠬᠡᠯ ᠬᠤᠷᠢᠶᠠᠬᠤ ᠦᠭᠡᠢ᠎ᠪᠠᠷ ᠡᠳ᠋ᠯᠡᠭᠦᠯᠬᠦ᠂ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠵᠡᠷᠭᠡ  10 ᠭᠠᠷᠤᠢ ᠵᠦᠢ᠍ᠯ᠎ᠤᠨ ᠤᠬᠠᠭᠤᠯᠭ᠎ᠠ ᠵᠢᠨ ᠬᠠᠭᠤᠳᠠᠰᠤ ᠵᠢ 600 ᠭᠠᠷᠤᠢ ᠲᠠᠷᠬᠠᠭ᠋ᠠᠬᠰᠠᠨ ᠪᠠᠢ᠌ᠨ᠎ᠠ᠃ ᠭᠡᠷ᠎ᠤᠨ ᠠᠬᠠᠮᠠᠳ᠎ᠲᠠᠢ ᠵᠣᠭᠣᠭᠳᠠᠬᠤ᠎ᠪᠠᠷ ᠲᠠᠮᠵᠢᠭ᠋ᠠᠳ ᠤᠯᠤᠰ᠎ᠠᠴᠠ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠳᠦᠷᠢᠮ᠎ᠢ ᠪᠠᠶ᠋ᠢᠭᠤᠯᠬᠤ ᠵᠢᠨ ᠵᠣᠷᠢᠯᠭ᠎ᠠ᠂ ᠠᠴᠢ ᠬᠣᠯᠪᠣᠭᠳᠠᠯ᠎ᠢ ᠲᠤᠬᠠᠢ ᠵᠢᠨ ᠲᠠᠯᠠᠪᠠᠢ᠎ᠳᠤ ᠤᠬᠠᠭᠤᠯᠤᠬᠰᠠᠨ᠎ᠤ ᠬᠠᠮᠳᠤ ᠤᠯᠠᠨ ᠲᠦᠮᠡᠨ᠎ᠤ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠮᠥᠩᠭᠥ ᠵᠢ ᠲᠠᠷᠬᠠᠭ᠋ᠠᠬᠤ ᠪᠠ ᠬᠦᠯᠢᠶᠡᠨ ᠠᠪᠬᠤ ᠵᠢ ᠵᠦᠪ ᠤᠢ᠌ᠯᠠᠭ᠋ᠠᠬᠤ ᠵᠢ ᠵᠤᠷᠢᠬ᠍ᠵᠢᠭᠤᠯᠪᠠ᠃
   ᠣᠯᠠᠨ ᠎ᠤ ᠠᠩᠬᠠᠷᠴᠤ ᠪᠠᠢ᠌ᠭ᠎ᠠ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠭᠤᠶᠤᠴᠢᠯᠠᠬᠤ᠂ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠡᠷᠦᠬᠡ᠎ᠠᠴᠠ ᠤᠨᠴᠠ ᠬᠦᠴᠢᠷᠳᠡᠯᠳᠡᠢ ᠡᠷᠤᠬᠡ ᠤᠷᠤᠭᠤ ᠰᠢᠯᠵᠢᠬᠦ ᠨᠦᠬᠦᠴᠡᠯ᠂ ᠠᠯᠬᠤᠮ ᠲᠠᠷᠠᠭ᠎ᠠ ᠵᠢ ᠨᠠᠷᠢᠨ ᠲᠤᠳᠤᠷᠬᠠᠢ ᠬᠠᠷᠢᠭᠤᠯᠵᠤ᠂  ᠭᠠᠷᠳᠠᠨ ᠬᠦᠢ᠍ᠴᠡᠳᠬᠡᠬᠦ ᠭᠠᠵᠠᠷ ᠪᠠ ᠬᠠᠷᠢᠯᠴᠠᠬᠤ ᠬᠦᠮᠦᠨ᠎ᠢ ᠬᠡᠯᠡᠵᠤ ᠦᠭᠪᠡ᠃ 
   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠠᠯᠪᠠᠨ ᠭᠡᠷ ᠪᠠ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ᠎ᠤᠨ᠎ᠬᠢᠨ ᠨᠠᠮ᠎ᠤᠨ ᠡᠭᠦᠷ᠎ᠤᠨ ᠨᠠᠮ᠎ᠤᠨ ᠭᠡᠰᠢᠭᠦᠨ᠂ ᠲᠢᠩᠬᠢᠮ᠎ᠤᠨ ᠵᠠᠬᠢᠳᠠᠯ ᠰᠣᠷᠪᠤᠯᠵᠢᠯᠠᠭ᠎ᠠ ᠵᠢᠨ ᠲᠠᠰᠤᠭ᠎ᠤᠨ ᠲᠤᠬᠠᠢ᠌ᠯᠠᠭᠰᠠᠨ ᠠᠵᠢᠯ᠎ᠤᠨ ᠬᠠᠷᠢᠭᠤᠴᠠᠯᠭ᠋ᠠᠲᠠᠨ ᠪᠠ ᠭᠠᠷᠲᠠᠨ ᠬᠢᠭᠴᠢ᠂ ᠬᠥᠬᠡᠬᠣᠲᠠ ᠪᠠ ᠬᠦᠬᠡᠬᠤᠳᠠ ᠵᠢᠨ ᠰᠢᠨ᠎ᠡ ᠬᠣᠲᠠ ᠲᠣᠭᠣᠷᠢᠭ ᠬᠣᠶᠠᠷ ᠱᠠᠲᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠠᠯᠪᠠᠨ ᠭᠡᠷ᠎ᠤᠨ ᠨᠠᠮ᠎ᠤᠨ ᠭᠡᠰᠢᠭᠦᠨ ᠪᠤᠯᠤᠨ ᠵᠠᠬᠢᠳᠠᠯ ᠰᠣᠷᠪᠤᠯᠵᠢᠯᠠᠭ᠎ᠠ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠲᠤᠬᠠᠢ᠌ᠯᠠᠭᠰᠠᠨ ᠠᠵᠢᠯ᠎ᠤᠨ ᠬᠠᠮᠢᠶ᠎ᠠ ᠪᠦᠬᠦᠢ ᠠᠵᠢᠯᠳᠠᠳ ᠨᠠᠮ᠎ᠤᠨ ᠡᠳᠦᠷ᠎ᠤᠨ ᠠᠵᠢᠯᠯᠠᠭ᠎ᠠ᠎ᠳᠤ ᠣᠷᠣᠯᠴᠠᠪᠠ᠃



