ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ 2022 ᠣᠨ᠎ᠤ ᠨᠡᠢ᠌ᠭᠡᠮ᠎ᠤᠨ ᠬᠡᠷᠡᠭ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠠᠵᠢᠯ᠎ᠢ ᠪᠥᠬᠥ ᠲᠠᠯ᠎ᠠ᠎ᠪᠠᠷ ᠳ᠋ᠦᠩᠨᠡᠨ ᠵᠠᠳᠠᠯᠬᠤ ᠵᠢᠨ ᠬᠠᠮᠲᠤ᠂ ᠠᠷᠠᠳ᠎ᠤᠨ ᠶᠠᠪᠤᠳᠠᠯ᠎ᠤᠨ ᠶᠠᠮᠤᠨ᠂ ᠠᠷᠠᠳ᠎ᠤᠨ ᠶᠠᠪᠤᠳᠠᠯ᠎ᠤᠨ ᠲᠢᠩᠬᠢᠮ᠎ᠤᠨ 2023 ᠣᠨ᠎ᠤ ᠨᠡᠢ᠌ᠭᠡᠮ᠎ᠤᠨ ᠬᠡᠷᠡᠭ ᠶᠠᠪᠤᠳᠠᠯ᠎ᠤᠨ ᠠᠵᠢᠯ᠎ᠤᠨ ᠭᠣᠣᠯᠳᠠᠯᠭ᠎ᠠ ᠵᠢ ᠦᠨᠳᠦᠰᠦᠯᠡᠨ ᠦᠨᠤ ᠵᠢᠯ᠎ᠤᠨ ᠪᠣᠳᠠᠲᠠᠢ ᠠᠵᠢᠯ᠎ᠢ ᠪᠠᠢ᠌ᠷᠢᠯᠠᠭᠤᠯᠬᠤ ᠵᠢᠨ ᠲᠦᠯᠦᠬᠡ᠂ 2 ᠳ᠋ᠤᠭ᠋ᠠᠷ ᠰᠠᠷ᠎ᠠ ᠵᠢᠨ 15᠎ᠤ ᠡᠳᠦᠷ ᠮᠠᠨ᠎ᠤ ᠲᠢᠩᠬᠢᠮ᠎ᠤᠨ᠎ᠬᠢᠨ ᠪᠥᠬᠥ ᠣᠷᠣᠨ᠎ᠤ ᠨᠡᠢ᠌ᠭᠡᠮ᠎ᠤᠨ ᠶᠠᠪᠤᠳᠠᠯ᠎ᠤᠨ ᠲᠤᠬᠠᠢ᠌ᠯᠠᠭᠰᠠᠨ ᠠᠵᠢᠯ᠎ᠤᠨ ᠪᠤᠯᠪᠠᠰᠤᠷᠠᠯ᠎ᠤᠨ ᠠᠩᠭᠢ ᠵᠢ ᠡᠷᠭᠢᠯᠡᠪᠡ᠃
ᠪᠣᠯᠪᠠᠰᠤᠷᠠᠯ ᠲᠡᠬᠡᠷ᠎ᠡ ᠡᠯ᠎ᠡ ᠭᠠᠵᠠᠷ᠎ᠤᠨ᠎ᠬᠢᠨ ᠣᠷᠣᠰᠢᠭᠤᠯᠭ᠎ᠠ ᠵᠢᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ ᠠᠬᠢᠭᠤᠯᠵᠤ᠂ ᠣᠷᠣᠰᠢᠭᠤᠯᠭ᠎ᠠ ᠵᠢᠨ ᠭᠠᠵᠠᠷ ᠪᠣᠯᠣᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠨᠡᠶ᠋ᠢᠲᠡ ᠵᠢᠨ ᠪᠤᠩᠬᠤᠨ᠎ᠤ ᠪᠠᠢ᠌ᠭᠤᠯᠤᠯᠲᠠ ᠵᠢ ᠲᠦᠷᠭᠡᠳᠬᠡᠵᠦ᠂ ᠡᠵᠡᠩᠨᠡᠯᠲᠡ ᠵᠢᠨ ᠴᠢᠨᠠᠷᠲᠠᠢ ᠨᠡᠶ᠋ᠢᠲᠡ ᠵᠢᠨ ᠪᠤᠩᠬᠤᠨ᠎ᠤ ᠬᠠᠮᠢᠶᠠᠷᠤᠯᠲᠠ ᠵᠢ ᠵᠢᠷᠤᠮᠵᠢᠭᠤᠯᠵᠤ᠂ ᠪᠣᠯᠪᠠᠰᠤᠨ ᠵᠶ᠋ᠠᠷ ᠣᠷᠣᠰᠢᠭᠤᠯᠬᠤ᠂ ᠪᠠᠢ᠌ᠭ᠋ᠠᠯᠢᠯᠢᠭ ᠣᠷᠣᠰᠢᠭᠤᠯᠬᠤ ᠣᠢ᠌ᠯᠠᠭ᠋ᠠᠭᠳᠠᠬᠤᠨ᠎ᠢ ᠶᠡᠬᠡ᠎ᠪᠠᠷ ᠤᠬᠠᠭᠤᠯᠵᠤ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠵᠤ᠂ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠳᠡᠮᠵᠢᠯᠭᠡ ᠵᠢ ᠣᠯᠵᠤ᠂ 2023 ᠣᠨ᠎ᠤ ᠣᠷᠣᠰᠢᠭᠤᠯᠭ᠎ᠠ ᠵᠢᠨ ᠠᠵᠢᠯ᠎ᠢ ᠰᠢᠨ᠎ᠡ ᠳᠡᠭᠲᠡᠷ᠎ᠲᠤ ᠭᠠᠷᠭ᠋ᠠᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠣᠷᠣᠭ᠎ᠤᠨ ᠬᠠᠮᠢᠶᠠᠷᠤᠯᠲᠠ ᠵᠢᠨ ᠠᠵᠢᠯ᠎ᠳᠤ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ ᠣᠷᠣᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠲᠤᠷᠰᠢᠯᠲᠠ ᠵᠢ ᠠᠬᠢᠭᠤᠯᠬᠤ ᠠᠵᠢᠯ᠎ᠢ ᠰᠠᠢ᠌ᠲᠤᠷ ᠬᠢᠵᠦ᠂ ᠣᠷᠣᠭ᠎ᠤᠨ ᠳᠠᠩᠰᠠᠯᠠᠯᠲᠠ ᠵᠢᠨ ᠪᠠᠢ᠌ᠭᠤᠯᠭ᠎ᠠ ᠵᠢᠨ ᠵᠢᠭᠰᠠᠭ᠋ᠠᠯ᠎ᠤᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠨ᠂ ᠮᠡᠳᠡᠭᠡ ᠵᠠᠩᠭᠢᠵᠢᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠣᠷᠣᠭ᠎ᠤᠨ ᠳᠠᠩᠰᠠᠯᠠᠯᠲᠠ ᠵᠢᠨ 《ᠮᠤᠵᠢ ᠠᠯᠤᠰᠯᠠᠨ ᠲᠤᠭᠤᠰᠢᠳᠠᠢ ᠭᠦᠢ᠍ᠴᠡᠳᠬᠡᠬᠦ》 ᠲᠤᠷᠰᠢᠯᠲᠠ᠎ᠳᠤ ᠪᠠᠲᠤ ᠰᠠᠭᠤᠷᠢ ᠲᠠᠯᠪᠢᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠦᠴᠦᠨ᠎ᠢ ᠭᠦᠢ᠍ᠴᠡᠳ ᠪᠠᠳᠠᠷᠠᠭᠤᠯᠤᠨ᠂ ᠤᠷᠤᠭᠯᠠᠬᠤ᠎ᠠᠴᠠ ᠡᠮᠦᠨᠡᠬᠢ ᠵᠢᠯᠤᠭᠤᠳᠤᠮᠵᠢ ᠪᠠ ᠣᠷᠣᠭ ᠭᠡᠷ ᠪᠦᠯᠢ ᠵᠢᠨ ᠬᠠᠪᠰᠤᠷᠤᠨ ᠵᠢᠯᠤᠭᠣᠳᠬᠤ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠪᠣᠯᠪᠠᠰᠤᠨ ᠰᠢᠨ᠎ᠡ ᠰᠤᠷᠲᠠᠯ᠎ᠢ ᠢᠳᠡᠪᠬᠢᠲᠡᠢ ᠰᠠᠨᠠᠭ᠋ᠠᠴᠢᠯᠠᠨ᠎ᠠ᠃ ᠵᠡᠮᠳᠡᠭᠴᠦᠳ᠎ᠤᠨ ᠠᠰᠠᠷᠠᠮᠵᠢ ᠵᠢᠨ ᠠᠵᠢᠯ᠎ᠳᠤ ᠵᠡᠮᠳᠡᠭᠴᠦᠳ᠎ᠤᠨ ᠬᠣᠶᠠᠷ ᠨᠥᠬᠥᠪᠦᠷᠢ ᠵᠢ ᠨᠠᠷᠢᠯᠢᠭ ᠣᠨᠣᠴᠠᠲᠠᠢ ᠣᠯᠭᠣᠬᠤ ᠠᠵᠢᠯ᠎ᠢ ᠤᠯᠠᠮ ᠴᠢᠩᠭ᠋ᠠᠳᠬᠠᠵᠤ᠂ ᠲᠣᠭ᠎ᠠ ᠪᠠᠷᠢᠮᠲᠠ ᠵᠢ ᠳᠠᠬᠢᠨ ᠬᠢᠨᠠᠵᠤ ᠬᠠᠷᠢᠴᠠᠭᠤᠯᠬᠤ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠨ᠂ ᠡᠳ᠋ᠯᠡᠬᠦ ᠶᠣᠰᠣᠲᠠᠢ ᠵᠢ᠎ᠨᠢ ᠪᠦᠬᠦᠨ᠎ᠢ ᠡᠳ᠋ᠯᠡᠵᠦ᠂ ᠪᠤᠴᠠᠭ᠋ᠠᠬᠤ ᠶᠣᠰᠣᠲᠠᠢ ᠵᠢ᠎ᠨᠢ ᠪᠦᠬᠦᠨ᠎ᠢ ᠪᠤᠴᠠᠭ᠋ᠠᠬᠤ ᠵᠢ ᠪᠠᠲᠤᠯᠠᠵᠤ᠂ ᠣᠶᠣᠨ᠎ᠤ ᠡᠷᠡᠭᠦᠯ ᠬᠠᠮᠠᠭ᠋ᠠᠯᠠᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠠᠬᠢᠭᠤᠯᠵᠤ᠂ 2025 ᠣᠨ᠎ᠳᠤ ᠠᠢ᠌ᠮᠠᠭ ᠬᠣᠲᠠ ᠨᠢᠬᠡ ᠪᠦᠷᠢ᠎ᠳᠤ ᠲᠤᠰᠬᠠᠢ ᠠᠷᠠᠳ᠎ᠤᠨ ᠶᠠᠪᠤᠳᠠᠯ᠎ᠤᠨ ᠣᠶᠣᠨ᠎ᠤ ᠡᠷᠡᠭᠦᠯ ᠬᠠᠮᠠᠭ᠋ᠠᠯᠠᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢ ᠨᠢᠬᠡ ᠪᠠᠶ᠋ᠢᠭᠤᠯᠬᠤ ᠵᠢ ᠪᠠᠲᠤᠯᠠᠬᠤ ᠬᠡᠷᠡᠭᠲᠡᠢ᠃ ᠠᠷᠠᠳ᠎ᠤᠨ ᠶᠠᠪᠤᠳᠠᠯ᠎ᠤᠨ ᠶᠠᠮᠤᠨ᠎ᠤ 《ᠨᠠᠷᠢᠯᠢᠭ ᠡᠷᠡᠭᠦᠯ᠎ᠢ ᠠᠭᠤᠰᠤᠯᠴᠠᠭᠤᠯᠬᠤ ᠠᠵᠢᠯᠯᠠᠭ᠎ᠠ》 ᠥᠷᠨᠢᠭᠦᠯᠬᠦ ᠮᠡᠳᠡᠭᠳᠡᠯ᠎ᠤᠨ ᠱᠠᠭ᠋ᠠᠷᠳᠠᠯᠭ᠎ᠠ᠎ᠪᠠᠷ ᠪᠡᠯᠡ ᠮᠥᠩᠭᠥ ᠵᠢᠨ ᠳᠡᠮᠵᠢᠯᠭᠡ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ᠎ᠳᠤ ᠲᠦᠰᠢᠭᠯᠡᠨ᠂ ᠣᠶᠤᠨ ᠮᠡᠳᠡᠷᠡᠯ᠎ᠤᠨ ᠰᠠᠭ᠋ᠠᠳ᠎ᠲᠠᠢ ᠬᠦᠮᠦᠰ᠎ᠢ ᠨᠡᠢ᠌ᠭᠡᠮ ᠲᠣᠭᠣᠷᠢᠭ᠎ᠲᠤ ᠡᠷᠡᠬᠦᠯᠵᠢᠬᠦᠯᠬᠦ ᠦᠢ᠍ᠯᠡᠴᠢᠯᠡᠭᠡ ᠵᠢ ᠥᠷᠨᠢᠭᠦᠯᠦᠨ᠎ᠡ᠃ 《ᠡᠷᠡᠭᠦᠯ ᠮᠡᠨᠳᠦ ᠵᠢ ᠲᠤᠰᠠᠯᠠᠬᠤ ᠢᠨᠵᠧᠨᠧᠷᠢᠩ》᠎ᠤᠨ ᠲᠥᠷᠥᠯ ᠵᠦᠢ᠍ᠯ᠎ᠢ ᠰᠢᠭᠰᠢᠨ ᠪᠠᠢ᠌ᠴᠠᠭ᠋ᠠᠵᠤ ᠦᠨᠡᠯᠡᠬᠦ᠎ᠳᠤ ᠠᠵᠢᠯ᠎ᠳᠤ ᠬᠠᠮᠵᠢᠯᠴᠠᠬᠤ ᠬᠡᠮᠵᠢᠶ᠎ᠡ ᠵᠢ ᠴᠢᠩᠭ᠋ᠠᠳᠬᠠᠵᠤ᠂ ᠵᠡᠮᠳᠡᠭᠴᠦᠳ᠎ᠲᠤ ᠪᠣᠳᠠᠲᠠᠢ ᠠᠵᠢᠯ᠎ᠢ ᠯᠠᠪᠳᠠᠭᠤᠨ ᠬᠢᠵᠦ ᠥᠭᠬᠦ ᠬᠡᠷᠡᠭᠲᠡᠢ᠃ ᠲᠡᠨᠦᠭᠦᠴᠢᠯᠡᠨ ᠭᠤᠢ᠌ᠷᠠᠨᠴᠢᠯᠠᠬᠰᠠᠳ᠎ᠢ ᠲᠤᠰᠠᠯᠠᠬᠤ ᠠᠵᠢᠯ ᠳᠤ᠎ᠬᠢ ᠰᠢᠰᠲᠸᠮ᠎ᠳᠤ ᠬᠡᠷᠡᠭᠯᠡᠯᠲᠡ ᠪᠣᠯᠣᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠲᠤᠰᠠᠯᠠᠮᠵᠢ ᠵᠢᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠦᠨ᠂ ᠲᠤᠰᠠᠯᠠᠮᠵᠢ ᠵᠢᠨ ᠦᠢ᠍ᠯᠡᠴᠢᠯᠡᠭᠡᠨ᠎ᠤ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃
ᠡᠯ᠎ᠡ ᠠᠢ᠌ᠮᠠᠭ ᠬᠣᠲᠠ᠂ ᠬᠣᠰᠢᠭᠤ ᠰᠢᠶᠠᠨ (ᠲᠣᠭᠣᠷᠢᠭ)᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠤᠪᠢᠳᠠᠨ ᠬᠠᠮᠢᠶᠠᠷᠴᠤ ᠪᠠᠢ᠌ᠭ᠎ᠠ ᠬᠠᠷᠢᠭᠤᠴᠠᠯᠭ᠋ᠠᠲᠠᠨ ᠪᠣᠯᠣᠨ ᠨᠡᠢ᠌ᠭᠡᠮ᠎ᠤᠨ ᠶᠠᠪᠤᠳᠠᠯ᠎ᠤᠨ ᠰᠠᠯᠠᠭ᠎ᠠ (ᠲᠠᠰᠤᠭ) ᠵᠢᠨ ᠪᠥᠬᠥ ᠠᠵᠢᠯᠲᠠᠨ᠂ ᠨᠡᠢ᠌ᠭᠡᠮ᠎ᠤᠨ ᠬᠡᠷᠡᠭ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ ᠪᠣᠯᠣᠨ ᠬᠠᠮᠢᠶ᠎ᠠ ᠪᠦᠬᠦᠢ ᠠᠵᠢᠯᠲᠠᠨ 600 ᠭᠠᠷᠤᠢ ᠬᠥᠮᠥᠨ ᠪᠤᠯᠪᠠᠰᠤᠷᠠᠯ᠎ᠳᠤ ᠣᠷᠣᠯᠴᠠᠵᠠᠢ᠃