《ᠳᠥᠷᠪᠡ ᠵᠢ ᠦᠨᠳᠦᠰᠦᠨ ᠱᠠᠲᠤᠨ᠎ᠳᠤ ᠪᠠᠭᠤᠯᠭ᠋ᠠᠬᠤ》 ᠰᠢᠯᠢᠳᠡᠭ ᠤᠯᠠᠮᠵᠢᠯᠠᠯ᠎ᠢ ᠭᠦᠨᠵᠡᠭᠡᠢ ᠰᠤᠷᠤᠯᠴᠠᠨ ᠦᠢ᠍ᠯᠡᠳᠦᠯᠭᠡᠵᠢᠭᠦᠯᠵᠦ᠂ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠪᠣᠳᠠᠲᠠᠢ᠌ᠵᠢᠭᠤᠯᠤᠨ ᠭᠦᠨᠵᠡᠭᠡᠢ᠌ᠷᠡᠭᠦᠯᠬᠦ ᠵᠢ ᠠᠬᠢᠭᠤᠯᠬᠤ ᠵᠢᠨ ᠲᠦᠯᠤᠬᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠲᠥᠯᠦᠪᠵᠢᠭᠦᠯᠭᠡ ᠵᠢᠨ ᠡᠳ᠋᠎ᠤᠨ ᠶᠠᠪᠤᠳᠠᠯ᠎ᠤᠨ ᠭᠠᠵᠠᠷ᠎ᠤᠨ ᠨᠠᠮ᠎ᠤᠨ ᠡᠭᠦᠷ᠎ᠤᠨ᠎ᠬᠢᠨ 11 ᠳ᠋ᠤᠬᠡᠷ ᠰᠠᠷ᠎ᠠ ᠵᠢᠨ 23᠎ᠤ ᠡᠳᠦᠷ ᠣᠷᠳᠣᠰ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠪᠠᠢ᠌ᠭᠤᠯᠭ᠎ᠠ ᠵᠢᠨ ᠨᠠᠮ᠎ᠤᠨ ᠡᠭᠦᠷ᠂ ᠣᠷᠳᠣᠰ ᠬᠣᠲᠠ ᠵᠢᠨ ᠨᠡᠢ᠌ᠭᠡᠮ᠎ᠤᠨ ᠠᠰᠠᠷᠠᠮᠵᠢ ᠵᠢᠨ ᠲᠥᠪ᠎ᠤᠨ ᠨᠠᠮ᠎ᠤᠨ ᠡᠭᠦᠷ᠎ᠤᠨ᠎ᠬᠢᠨ᠎ᠲᠠᠢ 《ᠨᠠᠮ᠎ᠤᠨ ᠰᠦᠯᠳᠡ ᠵᠡᠭᠦᠵᠦ᠂ ᠪᠡᠶ᠎ᠡ ᠵᠢᠨ ᠭᠠᠷᠤᠯ ᠵᠶ᠋ᠠᠨ ᠭᠠᠢ᠌ᠬᠠᠭᠤᠯᠤᠨ᠂ ᠲᠡᠷᠢᠭᠦᠨ᠎ᠤ᠎ᠬᠢ ᠵᠢ ᠡᠭᠦᠳᠴᠦ᠂ ᠵᠢᠱ᠌ᠢᠶᠡᠴᠢ ᠪᠣᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠬᠠᠮᠲᠤᠷᠠᠭᠰᠠᠨ ᠠᠵᠢᠯᠯᠠᠭ᠎ᠠ ᠵᠢ ᠥᠷᠨᠢᠭᠦᠯᠦᠭᠰᠡᠨ ᠪᠥᠭᠡᠳ ᠣᠷᠳᠣᠰ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠲᠤᠭᠤᠷᠢᠨ ᠦᠵᠡᠪᠡ᠃

