ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠮᠠᠨ᠎ᠤ ᠲᠢᠩᠬᠢᠮ᠎ᠤᠨ᠎ᠬᠢᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶᠠᠨ᠎ᠤ ᠨᠡᠢ᠌ᠭᠡᠮ᠎ᠤᠨ ᠪᠠᠢ᠌ᠭᠤᠯᠤᠯᠲᠠ ᠵᠢᠨ ᠵᠥᠪᠯᠡᠯ᠎ᠤᠨ ᠠᠵᠢᠯ ᠲᠥᠷᠥᠯ᠎ᠤᠨ ᠰᠠᠯᠠᠭ᠎ᠠ ᠮᠥᠴᠢᠷ (ᠬᠠᠷᠢᠯᠴᠠᠬᠤ ᠨᠢᠬᠡᠴᠢ)᠎ᠯᠦᠭᠡ ᠬᠠᠷᠢᠯᠴᠠᠬᠤ ᠠᠵᠢᠯ᠎ᠤᠨ ᠬᠤᠷᠠᠯ᠎ᠳᠤ ᠣᠷᠣᠯᠴᠠᠪᠠ
ᠨᠡᠶᠢᠲᠡᠯᠡᠭᠰᠡᠨ ᠴᠠᠭ᠄ 2023-02-17

     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠨᠡᠢ᠌ᠭᠡᠮ᠎ᠤᠨ ᠪᠠᠢ᠌ᠭᠤᠯᠤᠯᠲᠠ ᠵᠢᠨ ᠵᠥᠪᠯᠡᠯ᠎ᠤᠨ᠎ᠬᠢᠨ 2 ᠰᠠᠷ᠎ᠠ ᠵᠢᠨ 15᠎ᠤ ᠡᠳᠦᠷ ᠠᠵᠢᠯ ᠲᠥᠷᠥᠯ᠎ᠤᠨ ᠰᠠᠯᠠᠭ᠎ᠠ ᠮᠥᠴᠢᠷ (ᠬᠠᠷᠢᠯᠴᠠᠬᠤ ᠨᠢᠬᠡᠴᠢ)᠎ᠯᠦᠭᠡ ᠬᠠᠷᠢᠯᠴᠠᠬᠤ ᠬᠤᠷᠠᠯ᠎ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠨᠡᠢ᠌ᠭᠡᠮ᠎ᠤᠨ ᠪᠠᠢ᠌ᠭᠤᠯᠤᠯᠲᠠ ᠵᠢᠨ ᠵᠥᠪᠯᠡᠯ᠎ᠤᠨ 2022 ᠣᠨ᠎ᠤ ᠠᠵᠢᠯ ᠵᠶ᠋ᠠᠨ ᠥᠷᠨᠢᠭᠦᠯᠦᠭᠰᠡᠨ ᠪᠠᠢ᠌ᠳᠠᠯ ᠪᠠ 2023 ᠣᠨ᠎ᠤ ᠠᠵᠢᠯ᠎ᠤᠨ ᠲᠣᠬᠢᠷᠠᠭᠤᠯᠤᠯᠲᠠ ᠵᠢ ᠵᠠᠷᠯᠠᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠪᠠᠴᠢᠮ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ ᠵᠡᠷᠭᠡ 6 ᠰᠠᠯᠠᠭ᠎ᠠ ᠮᠥᠴᠢᠷ᠎ᠤᠨ᠎ᠬᠢᠨ᠎ᠤ 2023 ᠣᠨ᠎ᠤ ᠠᠵᠢᠯ᠎ᠤᠨ ᠲᠥᠯᠥᠪᠯᠡᠭᠡ᠂ ᠠᠵᠢᠯ ᠲᠥᠷᠥᠯ ᠵᠶ᠋ᠡᠷ ᠬᠠᠷᠢᠯᠴᠠᠬᠤ ᠨᠢᠬᠡᠴᠢ ᠵᠢᠨ ᠰᠠᠨᠠᠯ ᠰᠠᠨᠠᠭᠤᠯᠭ᠎ᠠ ᠵᠢ ᠰᠣᠨᠣᠰᠪᠠ᠃
