ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 60 ᠵᠦᠢ᠍ᠯ᠎ᠤᠨ ᠠᠷᠭ᠎ᠠ ᠵᠢ ᠨᠡᠢ᠌ᠲᠡᠯᠡᠵᠦ᠂ ᠠᠵᠢᠯ ᠵᠶ᠋ᠡᠨ ᠪᠥᠬᠥ ᠲᠠᠯ᠎ᠠ᠎ᠪᠠᠷ 《ᠪᠠᠷᠢᠮᠵᠢᠶ᠎ᠠ ᠵᠢ ᠲᠡᠭᠡᠭᠰᠢᠯᠡᠬᠦᠯᠵᠤ᠂ ᠶᠠᠰᠤ ᠴᠢᠨᠠᠷ᠎ᠢ ᠳᠡᠭᠡᠭᠰᠢᠯᠡᠭᠦᠯᠵᠦ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠵᠢ ᠠᠬᠢᠭᠤᠯᠪᠠ
ᠨᠡᠶᠢᠲᠡᠯᠡᠭᠰᠡᠨ ᠴᠠᠭ᠄ 2023-03-08

   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ  ᠲᠤᠭᠤᠰᠢᠯᠠᠭᠤᠯᠬᠤ ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠵᠦ᠂ 《ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠵᠢ ᠲᠦᠷᠭᠡᠳᠬᠡᠬᠦ》 ᠠᠵᠢᠯ᠎ᠤᠨ ᠱᠠᠭ᠋ᠠᠷᠳᠠᠯᠭ᠎ᠠ ᠵᠢ ᠪᠦᠬᠦ ᠲᠠᠯ᠎ᠠ ᠎ᠪᠠᠷ ᠨᠠᠢ᠌ᠳᠠᠪᠤᠷᠢᠵᠢᠭᠤᠯᠵᠤ᠂ 《ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭ᠋ᠠᠨ》᠎ᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ 《ᠵᠢᠷᠤᠮᠵᠢᠭᠤᠯᠤᠨ ᠴᠣᠮᠬᠠᠳᠬᠠᠵᠤ ᠬᠤᠷᠳᠤᠴᠠ ᠵᠢ ᠳᠡᠭᠡᠭᠰᠢᠯᠡᠭᠦᠯᠬᠦ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ ᠠᠵᠢᠯ᠎ᠤᠨ ᠪᠦᠬᠦ ᠲᠠᠯ᠎ᠠ᠎ᠪᠠᠷ ᠪᠠᠷᠢᠮᠵᠢᠶ᠎ᠠ ᠵᠢ ᠳᠡᠭᠡᠭᠰᠢᠯᠡᠭᠦᠯᠦᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠠᠷᠭ᠎ᠠ ᠬᠡᠮᠵᠢᠶ᠎ᠡ᠎ᠨᠦᠭᠦᠳ》 (ᠳᠣᠷᠣᠭᠰᠢ 《ᠠᠷᠭ᠎ᠠ ᠬᠡᠮᠵᠢᠶ᠎ᠡ᠎ᠨᠦᠭᠦᠳ》 ᠭᠡᠵᠦ ᠲᠣᠪᠴᠢᠯᠠᠨ᠎ᠠ)᠎ᠢ ᠲᠣᠭᠲᠠᠭ᠋ᠠᠵᠤ᠂ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ ᠳᠠᠷᠤᠢ᠌ᠬᠠᠨ ᠭᠦᠢ᠍ᠴᠡᠳᠬᠡᠬᠦ᠂ ᠭᠦᠢ᠍ᠴᠡᠳᠬᠡᠪᠡᠯ ᠰᠠᠢ᠌ᠲᠤᠷ ᠬᠢᠬᠦ ᠠᠵᠢᠯ᠎ᠤᠨ ᠰᠤᠷᠲᠠᠯ᠎ᠢ ᠪᠤᠢ ᠪᠣᠯᠭ᠋ᠠᠵᠤ᠂ ᠠᠷᠠᠳ᠎ᠤᠨ ᠶᠠᠪᠤᠳᠠᠯ᠎ᠤᠨ ᠬᠦᠷᠢᠶᠡᠨ᠎ᠳᠠᠬᠢ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠨᠠᠢ᠌ᠳᠠᠪᠤᠷᠢᠵᠢᠭᠤᠯᠤᠨ ᠨᠠᠢ᠌ᠳᠠᠪᠤᠷᠢᠵᠢᠭᠤᠯᠬᠤ ᠵᠢ ᠪᠦᠬᠦ ᠬᠦᠴᠦᠨ ᠵᠶ᠋ᠡᠷ ᠠᠬᠢᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠵᠢ ᠨᠡᠩ ᠰᠠᠢ᠌ᠲᠤᠷ ᠪᠡᠶᠡᠯᠡᠭᠦᠯᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠠᠷᠠᠳ᠎ᠤᠨ ᠶᠠᠪᠤᠳᠠᠯ᠎ᠤᠨ ᠬᠦᠴᠦᠨ ᠴᠢᠳᠠᠯ ᠵᠶ᠋ᠠᠨ  ᠨᠡᠮᠡᠷᠢᠯᠡᠪᠡ᠃

    《ᠲᠦᠷᠭᠡᠨ》᠎ᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠠᠷᠠᠳ᠎ᠤᠨ ᠶᠠᠪᠤᠳᠠᠯ᠎ᠤᠨ ᠬᠥᠭᠵᠢᠯᠲᠡ ᠵᠢᠨ ᠬᠤᠷᠳᠤᠴᠠ ᠵᠢ ᠲᠦᠷᠭᠡᠳᠬᠡᠪᠡ᠃ ᠠᠯᠪᠠᠨ ᠪᠢᠴᠢᠭ᠎ᠤᠨ ᠪᠠᠷᠢᠮᠵᠢᠶ᠎ᠠ ᠵᠢ ᠳᠡᠭᠡᠭᠰᠢᠯᠡᠭᠦᠯᠬᠦ᠂ ᠬᠤᠷᠠᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠰᠢᠪᠠᠳᠠᠨ ᠰᠢᠢ᠍ᠳᠪᠦᠷᠢᠯᠡᠭᠦᠯᠬᠦ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠪᠠᠢ᠌ᠴᠠᠭ᠋ᠠᠨ ᠰᠤᠳᠤᠯᠤᠯᠲᠠ ᠵᠢᠨ ᠲᠠᠩᠰᠠ ᠡᠪᠬᠡᠮᠡᠯ᠎ᠢ ᠳᠡᠭᠡᠭᠰᠢᠯᠡᠭᠦᠯᠬᠦ᠂ ᠤᠬᠠᠭᠤᠯᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢᠨ ᠬᠤᠷᠳᠤᠴᠠ ᠵᠢ ᠳᠡᠭᠡᠭᠰᠢᠯᠡᠭᠦᠯᠬᠦ᠂ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠳᠡᠭᠡᠭᠰᠢᠯᠡᠭᠦᠯᠬᠦ᠂ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠲᠠᠰ᠎ᠢ ᠳᠡᠭᠡᠭᠰᠢᠯᠡᠭᠦᠯᠬᠦ᠂ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠰᠢᠯᠢᠳᠡᠭ᠎ᠢ ᠳᠡᠭᠡᠭᠰᠢᠯᠡᠭᠦᠯᠬᠦ ᠵᠢᠨ ᠲᠣᠭᠣᠷᠢᠨ᠎ᠳᠤ 60 ᠵᠤᠷᠪᠤᠰ ᠪᠣᠳᠠᠲᠠᠢ ᠠᠷᠭ᠎ᠠ ᠬᠡᠮᠵᠢᠶ᠎ᠡ ᠲᠣᠭᠲᠠᠭ᠋ᠠᠵᠤ᠂ ᠠᠯᠪᠠᠨ ᠪᠢᠴᠢᠭ᠎ᠢ ᠬᠣᠷᠢᠶᠠᠨ ᠲᠠᠷᠬᠠᠭ᠋ᠠᠬᠤ ᠪᠠ ᠭᠦᠢ᠍ᠴᠡᠳᠬᠡᠬᠦ ᠬᠤᠷᠳᠤᠴᠠ ᠵᠢ ᠲᠦᠷᠭᠡᠳᠬᠡᠨ᠂ ᠰᠢᠪᠠᠳᠠᠨ ᠰᠢᠢ᠍ᠳᠪᠦᠷᠢᠯᠡᠭᠦᠯᠬᠦ ᠵᠦᠢ᠍ᠯᠡᠰ᠎ᠢ ᠲᠤᠰᠢᠶᠠᠨ ᠰᠢᠢ᠍ᠳᠪᠦᠷᠢᠯᠡᠭᠦᠯᠬᠦ᠂ ᠭᠦᠢ᠍ᠴᠡᠳᠬᠡᠬᠦ᠂ ᠬᠠᠷᠢᠭᠤ ᠲᠤᠰᠬᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠶᠠᠪᠤᠳᠠᠯ ᠪᠣᠯᠭ᠋ᠠᠨ᠎ᠢ ᠨᠠᠢ᠌ᠳᠠᠪᠤᠷᠢᠵᠢᠭᠤᠯᠵᠤ᠂ ᠶᠠᠪᠤᠳᠠᠯ ᠪᠣᠯᠭ᠋ᠠᠨ᠎ᠳᠤ ᠬᠠᠷᠢᠭᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ 《ᠡᠬᠢᠯᠡᠯᠲᠡ᠎ᠲᠠᠢ ᠪᠣᠯ ᠰᠢᠪᠲᠤᠯᠤᠯᠲᠠ ᠬᠢᠬᠦ᠂ ᠡᠬᠢᠯᠡᠯᠲᠡ᠎ᠲᠠᠢ ᠪᠣᠯ ᠰᠢᠢ᠍ᠳᠪᠦᠷᠢᠲᠦ ᠪᠠᠢ᠌ᠯᠳᠤᠭ᠋ᠠᠨ ᠬᠢᠬᠦ》ᠪᠠᠢ᠌ᠳᠠᠯ ᠪᠣᠯᠣᠨ ᠡᠷᠴᠢ ᠵᠣᠷᠢᠭ᠎ᠢ ᠪᠠᠷᠢᠮᠲᠠᠯᠠᠵᠤ᠂ ᠡᠯ᠎ᠡ ᠲᠦᠷᠦᠯ᠎ᠤᠨ ᠠᠵᠢᠯ᠎ᠢ ᠲᠦᠷᠭᠡᠨ ᠨᠠᠢ᠌ᠳᠠᠪᠤᠷᠢᠵᠢᠭᠤᠯᠬᠤ᠂ ᠲᠦᠷᠭᠡᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠵᠤ᠂ ᠤᠯᠠᠨ ᠲᠦᠮᠡᠨ᠎ᠳᠤ ᠡᠷᠲᠡᠬᠡᠨ ᠠᠰᠢᠭ ᠬᠦᠷᠲᠡᠭᠡᠵᠦ᠂ ᠢᠯᠡᠭᠦᠬᠡᠨ ᠠᠰᠢᠭ ᠬᠦᠷᠲᠡᠭᠡᠬᠦ᠎ᠪᠠᠷ  ᠴᠢᠷᠮᠠᠢ᠌ᠪᠠ᠃

    《ᠪᠣᠳᠠᠲᠠᠢ᠎ᠪᠠᠷ》 ᠠᠵᠢᠯᠯᠠᠬᠤ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠠᠷᠠᠳ᠎ᠤᠨ ᠶᠠᠪᠤᠳᠠᠯ᠎ᠤᠨ ᠬᠠᠷᠢᠭᠤᠴᠠᠯᠭ᠎ᠠ ᠡᠭᠦᠷᠭᠡᠯᠡᠯ᠎ᠢ ᠭᠦᠢ᠍ᠴᠡᠳ ᠬᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠯᠪᠠᠨ ᠪᠢᠴᠢᠭ ᠬᠤᠷᠠᠯ ᠡᠷᠬᠢᠯᠡᠬᠦ᠂ ᠮᠡᠳᠡᠭᠡ ᠵᠠᠩᠭᠢ ᠵᠢᠨ ᠪᠠᠢ᠌ᠴᠠᠭ᠋ᠠᠨ ᠰᠤᠳᠤᠯᠤᠯᠲᠠ ᠵᠢ ᠴᠢᠩᠭ᠋ᠠᠳᠬᠠᠬᠤ ᠵᠡᠷᠭᠡ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠨᠠᠷᠢᠯᠢᠭᠵᠢᠭᠤᠯᠵᠤ᠂ ᠠᠵᠢᠯ᠎ᠤᠨ ᠡᠭᠦᠷᠭᠡ ᠵᠢᠨ ᠪᠦᠬᠦ ᠶᠠᠪᠤᠴᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠠᠵᠢᠯ᠎ᠤᠨ ᠪᠢᠲᠡᠭᠦᠦ ᠴᠠᠭ᠋ᠠᠷᠢᠭ᠎ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠪᠠᠢ᠌ᠴᠠᠭ᠋ᠠᠨ ᠰᠤᠳᠤᠯᠤᠯᠲᠠ ᠵᠢᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠴᠢᠩᠭ᠋ᠠᠳᠬᠠᠵᠤ᠂ ᠦᠨᠳᠦᠰᠦᠨ ᠱᠠᠲᠤ ᠵᠢ ᠬᠠᠪᠰᠤᠷᠤᠨ ᠪᠣᠳᠠᠲᠠᠢ ᠠᠰᠠᠭᠤᠳᠠᠯ᠎ᠢ᠎ᠨᠢ ᠰᠢᠢ᠍ᠳᠪᠦᠷᠢᠯᠡᠵᠦ ᠥᠭᠬᠦ ᠬᠡᠷᠡᠭᠲᠡᠢ᠃ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠲᠠᠩᠰᠠ ᠲᠤᠰᠢᠶᠠᠬᠤ ᠤᠬᠠᠮᠰᠠᠷ᠂ ᠲᠠᠩᠰᠠ ᠮᠡᠳᠡᠭᠦᠯᠬᠦ ᠤᠬᠠᠮᠰᠠᠷ ᠵᠶ᠋ᠠᠨ ᠴᠢᠩᠭ᠋ᠠᠳᠬᠠᠵᠤ᠂ ᠠᠵᠢᠯ ᠵᠶ᠋ᠠᠨ ᠦᠨᠡᠨᠬᠦ ᠰᠠᠢ᠌ᠲᠤᠷ ᠨᠠᠢ᠌ᠳᠠᠪᠤᠷᠢᠵᠢᠭᠤᠯᠵᠤ᠂ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠠᠷᠠᠳ᠎ᠤᠨ ᠶᠠᠪᠤᠳᠠᠯ᠎ᠤᠨ ᠰᠢᠨ᠎ᠡ ᠡᠭᠦᠷᠭᠡᠯᠡᠯ᠎ᠢ  ᠢᠯᠠᠷᠡᠬᠦᠯᠪᠡ᠃

   《ᠰᠢᠯᠢᠳᠡᠭ》᠎ᠤᠨ ᠳᠤᠮᠳᠠ ᠰᠢᠯᠢᠳᠡᠭ᠎ᠢ ᠡᠷᠬᠢᠮᠯᠡᠬᠦ ᠵᠢ ᠪᠠᠷᠢᠮᠲᠠᠯᠠᠵᠤ᠂ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ 《ᠠᠷᠠᠳ᠎ᠤᠨ ᠶᠠᠪᠤᠳᠠᠯ ᠠᠷᠠᠳ᠎ᠤᠨ ᠲᠥᠯᠥᠭᠡ᠂ ᠠᠷᠠᠳ᠎ᠤᠨ ᠶᠠᠪᠤᠳᠠᠯ ᠠᠷᠠᠳ ᠵᠶ᠋ᠠᠨ ᠬᠠᠢ᠌ᠷᠠᠯᠠᠬᠤ》 ᠠᠵᠢᠯ᠎ᠤᠨ ᠣᠢ᠌ᠯᠠᠭ᠋ᠠᠭᠳᠠᠬᠤᠨ᠎ᠢ ᠭᠦᠨᠵᠡᠭᠡᠢ ᠦᠢ᠍ᠯᠡᠳᠦᠯᠭᠡᠵᠢᠭᠦᠯᠵᠦ᠂ ᠪᠠᠷᠢᠮᠵᠢᠶ᠎ᠠ᠎ᠳᠤ ᠴᠢᠭᠯᠡᠭᠦᠯᠦᠨ ᠰᠠᠭᠤᠷᠢ ᠵᠢ ᠪᠠᠲᠤᠯᠠᠬᠤ᠂ ᠰᠠᠭᠤᠷᠢ ᠵᠢ ᠪᠠᠲᠤᠯᠠᠬᠤ᠂ ᠰᠠᠭᠤᠷᠢ ᠵᠢ ᠪᠠᠲᠤᠯᠠᠬᠤ ᠴᠢᠬᠤᠯᠠ ᠱᠠᠭ᠋ᠠᠷᠳᠠᠯᠭ᠎ᠠ ᠵᠢ ᠰᠠᠢ᠌ᠲᠤᠷ ᠪᠠᠲᠤᠯᠠᠬᠤ ᠠᠷᠠᠳ᠎ᠲᠤ ᠠᠰᠢᠭ ᠬᠦᠷᠲᠡᠭᠡᠬᠦ᠂ ᠠᠷᠠᠳ᠎ᠲᠤ ᠠᠰᠢᠭ ᠬᠦᠷᠲᠡᠭᠡᠬᠦ᠂ ᠠᠷᠠᠳ᠎ᠲᠤ ᠳᠥᠭᠥᠮ ᠦᠵᠡᠭᠦᠯᠬᠦ ᠶᠠᠪᠤᠳᠠᠯ᠎ᠢ ᠠᠵᠢᠯ᠎ᠤᠨ ᠵᠶ᠋ᠠᠨ ᠵᠣᠷᠢᠯᠲᠠ ᠪᠠ ᠲᠤᠰᠤᠯᠲᠠ᠎ᠪᠠᠨ ᠪᠣᠯᠭ᠋ᠠᠵᠤ᠂ 《ᠬᠣᠶᠠᠷ ᠰᠢᠯᠢᠳᠡᠭ》᠎ᠤᠨ ᠲᠤᠰᠬᠠᠢ ᠠᠵᠢᠯᠯᠠᠭ᠎ᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠦᠢ᠍ᠯᠡᠴᠢᠯᠡᠭᠡᠨ᠎ᠤ ᠵᠦᠢ᠍ᠯᠡᠰ᠎ᠢ ᠭᠦᠢ᠍ᠴᠡᠳᠬᠡᠬᠦ ᠴᠠᠭ᠎ᠢ ᠤᠯᠠᠮ ᠨᠢᠭᠡ ᠠᠯᠬᠤᠮ ᠪᠠᠭ᠋ᠠᠰᠬᠠᠵᠤ᠂ ᠬᠡᠷᠡᠭ ᠭᠦᠢ᠍ᠴᠡᠳᠬᠡᠬᠦ ᠭᠣᠭᠴᠣᠭ᠎ᠠ ᠵᠢ ᠪᠠᠭ᠋ᠠᠰᠬᠠᠨ᠂ ᠭᠤᠶᠤᠴᠢᠯᠠᠬᠤ ᠮᠠᠲ᠋ᠧᠷᠢᠶᠠᠯ᠎ᠢ ᠴᠣᠮᠬᠠᠳᠬᠠᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠪᠦᠬᠦᠯᠢ ᠴᠣᠭᠴᠠ ᠵᠢᠨ ᠠᠮᠠᠯᠠᠯᠲᠠ ᠵᠢᠨ ᠭᠦᠢ᠍ᠴᠡᠳᠬᠡᠬᠦ ᠴᠠᠭ᠎ᠢ ᠬᠠᠤᠯᠢ᠎ᠪᠠᠷ ᠲᠣᠭᠲᠠᠭ᠋ᠠᠭᠰᠠᠨ ᠭᠦᠢ᠍ᠴᠡᠳᠬᠡᠬᠦ ᠴᠠᠭ᠎ᠠᠴᠠ 30%᠎ᠠᠴᠠ ᠳᠡᠭᠡᠭᠰᠢ ᠪᠠᠭ᠋ᠠᠰᠬᠠᠬᠤ᠎ᠪᠠᠷ ᠴᠢᠷᠮᠠᠢ᠌ᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠣᠩᠬᠣ ᠵᠢ ᠬᠠᠮᠤᠭ᠎ᠤᠨ ᠠᠷᠪᠢᠨ᠎ᠳᠠᠭᠠᠨ ᠨᠢᠭᠡ ᠤᠳᠠᠭ᠎ᠠ ᠭᠦᠶᠦᠯᠭᠡᠵᠦ᠂ ᠠᠷᠠᠳ᠎ᠤᠨ ᠶᠠᠪᠤᠳᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ ᠵᠣᠯ ᠵᠢᠷᠭ᠋ᠠᠯᠲᠤ ᠲᠥᠷᠥᠭᠳᠡᠯ ᠪᠠ ᠬᠠᠨᠤᠮᠵᠢ ᠵᠢᠨ ᠬᠡᠮᠵᠢᠶ᠎ᠡ ᠵᠢ ᠨᠡᠮᠡᠭᠳᠡᠬᠦᠯᠪᠡ᠃


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠮᠠᠨ᠎ᠤ ᠠᠵᠢᠯᠯᠠᠭ᠎ᠠ》 ᠭᠡᠬᠦ ᠰᠢᠷᠢᠰ ᠮᠡᠳᠡᠭᠡᠯᠡᠯ (ᠬᠣᠷᠢᠨ ᠨᠠᠢ᠍ᠮᠠ)
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2024 ᠣᠨ᠎ᠤ ᠥᠪᠡᠷᠲᠡᠭᠡᠨ ᠵᠠᠰᠠᠬᠤ ᠣᠷᠣᠨ᠎ᠤ ᠡᠩ᠎ᠤᠨ ᠣᠯᠠᠨ ᠨᠡᠶ᠋ᠢᠲᠡ ᠵᠢᠨ ᠲᠥᠰᠥᠪ᠎ᠠᠴᠠ ᠳᠣᠷᠣᠭᠰᠢ ᠰᠢᠯᠵᠢᠬᠦᠯᠬᠦ ᠲᠥᠷᠥᠯ ᠵᠦᠢ᠍ᠯ᠎ᠤᠨ ᠪᠡᠯᠡ ᠮᠥᠩᠭᠥ ᠵᠢ 28.92 ᠳ᠋ᠦᠩᠰᠢᠭᠤᠷ ᠲᠥᠭᠥᠷᠢᠭ ᠤᠷᠢᠳᠴᠢᠯᠠᠨ ᠪᠠᠭᠤᠯᠭ᠋ᠠᠪᠠ
ᠠᠷᠠᠳ᠎ᠤᠨ ᠶᠠᠪᠤᠳᠠᠯ᠎ᠤᠨ ᠲᠢᠩᠬᠢᠮ ᠪᠣᠯᠣᠨ ᠬᠠᠤᠯᠢ ᠴᠠᠭ᠋ᠠᠵᠠ ᠵᠢᠨ ᠲᠢᠩᠬᠢᠮ᠎ᠤᠨ ᠬᠡᠰᠡᠭ ᠭᠠᠵᠠᠷ ᠲᠠᠰᠤᠭ᠎ᠤᠨ ᠨᠠᠮ᠎ᠤᠨ ᠡᠭᠦᠷ ᠎ᠤᠨ᠎ᠬᠢᠨ ᠬᠠᠮᠲᠤᠷᠠᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠮᠠᠨ᠎ᠤ ᠠᠵᠢᠯᠯᠠᠭ᠎ᠠ》 ᠰᠢᠷᠢᠰ ᠮᠡᠳᠡᠭᠡᠯᠡᠯ (ᠬᠣᠷᠢ ᠶᠢᠰᠦ)
《ᠯᠧᠢ ᠹᠧᠩ᠎ᠠᠴᠠ ᠰᠤᠷᠤᠯᠴᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ — ᠮᠠᠨ᠎ᠤ ᠠᠵᠢᠯᠯᠠᠭ᠎ᠠ》 ᠰᠢᠷᠢᠰ ᠮᠡᠳᠡᠭᠡᠯᠡᠯ (ᠭᠤᠴᠢ)
 
            