2022 ᠣᠨ᠎ᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠴᠢᠨᠠᠷᠵᠢᠭᠤᠨ ᠰᠠᠢ᠌ᠲᠤᠷ ᠬᠤᠷᠠᠯᠳᠤᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠬᠦᠰᠡᠯᠡᠩ ᠢᠲᠡᠭᠡᠯ ᠪᠢᠰᠢᠷᠡᠯ᠎ᠢ᠎ᠨᠢ ᠤᠯᠠᠮ ᠴᠢᠨᠠᠭᠰᠢᠳᠠ ᠪᠠᠲᠤᠳᠬᠠᠵᠤ᠂ ᠤᠨᠤᠯ᠂ ᠦᠵᠡᠯ ᠰᠠᠨᠠᠭ᠋ᠠᠨ᠎ᠤ ᠰᠠᠭᠤᠷᠢ ᠵᠢ᠎ᠨᠢ ᠪᠠᠳᠤᠳᠬᠠᠬᠤ ᠵᠢᠨ ᠲᠦᠯᠦᠬᠡ ᠨᠡᠢ᠌ᠭᠡᠮ᠎ᠤᠨ ᠲᠤᠰᠠᠯᠠᠮᠵᠢ ᠵᠢᠨ ᠭᠠᠵᠠᠷ᠎ᠤᠨ ᠨᠠᠮ᠎ᠤᠨ ᠡᠭᠦᠷ᠎ᠤᠨ᠎ᠬᠢᠨ 2 ᠰᠠᠷ᠎ᠠ ᠵᠢᠨ 10 ᠤ ᠡᠳᠦᠷ 2023 ᠣᠨ᠎ᠤ ᠭᠤᠷᠪᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠪᠠ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠤᠨ ᠲᠤᠰᠬᠠᠢ ᠰᠡᠳᠦᠪᠲᠦ ᠰᠤᠷᠤᠯᠴᠠᠯᠭ᠎ᠠ ᠵᠢ ᠡᠷᠬᠢᠯᠡᠪᠡ᠃
ᠬᠤᠷᠠᠯ ᠳᠡᠭᠡᠷ᠎ᠡ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ ᠪᠣᠯᠣᠨ ᠨᠠᠮ᠎ᠤᠨ ᠳᠦᠷᠢᠮ᠎ᠢ ᠲᠥᠪᠯᠡᠷᠡᠭᠦᠯᠦᠨ ᠰᠤᠷᠤᠯᠴᠠᠵᠤ᠂ ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠠᠩᠬᠠᠳᠤᠭ᠋ᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ ᠰᠤᠳᠤᠯᠤᠨ ᠶᠠᠷᠢᠯᠴᠠᠬᠤ ᠠᠩᠭᠢ ᠵᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠰᠢ ᠵᠢᠨ ᠫᠢᠩ ᠶᠡᠷᠦᠩᠬᠡᠢ ᠱᠦᠵᠢ ᠵᠢᠨ ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠲᠠᠪᠤᠳᠤᠭ᠋ᠠᠷ ᠬᠤᠷᠠᠯᠳᠤᠭ᠋ᠠᠨ᠎ᠤ ᠨᠡᠢ᠌ᠭᠡᠮ᠎ᠤᠨ ᠠᠰᠠᠷᠠᠮᠵᠢ ᠪᠠ ᠨᠡᠢ᠌ᠭᠡᠮ᠎ᠤᠨ ᠪᠠᠲᠤᠯᠠᠭ᠎ᠠ ᠵᠢᠨ ᠡᠲᠡᠭᠡᠳ᠎ᠤᠨ ᠬᠠᠮᠲᠤᠷᠠᠭᠰᠠᠨ ᠳᠤᠭᠤᠢ᠌ᠯᠠᠩ᠎ᠤᠨ ᠬᠤᠷᠠᠯ᠎ᠳᠤ ᠣᠷᠤᠯᠴᠠᠬᠤ᠎ᠳᠤ᠎ᠪᠠᠨ ᠲᠠᠯᠪᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠡᠷᠭᠡ ᠠᠭᠤᠯᠭ᠎ᠠ ᠵᠢ ᠰᠤᠷᠤᠯᠴᠠᠵᠤ᠂ ᠦᠵᠡᠯ ᠰᠠᠨᠠᠭ᠎ᠠ᠎ᠪᠠᠨ ᠨᠢᠭᠡᠳᠬᠡᠵᠦ᠂ ᠬᠠᠮᠲᠤ᠎ᠪᠠᠷ ᠳᠡᠭᠡᠭᠰᠢᠯᠡᠭᠦᠯᠬᠦ ᠵᠣᠷᠢᠯᠭ᠎ᠠ᠎ᠳᠤ ᠭᠦᠷᠦᠭᠰᠡᠨ ᠪᠠᠢ᠌ᠨ᠎ᠠ᠃
