ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠵᠢᠷᠭ᠋ᠠᠯᠳᠤ ᠴᠠᠭ᠋ᠠᠨ ᠰᠠᠷ᠎ᠠ᠎ᠪᠠᠷ ᠰᠠᠢ᠌ᠨ ᠲᠤᠷ᠎ᠠ ᠵᠢᠨ ᠦᠢ᠍ᠯᠡᠴᠢᠯᠡᠬᠡ ᠲᠦᠮᠡᠨ᠎ᠤ ᠰᠡᠳᠬᠢᠯ᠎ᠢ ᠲᠤᠯᠠᠭ᠋ᠠᠴᠠᠭᠤᠯᠵᠤ ᠪᠠᠢ᠌ᠨ᠎ᠠ
ᠨᠡᠶᠢᠲᠡᠯᠡᠭᠰᠡᠨ ᠴᠠᠭ᠄ 2023-02-13

     ᠪᠦᠬᠦ ᠣᠷᠣᠨ᠎ᠤ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ 《ᠰᠠᠢ᠌ᠨ ᠳᠤᠷ᠎ᠠ ᠵᠢᠨ ᠦᠢ᠍ᠯᠡᠴᠢᠯᠡᠬᠡ ᠵᠢ ᠪᠤᠯᠪᠠᠰᠤᠨ ᠵᠶ᠋ᠡᠷ ᠦᠢ᠍ᠯᠡᠳᠤᠯᠬᠡᠵᠢᠬᠦᠯᠬᠦ》 ᠱᠠᠭ᠋ᠠᠷᠳᠠᠯᠭ᠎ᠠ᠎ᠪᠠᠷ ᠨᠡᠢ᠌ᠭᠡᠮ᠎ᠤᠨ ᠠᠵᠢᠯ᠎ᠤᠨ ᠪᠠᠢ᠌ᠭᠤᠯᠤᠮᠵᠢ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠪᠠ ᠰᠠᠢ᠌ᠨ ᠲᠤᠷᠠᠴᠤᠤᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠬᠣᠲᠠ ᠬᠥᠳᠡᠭᠡ ᠵᠢᠨ ᠬᠦᠴᠢᠷᠳᠡᠯᠳᠡᠢ ᠨᠠᠰᠤᠲᠠᠢ᠌ᠴᠤᠳ᠂ ᠭᠡᠷ᠎ᠲᠤ᠎ᠪᠠᠨ ᠬᠣᠴᠣᠷᠤᠭᠰᠠᠨ ᠨᠠᠰᠤᠲᠠᠢ᠌ᠴᠤᠳ᠂ ᠬᠦᠴᠢᠷᠳᠡᠯ᠎ᠳᠤ ᠲᠤᠯᠭ᠋ᠠᠷᠠᠬᠰᠠᠨ ᠬᠡᠦᠬᠡᠳ᠎ᠲᠤ ᠮᠠᠰᠢ ᠤᠯᠠᠨ ᠳᠣᠲᠣᠨᠣ ᠦᠢ᠍ᠯᠡᠴᠢᠯᠡᠬᠡ ᠬᠠᠡᠭᠭ᠋ᠠᠯᠭ᠋ᠠᠵᠤ᠂ ᠬᠥᠮᠥᠰ᠎ᠤᠨ ᠰᠣᠶᠣᠯ᠎ᠤᠨ ᠠᠮᠢᠳᠤᠷᠠᠯ᠎ᠢ᠎ᠨᠢ ᠪᠠᠶᠠᠯᠢᠭᠵᠢᠭᠤᠯᠵᠤ᠂ ᠦᠨᠡᠨᠴᠢ ᠦᠢ᠍ᠯᠡᠴᠢᠯᠡᠬᠡ᠎ᠪᠠᠷ ᠬᠥᠮᠥᠰ᠎ᠤᠨ ᠰᠡᠳᠬᠢᠯ᠎ᠢ ᠳᠤᠯᠠᠭ᠋ᠠᠴᠠᠭᠤᠯᠵᠤ᠂ ᠴᠠᠭ᠋ᠠᠨ ᠰᠠᠷ᠎ᠠ ᠵᠢᠨ ᠪᠠᠶᠠᠷᠳᠤ ᠠᠭᠤᠷ ᠠᠮᠢᠰᠬᠤᠯ᠎ᠢ ᠪᠤᠢ ᠪᠣᠯᠭ᠋ᠠᠪᠠ ᠃

W020230210361309395349.png


     ᠵᠢᠷᠤᠭ 1᠄ ᠬᠥᠬᠡᠬᠣᠲᠠ ᠵᠢᠨ ᠮᠤ᠌ ᠰᠢᠨ ᠨᠡᠢ᠌ᠭᠡᠮ᠎ᠤᠨ ᠠᠵᠢᠯᠳᠠᠨ᠎ᠤ ᠦᠢ᠍ᠯᠡᠴᠢᠯᠡᠭᠡᠨ᠎ᠤ ᠲᠥᠪ᠎ᠤᠨ᠎ᠬᠢᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠂ ᠨᠡᠢ᠌ᠭᠡᠮ ᠲᠣᠭᠣᠷᠢᠭ᠎ᠤᠨ ᠪᠦᠯᠬᠦᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠲᠠᠢ ᠬᠠᠮᠳᠤᠷᠠᠨ 《ᠬᠠᠯᠠᠮᠵᠢ ᠬᠦᠷᠬᠡᠵᠤ ᠴᠠᠭ᠋ᠠᠨ ᠰᠠᠷ᠎ᠠ ᠵᠢ ᠤᠭᠲᠤᠬᠤ》 ᠶᠠᠳᠠᠭᠤ ᠬᠦᠴᠢᠷᠳᠡᠯᠲᠡᠢ ᠬᠥᠮᠥᠰ᠎ᠢ ᠬᠠᠯᠠᠮᠵᠢᠯᠠᠬᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ᠂ ᠴᠠᠭ᠋ᠠᠨ ᠰᠠᠷ᠎ᠠ ᠵᠢᠨ ᠰᠣᠶᠣᠯ ᠵᠶ᠋ᠡᠷ ᠭᠣᠣᠯ ᠰᠡᠳᠦᠪ ᠪᠤᠯᠭ᠋ᠠᠬᠰᠠᠨ ᠰᠠᠢ᠌ᠨ ᠳᠤᠷ᠎ᠠ ᠵᠢᠨ ᠠᠵᠢᠯᠯᠠᠭ᠎ᠠ ᠵᠢ ᠥᠷᠨᠢᠭᠦᠯᠵᠦ᠂ ᠨᠡᠢ᠌ᠭᠡᠮ ᠲᠣᠭᠣᠷᠢᠭ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠭᠣᠣᠯᠯᠠᠭᠴᠢ ᠬᠦᠴᠦᠨ᠂ ᠵᠠᠯᠠᠭᠤᠴᠤᠳ ᠪᠠᠭ᠋ᠠᠴᠤᠳ᠎ᠤᠨ ᠬᠡᠷᠡᠭ ᠶᠠᠪᠤᠳᠠᠯ᠎ᠤᠨ ᠨᠡᠢ᠌ᠭᠡᠮ᠎ᠤᠨ ᠠᠵᠢᠯᠲᠠᠨ᠎ᠢ ᠵᠣᠬᠢᠶᠠᠨ ᠪᠠᠢ᠌ᠭᠤᠯᠤᠨ ᠨᠡᠢ᠌ᠭᠡᠮ ᠲᠣᠭᠣᠷᠢᠭ᠎ᠤᠨ ᠥᠨᠥᠴᠢᠨ ᠦᠷᠤᠬᠡᠰᠤᠨ ᠨᠠᠰᠤᠲᠠᠨ᠎ᠤ᠎ᠳᠤ ᠤᠴᠢᠭᠤᠯᠵᠤ᠂ ᠲᠣᠬᠣᠨᠢᠭᠤᠯᠬᠤ ᠪᠣᠳᠠᠰ ᠬᠦᠷᠬᠡᠪᠡ᠃

W020230210361309412966.png


     ᠵᠢᠷᠤᠭ 2᠄ ᠪᠤᠭᠤᠲᠤ ᠬᠣᠲᠠ ᠵᠢᠨ ᠳ᠋ᠦᠩ ᠾᠧ ᠲᠣᠭᠣᠷᠢᠭ᠎ᠤᠨ ᠱᠠ ᠾᠧ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠡᠢ᠌ᠭᠡᠮ᠎ᠤᠨ ᠠᠵᠢᠯ᠎ᠤᠨ ᠥᠷᠲᠡᠭᠡ ᠵᠢᠨ᠎ᠬᠢᠨ 《ᠬᠠᠬᠢᠷ ᠡᠪᠦᠯ ᠬᠥᠪᠥᠩ ᠬᠤᠪᠴᠠᠰᠤ ᠬᠦᠷᠭᠡᠵᠦ · ᠨᠠᠰᠤᠲᠠᠢ᠌ᠴᠤᠳ᠎ᠤᠨ ᠰᠡᠳᠬᠢᠯ᠎ᠢ ᠳᠤᠯᠠᠭ᠋ᠠᠴᠠᠭᠤᠯᠬᠤ》᠎ᠪᠠᠷ ᠭᠣᠣᠯ ᠰᠡᠳᠦᠪ ᠪᠣᠯᠭ᠋ᠠᠭᠰᠠᠨ ᠬᠠᠬᠢᠷ ᠡᠪᠦᠯ ᠳᠤᠯᠠᠭ᠋ᠠᠨ ᠪᠦᠯᠢᠶᠡᠨ᠎ᠢ ᠬᠦᠷᠭᠡᠬᠦ ᠠᠵᠢᠯᠯᠠᠭ᠎ᠠ ᠥᠷᠨᠢᠭᠦᠯᠵᠦ ᠪᠠᠢ᠌ᠭ᠎ᠠ᠎ᠨᠢ᠃ ᠨᠡᠢ᠌ᠭᠡᠮ᠎ᠤᠨ ᠠᠵᠢᠯᠲᠠᠳ ᠨᠠᠰᠤᠲᠠᠢ᠌ᠴᠤᠳ᠎ᠲᠤ ᠬᠥᠪᠥᠩ ᠬᠤᠪᠴᠠᠰᠤ ᠲᠦᠬᠡᠬᠡᠬᠦ ᠵᠢᠨ ᠲᠠᠭ᠋ᠠᠤ ᠵᠣᠭᠣᠭ ᠳᠡᠯᠭᠡᠵᠦ᠂ ᠠᠮᠢᠳᠤᠷᠠᠯ᠂ ᠡᠷᠡᠭᠦᠯ ᠴᠢᠭᠢᠷᠠᠭ᠎ᠤᠨ ᠪᠠᠢ᠌ᠳᠠᠯ᠎ᠢ᠎ᠨᠢ ᠣᠢ᠌ᠯᠠᠭ᠋ᠠᠪᠠ᠃

        W020230210361309432719.png


     ᠵᠢᠷᠤᠭ 3᠄ ᠤᠯᠠᠭ᠋ᠠᠨᠬᠠᠳᠠ ᠬᠤᠳᠠ ᠵᠢᠨ ᠪᠠᠭ᠋ᠠᠷᠢᠨ ᠵᠡᠭᠦᠨ ᠬᠣᠰᠢᠭᠤᠨ᠎ᠤ ᠳ᠋ᠦᠩ ᠡᠤᠤ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠪ᠎ᠤᠨ᠎ᠬᠢᠨ ᠯᠢᠨᠳᠦ᠋ᠡᠭ ᠪᠠᠯᠭ᠋ᠠᠰᠤ ᠵᠢᠨ ᠰᠤᠪᠤᠷᠭ᠎ᠠ ᠲᠣᠰᠬᠣᠨ ᠪᠤᠯᠤᠨ ᠯᠦᠩ ᠴᠠᠩ ᠪᠠᠯᠭ᠋ᠠᠰᠤ ᠵᠢᠨ ᠵᠢᠶᠠᠩ ᠵᠢᠶᠠ ᠸᠠᠨ ᠲᠣᠰᠬᠣᠨ᠎ᠤ ᠭᠡᠷ᠎ᠲᠤ᠎ᠪᠠᠨ ᠬᠣᠴᠣᠷᠤᠭᠰᠠᠨ 50 ᠨᠠᠰᠤᠲᠠᠢ᠌ᠴᠤᠳ᠎ᠲᠤ  ᠲᠤᠬᠤᠨᠢᠭᠤᠯᠭ᠎ᠠ ᠵᠢᠨ ᠪᠣᠳᠠᠰ ᠬᠦᠷᠭᠡᠪᠡ᠃ ᠨᠡᠢ᠌ᠭᠡᠮ᠎ᠤᠨ ᠠᠵᠢᠯᠲᠠᠳ ᠨᠠᠰᠤᠲᠠᠢ᠌ᠴᠤᠳ᠎ᠤᠨ ᠠᠮᠢᠳᠤᠷᠠᠯ᠎ᠤᠨ ᠳᠤᠮᠳᠠᠬᠢ ᠪᠣᠳᠠᠲᠠᠢ ᠬᠦᠴᠢᠷᠳᠡᠯ ᠪᠠ ᠬᠡᠷᠡᠭᠴᠡᠭᠡ ᠱᠠᠭ᠋ᠠᠷᠳᠠᠯᠭ᠎ᠠ ᠵᠢ ᠨᠠᠷᠢᠨ ᠠᠰᠠᠭᠤᠨ ᠯᠠᠪᠯᠠᠵᠤ᠂ ᠨᠠᠰᠤᠲᠠᠨ ᠨᠢᠬᠡ ᠪᠦᠷᠢ ᠵᠢᠨ ᠪᠡᠶ᠎ᠡ ᠰᠡᠳᠬᠢᠯ᠎ᠤᠨ ᠪᠠᠢ᠌ᠳᠠᠯ᠎ᠢ ᠨᠢᠮᠪᠠᠢ ᠬᠠᠯᠠᠮᠵᠢᠯᠠᠬᠤ ᠵᠢᠨ ᠬᠠᠮᠲᠤ ᠨᠠᠰᠤᠲᠠᠢ᠌ᠴᠤᠳ᠎ᠤᠨ ᠰᠡᠳᠬᠢᠯ᠎ᠤᠨ ᠦᠭᠡ ᠵᠢ ᠰᠣᠨᠣᠰᠴᠤ᠂ ᠬᠠᠢ᠌ᠷ᠎ᠠ ᠬᠠᠯᠠᠮᠵᠢ᠎ᠪᠠᠷ ᠨᠠᠰᠤᠲᠠᠢ᠌ᠴᠤᠳ᠎ᠤᠨ ᠰᠡᠳᠬᠢᠯ᠎ᠳᠤ  ᠲᠤᠯᠠᠭ᠋ᠠᠴᠠᠭᠤᠯᠪᠠ᠃