    

     

   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠲᠥᠯᠦᠪᠵᠢᠭᠦᠯᠭᠡ ᠵᠢᠨ ᠡᠳ᠋᠎ᠤᠨ ᠶᠠᠪᠤᠳᠠᠯ᠎ᠤᠨ ᠭᠠᠵᠠᠷ᠎ᠤᠨ ᠨᠠᠮ᠎ᠤᠨ ᠡᠭᠦᠷ᠎ᠤᠨ᠎ᠬᠢᠨ ᠣᠷᠳᠣᠰ ᠬᠣᠲᠠ᠎ᠳᠤ ᠬᠠᠮᠲᠤᠷᠠᠭᠰᠠᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ 《ᠰᠡᠷᠭᠡᠢ᠌ᠯᠡᠬᠦ᠎ᠪᠠᠷ ᠭᠣᠣᠯ ᠪᠣᠯᠭ᠋ᠠᠵᠤ ᠠᠮᠢ ᠨᠠᠰᠤ ᠵᠢ ᠳᠡᠭᠡᠳᠦᠯᠡᠬᠦ》 ᠭᠠᠯ ᠤᠨᠳᠠᠷᠠᠭ᠋ᠠᠵᠤ᠂ ᠠᠶᠤᠯ᠎ᠠᠴᠠ ᠠᠪᠤᠷᠠᠬᠤ ᠮᠡᠳᠡᠯᠭᠡ ᠵᠢᠨ ᠲᠠᠢ᠌ᠯᠤᠮᠵᠢ ᠬᠢᠯᠬᠡᠪᠡ
《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠮᠠᠨ᠎ᠤ ᠠᠵᠢᠯᠯᠠᠭ᠎ᠠ》 ᠰᠢᠷᠢᠰ ᠮᠡᠳᠡᠬᠡᠯᠡᠯ (ᠬᠣᠷᠢᠨ ᠲᠠᠪᠤ)
ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠨᠡᠢ᠌ᠭᠡᠮ᠎ᠤᠨ ᠶᠠᠪᠤᠳᠠᠯ᠎ᠤᠨ ᠭᠠᠵᠠᠷ᠎ᠤᠨ᠎ᠬᠢᠨ ᠬᠥᠯᠥᠨ ᠪᠣᠶ᠋ᠢᠷ ᠬᠣᠲᠠ᠎ᠳᠤ ᠪᠠᠢ᠌ᠴᠠᠭ᠋ᠠᠨ ᠰᠤᠳᠤᠯᠪᠠ
ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠯᠢᠦ ᠴᠧᠩ ᠮᠢᠨ ᠬᠥᠬᠡᠬᠣᠲᠠ᠎ᠳᠤ ᠨᠠᠰᠤᠲᠠᠢ᠌ᠴᠤᠳ᠎ᠤᠨ ᠬᠣᠭᠣᠯᠠ ᠤᠮᠳᠠ ᠵᠢᠨ ᠦᠢ᠍ᠯᠡᠴᠢᠯᠡᠭᠡ ᠵᠢ ᠥᠷᠨᠢᠭᠦᠯᠵᠦ ᠪᠠᠢ᠌ᠭ᠎ᠠ ᠪᠠᠢ᠌ᠳᠠᠯ᠎ᠢ ᠪᠠᠢ᠌ᠴᠠᠭ᠋ᠠᠨ ᠰᠤᠳᠤᠯᠪᠠ
 
            