ᠬᠤᠷᠠᠯ᠎ᠠᠴᠠ ᠱᠠᠭ᠋ᠠᠷᠳᠠᠬᠰᠠᠨ᠎ᠨᠢ᠂ ᠤᠨᠤᠯ᠎ᠤᠨ ᠰᠤᠷᠤᠯᠴᠠᠯᠭ᠎ᠠ ᠪᠣᠯ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠯᠠᠪᠳᠠᠭᠤᠨ ᠪᠠᠲᠤᠲᠠᠢ ᠰᠠᠢ᠌ᠲᠤᠷ ᠬᠤᠷᠠᠯᠳᠤᠭᠤᠯᠬᠤ ᠵᠢᠨ ᠤᠷᠢᠲᠠᠯ ᠨᠥᠬᠥᠴᠡᠯ ᠮᠥᠨ᠂ ᠨᠡᠩ ᠴᠤ᠌ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ᠎ᠤᠨ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠬᠤ᠂ ᠤᠯᠤᠰ ᠲᠦᠷᠦ ᠵᠢᠨ ᠤᠨᠤᠯ᠎ᠤᠨ ᠲᠦᠪᠰᠢᠨ ᠵᠶ᠋ᠡᠨ ᠳᠡᠭᠡᠭᠰᠢᠯᠡᠭᠦᠯᠬᠦ ᠪᠠ ᠠᠵᠢᠯ᠎ᠤᠨ ᠴᠢᠳᠠᠪᠤᠷᠢ᠎ᠪᠠᠨ ᠳᠡᠭᠡᠭᠰᠢᠯᠡᠭᠦᠯᠬᠦ ᠵᠢᠨ ᠴᠢᠬᠤᠯᠠ ᠠᠷᠭ᠎ᠠ ᠵᠠᠮ ᠮᠥᠨ᠃ ᠨᠠᠮ᠎ᠤᠨ ᠭᠡᠰᠢᠭᠦᠨ ᠺᠠᠳ᠋ᠷᠴᠤᠳ 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠤᠨ ᠰᠤᠷᠤᠯᠴᠠᠯᠭ᠎ᠠ ᠵᠢ ᠬᠠᠪᠰᠤᠷᠤᠨ ᠵᠢᠯᠤᠭᠣᠳᠬᠤ ᠵᠠᠭᠤᠨ ᠠᠰᠠᠭᠤᠯᠲᠠ》 《ᠬᠣᠷᠢᠳᠤᠭ᠋ᠠᠷ ᠶᠡᠬᠡ ᠬᠤᠷᠠᠯ᠎ᠤᠨ ᠨᠠᠮ᠎ᠤᠨ ᠳᠦᠷᠢᠮ᠎ᠳᠤ ᠵᠠᠰᠠᠪᠤᠷᠢ ᠣᠷᠣᠭᠤᠯᠤᠭᠰᠠᠨ ᠲᠥᠰᠥᠯ᠎ᠤᠨ ᠰᠤᠷᠤᠯᠴᠠᠯᠭ᠎ᠠ ᠵᠢᠨ ᠠᠰᠠᠭᠤᠯᠲᠠ ᠬᠠᠷᠢᠭᠤᠯᠲᠠ》 ᠵᠡᠷᠭᠡ ᠬᠠᠪᠰᠤᠷᠤᠨ ᠵᠢᠯᠤᠭᠣᠳᠬᠤ ᠮᠠᠲᠸᠷᠢᠶᠠᠯ᠎ᠢ ᠠᠰᠢᠭᠯᠠᠨ ᠰᠤᠷᠤᠯᠴᠠᠯᠭ᠎ᠠ ᠥᠷᠨᠢᠭᠦᠯᠬᠦ ᠵᠢ ᠴᠢᠬᠤᠯᠠᠴᠢᠯᠠᠵᠤ᠂ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭ᠋ᠠᠢ᠎ᠪᠠᠨ ᠤᠬᠠᠮᠰᠠᠷ᠎ᠠᠴᠠ᠎ᠪᠠᠨ ᠵᠡᠪᠰᠡᠭᠯᠡᠵᠦ᠂ ᠦᠢ᠍ᠯᠡᠳᠦᠯᠭᠡ᠎ᠪᠠᠨ ᠵᠢᠯᠣᠭᠣᠳᠤᠭᠤᠯᠵᠤ᠂ ᠠᠵᠢᠯ ᠵᠶ᠋ᠠᠨ ᠠᠬᠢᠭᠤᠯᠵᠤ᠂ 2022 ᠣᠨ᠎ᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠰᠠᠢ᠌ᠲᠤᠷ ᠬᠤᠷᠠᠯᠳᠤᠭᠤᠯᠬᠤ᠎ᠳᠤ ᠦᠵᠡᠯ ᠰᠠᠨᠠᠭ᠋ᠠᠨ᠎ᠤ ᠪᠠᠳᠤ ᠰᠠᠭᠤᠷᠢ ᠵᠢ ᠲᠠᠯᠪᠢᠬᠤ ᠬᠡᠷᠡᠭᠲᠡᠢ᠃
ᠬᠤᠷᠠᠯ ᠲᠡᠬᠡᠷ᠎ᠡ ᠣᠨ᠎ᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠬᠤᠷᠠᠯᠳᠤᠭᠤᠯᠬᠤ᠎ᠠᠴᠠ ᠡᠮᠦᠨᠡᠬᠢ ᠪᠡᠯᠡᠳᠬᠡᠯ ᠠᠵᠢᠯ᠎ᠢ ᠪᠠᠢ᠌ᠷᠢᠯᠠᠭᠤᠯᠤᠬᠰᠠᠨ ᠪᠠᠢ᠌ᠨ᠎ᠠ᠃