W020230210361309446549.png


     ᠵᠢᠷᠤᠭ 4᠄ ᠣᠷᠳᠣᠰ ᠬᠤᠳᠠ ᠵᠢᠨ ᠦᠦᠰᠢᠨ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠠᠷᠢᠶᠠᠲᠤ  ᠣᠷᠣᠨ᠎ᠤ 60 ᠥᠨᠥᠴᠢᠨ ᠬᠡᠦᠬᠡᠳ ᠪᠣᠯᠣᠨ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠢ ᠲᠣᠬᠣᠨᠢᠭᠤᠯᠵᠤ᠂  ᠲᠤᠬᠤᠨᠢᠭᠤᠯᠭ᠎ᠠ ᠵᠢᠨ ᠪᠣᠳᠠᠰ ᠬᠦᠷᠭᠡᠬᠦ ᠵᠢᠨ ᠬᠠᠮᠲᠤ ᠬᠡᠦᠬᠡᠳ ᠨᠢᠬᠡ ᠪᠦᠷᠢ᠎ᠳᠤ ᠴᠠᠭ᠋ᠠᠨ ᠰᠠᠷ᠎ᠠ ᠵᠢᠨ ᠲᠤᠬᠤᠨᠢᠭᠤᠯᠭ᠎ᠠ ᠵᠢᠨ ᠮᠥᠩᠭᠥ 500 ᠲᠥᠭᠥᠷᠢᠭ ᠬᠦᠷᠬᠡᠬᠡᠳ᠂ 《ᠠᠮᠢᠳᠤᠷᠠᠯ᠎ᠤᠨ ᠬᠦᠴᠢᠷᠳᠡᠯ᠎ᠳᠤ ᠵᠤᠷᠢᠬᠳᠠᠢ ᠬᠠᠨᠳᠤᠭ᠋ᠠᠷᠠᠢ》 ᠭᠡᠵᠦ ᠵᠣᠷᠢᠭᠵᠢᠭᠤᠯᠵᠠᠢ᠃
 W020230210361309473608.png  


      ᠵᠢᠷᠤᠭ 5᠄ ᠪᠠᠶᠠᠨᠨᠠᠭᠤᠷ ᠬᠣᠲᠠ ᠵᠢᠨ ᠷᠧᠨ ᠠᠢ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠪ᠎ᠤᠨ᠎ᠬᠢᠨ ᠪᠢᠳᠡᠬᠦᠨ᠎ᠠᠴᠠ ᠡᠮᠦᠨ᠎ᠡ ᠯᠢᠨ ᠾᠧ ᠲᠣᠭᠣᠷᠢᠭ᠎ᠤᠨ ᠪᠸᠢ ᠬᠤᠸᠠᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠬᠣᠩ ᠴᠧᠨ ᠨᠡᠢ᠌ᠭᠡᠮ ᠲᠣᠭᠣᠷᠢᠭ᠂  ᠵᠨ ᠺᠸᠤ ᠨᠡᠢ᠌ᠭᠡᠮ ᠲᠣᠭᠣᠷᠢᠭ᠂ ᠱᠦᠸᠸ ᠹᠠᠩ ᠨᠡᠢ᠌ᠭᠡᠮ ᠲᠣᠭᠣᠷᠢᠭ᠎ᠲᠠᠢ ᠬᠠᠮᠲᠤᠷᠠᠨ 《ᠴᠠᠭ᠋ᠠᠨ ᠰᠠᠷ᠎ᠠ ᠵᠢ ᠤᠭᠲᠤᠵᠤ ᠬᠠᠯᠠᠮᠵᠢ ᠬᠦᠷᠭᠡᠬᠦ》 ᠲᠣᠬᠣᠨᠢᠭᠤᠯᠬᠤ ᠠᠵᠢᠯᠯᠠᠭ᠎ᠠ ᠥᠷᠨᠢᠭᠦᠯᠵᠦ᠂ ᠲᠡᠳᠬᠦᠭᠳᠡᠭᠰᠡᠳ᠎ᠲᠤ ᠴᠠᠭ᠋ᠠᠨ ᠰᠠᠷ᠎ᠠ ᠵᠢᠨ ᠵᠦᠡᠭᠨᠡᠯ ᠪᠡᠯᠬᠡᠳᠡᠯ ᠲᠡᠪᠰᠢᠬᠦᠯᠬᠦ ᠵᠢᠨ ᠬᠠᠮᠳᠤ ᠲᠤᠲᠤᠷᠭ᠎ᠠ᠂ ᠢᠳᠡᠰᠢᠨ ᠲᠣᠰᠣ ᠵᠡᠷᠭᠡ ᠲᠤᠬᠤᠨᠢᠭᠤᠯᠭ᠎ᠠ ᠵᠢᠨ ᠪᠣᠳᠠᠰ ᠬᠦᠷᠭᠡᠵᠦ ᠪᠠᠢ᠌ᠭ᠎ᠠ᠎ᠨᠢ᠃
 




 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠠᠶᠠᠨᠨᠠᠭᠤᠷ ᠬᠣᠲᠠ ᠵᠢᠨ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠬᠣᠲᠠ ᠵᠢᠨ ᠲᠡᠳ᠋ ᠳᠠᠷᠤᠭ᠎ᠠ ᠯᠢ ᠹᠧᠩ ᠪᠥᠸᠧ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠬᠦᠷᠴᠦ ᠠᠵᠢᠯ ᠵᠤᠯᠭ᠋ᠠᠭᠤᠯᠪᠠ
ᠨᠡᠢ᠌ᠭᠡᠮ᠎ᠤᠨ ᠲᠤᠰᠠᠯᠠᠮᠵᠢ ᠵᠢᠨ ᠭᠠᠵᠠᠷ᠎ᠤᠨ ᠨᠠᠮ᠎ᠤᠨ ᠡᠭᠦᠷ᠎ᠤᠨ᠎ᠬᠢᠨ 2023 ᠣᠨ᠎ᠤ ᠭᠤᠷᠪᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠪᠠ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠤᠨ ᠲᠤᠰᠬᠠᠢ ᠰᠡᠳᠦᠪᠲᠦ ᠰᠤᠷᠤᠯᠴᠠᠯᠭ᠎ᠠ ᠡᠷᠬᠢᠯᠡᠪᠡ
ᠮᠠᠨ᠎ᠤ ᠲᠢᠩᠬᠢᠮ᠎ᠤᠨ᠎ᠬᠢᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶᠠᠨ᠎ᠤ ᠨᠡᠢ᠌ᠭᠡᠮ᠎ᠤᠨ ᠪᠠᠢ᠌ᠭᠤᠯᠤᠯᠲᠠ ᠵᠢᠨ ᠵᠥᠪᠯᠡᠯ᠎ᠤᠨ ᠠᠵᠢᠯ ᠲᠥᠷᠥᠯ᠎ᠤᠨ ᠰᠠᠯᠠᠭ᠎ᠠ ᠮᠥᠴᠢᠷ (ᠬᠠᠷᠢᠯᠴᠠᠬᠤ ᠨᠢᠬᠡᠴᠢ)᠎ᠯᠦᠭᠡ ᠬᠠᠷᠢᠯᠴᠠᠬᠤ ᠠᠵᠢᠯ᠎ᠤᠨ ᠬᠤᠷᠠᠯ᠎ᠳᠤ ᠣᠷᠣᠯᠴᠠᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2023 ᠣᠨ᠎ᠤ ᠪᠥᠬᠥ ᠣᠷᠣᠨ᠎ᠤ ᠨᠡᠢ᠌ᠭᠡᠮ᠎ᠤᠨ ᠶᠠᠪᠤᠳᠠᠯ᠎ᠤᠨ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠤᠨ ᠠᠡᠭᠭᠢ ᠵᠢ ᠡᠷᠬᠢᠯᠡᠪᠡ
 
            