ᠪᠠᠶᠠᠨᠨᠠᠭᠤᠷ ᠬᠣᠲᠠ ᠵᠢᠨ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠬᠣᠲᠠ ᠵᠢᠨ ᠳᠡᠳ᠋ ᠳᠠᠷᠤᠭ᠎ᠠ ᠯᠢ ᠹᠧᠩ ᠪᠥᠸᠧ ᠨᠠᠷ 2 ᠳ᠋ᠤᠭ᠋ᠠᠷ ᠰᠠᠷ᠎ᠠ ᠵᠢᠨ 7᠎ᠤ ᠡᠳᠦᠷ᠎ᠤᠨ ᠦᠳᠡ ᠵᠢᠨ ᠬᠣᠢ᠌ᠨ᠎ᠠ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠢᠷᠡᠵᠦ ᠠᠵᠢᠯ ᠵᠤᠯᠭ᠋ᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠤᠳᠤᠷᠢᠳᠤᠯᠭ᠎ᠠ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠭᠣᠸ᠋ ᠵᠢᠶᠠᠨ ᠬᠤᠸᠠ ᠨᠠᠷ᠎ᠲᠠᠢ ᠶᠠᠷᠢᠯᠴᠠᠬᠤ ᠬᠤᠷᠠᠯ ᠬᠢᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠲᠣᠭᠲᠠᠭ᠋ᠠᠭᠰᠠᠨ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠨᠠᠢ᠌ᠳᠠᠪᠤᠷᠢᠵᠢᠭᠤᠯᠬᠤ᠂ ᠣᠷᠣᠰᠢᠭᠤᠯᠭ᠎ᠠ ᠵᠢᠨ ᠥᠭᠡᠷᠡᠴᠢᠯᠡᠯᠲᠡ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠡᠷᠭᠡ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠠᠵᠢᠯ᠎ᠢ ᠰᠠᠢ᠌ᠲᠤᠷ ᠠᠳᠬᠤᠬᠤ ᠲᠤᠬᠠᠢ ᠰᠠᠨᠠᠯ ᠵᠶ᠋ᠠᠨ ᠰᠤᠯᠢᠯᠴᠠᠬᠰᠠᠨ ᠪᠠᠢ᠌ᠨ᠎ᠠ᠃