ᠲᠥᠯᠦᠪᠵᠢᠭᠦᠯᠭᠡ ᠵᠢᠨ ᠡᠳ᠋᠎ᠤᠨ ᠶᠠᠪᠤᠳᠠᠯ᠎ᠤᠨ ᠭᠠᠵᠠᠷ᠎ᠤᠨ ᠨᠠᠮ᠎ᠤᠨ ᠡᠭᠦᠷ᠎ᠤᠨ᠎ᠬᠢᠨ ᠦᠳᠡ ᠵᠢᠨ ᠡᠮᠦᠨ᠎ᠡ ᠣᠷᠳᠣᠰ ᠬᠣᠲᠠ ᠵᠢᠨ ᠬᠢᠶ᠎ᠠ ᠪᠠᠭᠰᠢ ᠲᠣᠭᠣᠷᠢᠭ᠎ᠤᠨ ᠨᠠᠮ᠎ᠤᠨ ᠭᠡᠰᠢᠭᠦᠨ᠎ᠤ ᠤᠯᠤᠰ ᠲᠥᠷᠥ ᠵᠢᠨ ᠠᠮᠢᠳᠤᠷᠠᠯ᠎ᠤᠨ ᠣᠷᠳᠣᠨ᠎ᠳᠤ ᠲᠣᠭᠣᠷᠢᠨ ᠰᠤᠷᠤᠯᠴᠠᠪᠠ᠃ 《ᠬᠤᠪᠢᠰᠬᠠᠯ᠎ᠤᠨ ᠳᠠᠭᠤᠨ᠎ᠢ ᠰᠤᠨᠤᠰᠴᠤ᠂ ᠬᠤᠪᠢᠰᠬᠠᠯᠳᠤ ᠰᠡᠭᠦᠳᠡᠷ᠎ᠢ ᠰᠣᠨᠢᠷᠬᠠᠬᠤ》᠎ᠪᠠᠷ ᠲᠠᠮᠵᠢᠨ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ ᠲᠤᠬᠠᠢ ᠰᠤᠷᠤᠯᠴᠠᠯᠭ᠎ᠠ ᠣᠢ᠌ᠯᠠᠭ᠋ᠠᠯᠲᠠ᠎ᠪᠠᠨ ᠬᠦᠨᠵᠡᠬᠡᠢ᠌ᠷᠡᠬᠦᠯᠦᠭᠰᠡᠨ ᠪᠠᠢ᠌ᠨ᠎ᠠ᠃ ᠤᠯᠠᠨ ᠵᠶ᠋ᠠᠷ ᠵᠶ᠋ᠠᠨ ᠪᠠᠰᠨ ᠣᠷᠳᠣᠰ ᠬᠤᠳᠠ ᠵᠢᠨ ᠨᠡᠢ᠌ᠭᠡᠮ᠎ᠤᠨ ᠠᠰᠠᠷᠠᠮᠵᠢ ᠵᠢᠨ ᠲᠥᠪ᠂ ᠤᠷᠳᠤᠰ ᠬᠤᠳᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠳᠤ ᠬᠦᠷᠴᠦ᠂ ᠣᠶᠤᠨᠲᠤ ᠨᠠᠰᠤᠵᠢᠯ᠎ᠤᠨ ᠠᠰᠠᠷᠠᠮᠵᠢ ᠵᠢᠨ ᠬᠢᠨᠠᠯᠲᠠ ᠲᠠᠯᠪᠢᠵᠤ ᠲᠣᠬᠢᠷᠠᠭᠤᠯᠬᠤ ᠲᠠᠪᠴᠠᠩ ᠪᠣᠯᠣᠨ 《ᠢ ᠺᠠᠩ》 ᠡᠮᠴᠢᠯᠡᠬᠡ ᠰᠤᠪᠢᠯᠠᠯᠲᠠ ᠵᠢᠨ ᠲᠥᠪ᠎ᠢ ᠲᠣᠭᠣᠷᠢᠨ ᠦᠵᠡᠵᠦ᠂ ᠲᠥᠪᠯᠡᠷᠡᠭᠦᠯᠦᠨ ᠠᠰᠠᠷᠠᠨ ᠲᠡᠵᠢᠭᠡᠬᠦ ᠬᠡᠦᠬᠡᠳ᠎ᠢ ᠨᠢᠭᠡ ᠴᠣᠭᠴᠠᠵᠢᠭᠤᠯᠤᠭᠰᠠᠨ ᠨᠠᠷᠢᠯᠢᠭ ᠦᠢ᠍ᠯᠡᠴᠢᠯᠡᠭᠡᠨ᠎ᠤ ᠪᠠᠢ᠌ᠳᠠᠯ᠂ ᠣᠶᠤᠨᠲᠤ ᠨᠠᠰᠤᠵᠢᠯ᠎ᠤᠨ ᠠᠰᠠᠷᠠᠮᠵᠢ ᠵᠢᠨ ᠬᠢᠨᠠᠯᠲᠠ ᠲᠠᠯᠪᠢᠵᠤ ᠲᠣᠬᠢᠷᠠᠭᠤᠯᠬᠤ ᠲᠠᠪᠴᠠᠩ᠎ᠤᠨ ᠡᠵᠡᠩᠨᠡᠯᠲᠡ ᠵᠢᠨ ᠪᠠᠢ᠌ᠳᠠᠯ ᠪᠤᠯᠤᠨ 《ᠢ ᠺᠠᠩ》 ᠡᠮᠴᠢᠯᠡᠬᠡ ᠰᠤᠪᠢᠯᠠᠯᠲᠠ ᠵᠢᠨ ᠲᠥᠪ᠎ᠤᠨ ᠠᠯᠪᠠᠨ᠎ᠠᠴᠠ ᠪᠠᠢ᠌ᠭᠤᠯᠵᠤ ᠠᠷᠠᠳ᠎ᠠᠴᠠ ᠡᠵᠡᠩᠨᠡᠭᠰᠡᠨ ᠪᠠᠢ᠌ᠳᠠᠯ᠎ᠢ ᠨᠠᠷᠢᠨ ᠣᠢ᠌ᠯᠠᠭ᠋ᠠᠪᠠ᠃
ᠲᠥᠯᠦᠪᠵᠢᠭᠦᠯᠭᠡ ᠵᠢᠨ ᠡᠳ᠋᠎ᠤᠨ ᠶᠠᠪᠤᠳᠠᠯ᠎ᠤᠨ ᠭᠠᠵᠠᠷ᠎ᠤᠨ ᠨᠠᠮ᠎ᠤᠨ ᠡᠬᠦᠷ᠎ᠤᠨ᠎ᠬᠢᠨ ᠦᠳᠡ ᠵᠢᠨ ᠬᠣᠢ᠌ᠨ᠎ᠠ ᠡᠵᠡᠨ ᠬᠣᠷᠣᠭ᠎ᠠ ᠬᠣᠰᠢᠭᠤᠨ᠎ᠤ ᠬᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠪ᠎ᠲᠤ᠎ᠲᠤ ᠬᠦᠷᠴᠤ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠲᠠᠢ ᠬᠠᠮᠲᠤ ᠬᠠᠭᠤᠴᠢᠨ ᠦᠢ᠍ᠯᠡᠴᠢᠯᠡᠭᠡᠨ᠎ᠤ ᠲᠥᠪ᠎ᠤᠨ ᠲᠥᠯᠦᠪᠵᠢᠭᠦᠯᠭᠡ ᠵᠢᠨ ᠣᠢ᠌ᠯᠠᠭ᠋ᠠᠭᠳᠠᠬᠤᠨ᠂ ᠬᠠᠮᠢᠶᠠᠷᠤᠯᠲᠠ ᠡᠵᠡᠩᠨᠡᠯᠲᠡ ᠵᠢᠨ ᠵᠠᠭᠪᠤᠷ ᠵᠡᠷᠭᠡ ᠪᠠᠢ᠌ᠳᠠᠯ᠎ᠤᠨ ᠲᠤᠬᠠᠢ ᠭᠦᠨᠵᠡᠭᠡᠢ ᠰᠤᠳᠤᠯᠤᠨ ᠶᠠᠷᠢᠯᠴᠠᠭᠰᠠᠨ ᠪᠥᠭᠡᠳ ᠣᠷᠳᠣᠰ᠎ᠤᠨ ᠬᠤᠳᠠ ᠵᠢᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠲᠤᠰᠬᠠᠢ ᠪᠡᠯᠡ ᠮᠥᠩᠭᠥ ᠵᠢᠨ ᠬᠠᠮᠢᠶᠠᠷᠤᠯᠲᠠ ᠬᠡᠷᠡᠭᠯᠡᠯᠲᠡ᠎ᠳᠤ ᠰᠠᠨᠠᠭᠤᠯᠭ᠎ᠠ᠂ ᠱᠠᠭ᠋ᠠᠷᠳᠠᠯᠭ᠎ᠠ ᠳᠤᠷᠠᠳᠴᠠᠢ᠃