     ᠲᠢᠩᠬᠢᠮ᠎ᠤᠨ ᠳᠡᠳ᠋ ᠳᠠᠷᠤᠭ᠎ᠠ ᠴᠧᠩ ᠬᠣᠩ ᠯᠢᠶᠠᠩ ᠬᠤᠷᠠᠯ᠎ᠳᠤ ᠣᠷᠣᠯᠴᠠᠭᠰᠠᠨ ᠪᠥᠭᠡᠳ ᠮᠠᠨ᠎ᠤ ᠲᠢᠩᠬᠢᠮ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭ᠋ᠠᠰᠤᠨ᠎ᠤ ᠨᠡᠢ᠌ᠭᠡᠮ ᠲᠣᠭᠣᠷᠢᠭ᠎ᠤᠨ ᠵᠠᠰᠠᠯᠲᠠ ᠵᠢ ᠠᠬᠢᠭᠤᠯᠬᠤ ᠳᠦᠷᠢᠮ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠳᠦᠷᠢᠮ》᠎ᠢ ᠲᠣᠭᠲᠠᠭ᠋ᠠᠭᠰᠠᠨ ᠪᠠ ᠵᠠᠰᠠᠪᠤᠷᠢ ᠣᠷᠣᠭᠤᠯᠤᠭᠰᠠᠨ ᠠᠵᠢᠯ᠎ᠤᠨ ᠪᠠᠢ᠌ᠳᠠᠯ ᠪᠤᠯᠤᠨ 2023 ᠣᠨ᠎ᠤ ᠠᠵᠢᠯ᠎ᠤᠨ ᠲᠥᠯᠥᠪᠯᠡᠭᠡ ᠵᠢ ᠬᠠᠷᠢᠭᠤ ᠮᠡᠳᠡᠬᠦᠯᠬᠦ᠎ᠳᠤ᠎ᠪᠠᠨ ᠨᠢᠭᠡ᠎ᠳᠤ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠵᠶ᠋ᠠᠨ ᠨᠠᠷᠢᠯᠢᠬ᠍ᠵᠢᠭᠤᠯᠤᠨ᠎ᠠ᠃ ᠬᠤᠪᠢᠳᠠᠨ ᠬᠠᠮᠢᠶᠠᠷᠴᠤ ᠪᠠᠢ᠌ᠭ᠎ᠠ ᠲᠢᠩᠬᠢᠮ᠎ᠤᠨ ᠳᠠᠷᠤᠭ᠎ᠠ ᠲᠦᠷᠦᠭᠦᠯᠡᠨ ᠬᠠᠷᠢᠭᠤᠴᠠᠭᠰᠠᠨ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠬᠠᠷᠢᠭᠤᠴᠠᠯᠭ᠎ᠠ ᠪᠦᠬᠦᠢ ᠭᠠᠵᠠᠷ ᠲᠠᠰᠤᠭ᠂ ᠲᠤᠰᠬᠠᠢ ᠮᠡᠷᠭᠡᠵᠢᠯᠲᠡᠨ ᠡᠷᠳᠡᠮᠲᠡᠳ ᠣᠷᠣᠯᠴᠠᠭᠰᠠᠨ ᠠᠵᠢᠯ᠎ᠤᠨ ᠲᠤᠰᠬᠠᠢ ᠠᠩᠭᠢ ᠵᠢ ᠪᠠᠢ᠌ᠭᠤᠯᠵᠤ᠂ ᠬᠠᠷᠢᠯᠴᠠᠭ᠎ᠠ᠎ᠪᠠᠨ ᠴᠢᠩᠭ᠋ᠠᠳᠬᠠᠨ᠂ ᠬᠠᠮᠲᠤᠷᠠᠯᠴᠠᠨ ᠠᠬᠢᠭᠤᠯᠬᠤ ᠠᠵᠢᠯ᠎ᠤᠨ ᠲᠣᠭᠲᠠᠴᠠ ᠵᠢ ᠪᠠᠢ᠌ᠭᠤᠯᠵᠤ᠂ ᠳᠦᠷᠢᠮ᠎ᠢ ᠲᠤᠭᠤᠷᠪᠢᠬᠤ ᠠᠵᠢᠯ᠎ᠢ ᠨᠠᠩ  ᠴᠢᠨᠠᠷᠵᠢᠭᠤᠨ ᠪᠦᠬᠡᠳ ᠦᠷ᠎ᠡ ᠪᠦᠲᠦᠮᠵᠢ᠎ᠲᠠᠢ ᠪᠠᠢ᠌ᠯᠭ᠋ᠠᠬᠤ ᠵᠢ ᠪᠠᠳᠤᠯᠠᠨ᠎ᠠ᠃ ᠬᠣᠶᠠᠷ᠎ᠲᠤ᠂ ᠬᠢᠨᠠᠮᠠᠭ᠋ᠠᠢ ᠨᠤᠲᠠᠯᠠᠯᠲᠠ ᠬᠢᠵᠦ᠂ ᠴᠢᠩᠭ᠎ᠠ ᠨᠢᠮᠪᠠᠢ᠂ ᠪᠣᠳᠠᠲᠠᠢ ᠵᠢ ᠡᠷᠬᠢᠮᠯᠡᠨ᠎ᠡ᠃ ᠬᠣᠶᠠᠷ ᠳᠦᠷᠢᠮ᠎ᠢ ᠲᠡᠬᠡᠷᠡᠬᠢ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠲᠠᠢ ᠪᠦᠲᠦᠮᠵᠢᠲᠡᠶ ᠵᠣᠯᠭ᠋ᠠᠭᠤᠯᠬᠤ ᠠᠵᠢᠯ᠎ᠢ ᠰᠠᠢ᠌ᠲᠤᠷ ᠬᠢᠵᠦ᠂ ᠣᠷᠣᠨ ᠨᠤᠲᠤᠭ᠎ᠤᠨ ᠣᠨᠴᠠᠯᠢᠭ᠎ᠢ ᠢᠯᠡᠷᠡᠭᠦᠯᠦᠭᠰᠡᠨ ᠰᠠᠭᠤᠷᠢᠨ ᠳᠡᠭᠡᠷ᠎ᠡ ᠲᠡᠬᠡᠷᠡᠬᠢ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠲᠠᠢ ᠵᠦᠷᠢᠴᠡᠯᠳᠤᠬᠦ ᠦᠭᠡᠢ᠂ ᠴᠥᠭᠡᠨ ᠳᠠᠪᠬᠤᠷᠳᠠᠬᠤ ᠵᠢ ᠦᠨᠡᠨ ᠬᠦ᠌ ᠪᠠᠲᠤᠯᠠᠨ᠎ᠠ᠃ ᠬᠠᠮᠤᠭ᠎ᠤᠨ ᠰᠢᠨ᠎ᠡ ᠲᠦᠷᠦ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠴᠤᠭᠯᠠᠭᠤᠯᠤᠨ ᠡᠮᠬᠢᠯᠡᠵᠦ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠲᠠᠢ ᠤᠶᠠᠯᠳᠤᠭᠤᠯᠤᠨ᠂ ᠬᠡᠷᠡᠭᠵᠢᠭᠦᠯᠵᠦ ᠪᠣᠯᠬᠤᠢ᠌ᠴᠠ᠂ ᠪᠦᠲᠦᠮᠵᠢᠲᠡᠶ ᠰᠠᠨᠠᠯ ᠰᠠᠨᠠᠭᠤᠯᠭ᠎ᠠ ᠵᠢ ᠳᠤᠷᠠᠳᠴᠤ᠂ ᠬᠣᠯᠪᠣᠭᠳᠠᠯ ᠪᠦᠬᠦᠢ ᠠᠭᠤᠯᠭ᠎ᠠ ᠵᠢ ᠲᠡᠭᠦᠯᠳᠡᠷᠵᠢᠭᠦᠯᠦᠨ᠎ᠡ᠃ ᠤᠷᠴᠢᠮ ᠵᠢᠨ ᠵᠢᠯ᠎ᠤᠨ ᠲᠤᠷᠰᠢᠬᠢ ᠠᠵᠢᠯ᠎ᠤᠨ ᠠᠮᠵᠢᠯᠲᠠ ᠪᠦᠲᠦᠮᠵᠢ᠂ ᠨᠡᠢ᠌ᠲᠡᠯᠢᠭ ᠵᠢᠱ᠌ᠢᠶ᠎ᠡ᠂ ᠲᠤᠷᠰᠢᠯᠲᠠ ᠵᠢ ᠳ᠋ᠦᠩᠨᠡᠨ᠂ ᠪᠣᠯᠪᠠᠰᠤᠷᠠᠩᠭᠤᠢ ᠲᠤᠷᠰᠢᠯᠭ᠎ᠠ ᠵᠢ ᠬᠠᠤᠯᠢ ᠲᠣᠭᠲᠠᠭ᠋ᠠᠬᠤ ᠳᠠᠪᠬᠤᠷᠭ᠎ᠠ᠎ᠳᠤ ᠬᠦᠷᠲᠡᠯ᠎ᠡ ᠳᠡᠭᠡᠭᠰᠢᠯᠡᠭᠦᠯᠵᠦ᠂ ᠠᠭᠤᠯᠭ᠎ᠠ ᠵᠢ᠎ᠨᠢ ᠨᠠᠷᠢᠯᠢᠭᠵᠢᠭᠤᠯᠤᠨ ᠪᠤᠳᠠᠳᠠᠢ᠌ᠵᠢᠭᠤᠯᠤᠨ᠎ᠠ᠃ ᠭᠤᠷᠪᠠ᠎ᠳᠤ᠂ ᠪᠠᠢ᠌ᠴᠠᠭ᠋ᠠᠨ ᠰᠤᠳᠤᠯᠤᠯᠲᠠ᠎ᠪᠠᠨ ᠴᠢᠩᠭ᠋ᠠᠳᠬᠠᠵᠤ᠂ ᠬᠠᠤᠯᠢ ᠲᠣᠭᠲᠠᠭ᠋ᠠᠬᠤ ᠴᠢᠨᠰᠠᠭ᠎ᠠ ᠵᠢ ᠳᠡᠭᠡᠭᠰᠢᠯᠡᠭᠦᠯᠬᠦ ᠬᠡᠷᠡᠭᠲᠡᠢ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ᠎ᠤᠨ ᠬᠤᠷᠠᠯ ᠪᠠᠢ᠌ᠡᠭᠭᠤ ᠵᠢᠨ ᠬᠤᠷᠢᠶ᠎ᠠ᠂ ᠬᠠᠤᠯᠢ ᠴᠠᠭ᠋ᠠᠵᠠ ᠵᠢᠨ ᠲᠢᠩᠬᠢᠮ᠎ᠤᠨ᠎ᠬᠢᠨ᠎ᠲᠠᠢ ᠬᠠᠮᠵᠢᠯᠴᠠᠨ ᠬᠣᠶᠠᠷ ᠳᠦᠷᠢᠮ᠎ᠤᠨ ᠪᠠᠢ᠌ᠴᠠᠭ᠋ᠠᠨ ᠰᠤᠳᠤᠯᠬᠤ ᠠᠵᠢᠯ᠎ᠢ ᠪᠡᠶᠡᠯᠡᠭᠦᠯᠵᠦ᠂ ᠬᠣᠶᠠᠷ ᠳᠦᠷᠢᠮ᠎ᠤᠨ ᠰᠢᠨ᠎ᠡ ᠪᠠᠢ᠌ᠳᠠᠯ᠂ ᠰᠢᠨ᠎ᠡ ᠱᠠᠭ᠋ᠠᠷᠳᠠᠯᠭ᠎ᠠ᠎ᠳᠤ ᠵᠣᠬᠢᠴᠠᠬᠤ ᠵᠢ ᠪᠠᠲᠤᠯᠠᠨ᠎ᠠ᠃ ᠶᠡᠬᠡ ᠳᠡᠭᠡᠳᠦ ᠰᠤᠷᠭ᠋ᠠᠭᠤᠯᠢ ᠵᠡᠷᠭᠡ ᠲᠤᠰᠬᠠᠢ ᠮᠡᠷᠭᠡᠵᠢᠯ᠎ᠤᠨ ᠬᠠᠤᠯᠢ ᠴᠠᠭ᠋ᠠᠵᠠ ᠵᠢᠨ ᠪᠦᠯᠬᠦᠮ᠎ᠯᠦᠭᠡ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠲᠤᠰᠬᠠᠢ ᠮᠡᠷᠭᠡᠵᠢᠯ᠎ᠤᠨ ᠵᠢᠯᠤᠭᠣᠳᠬᠤ ᠰᠠᠨᠠᠯ᠎ᠢ ᠡᠷᠢᠵᠦ᠂ ᠲᠠᠰᠤᠷᠠᠯᠲᠠ ᠦᠭᠡᠢ ᠰᠤᠳᠤᠯᠤᠨ ᠶᠠᠷᠢᠯᠴᠠᠬᠤ ᠪᠠ ᠰᠤᠷᠤᠯᠴᠠᠵᠤ᠂ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠨ  ᠰᠤᠳᠤᠯᠵᠤ᠂ ᠬᠣᠶᠠᠷ ᠳᠦᠷᠢᠮ᠎ᠢ ᠲᠣᠭᠲᠠᠭ᠋ᠠᠬᠤ ᠪᠠ ᠵᠠᠰᠠᠪᠤᠷᠢ ᠣᠷᠣᠭᠤᠯᠬᠤ ᠠᠵᠢᠯ᠎ᠢ ᠬᠠᠮᠲᠤᠷᠠᠨ ᠥᠷᠨᠢᠭᠦᠯᠦᠨ᠎ᠡ᠃
     ᠬᠤᠷᠠᠯ᠎ᠠᠴᠠ ᠴᠢᠬᠤᠯᠠᠴᠢᠯᠠᠬᠰᠠᠨ᠎ᠨᠢ᠂ ᠡᠨᠡ ᠤᠳᠠᠭ᠎ᠠ ᠵᠢᠨ ᠬᠤᠷᠠᠯ ᠪᠤᠯ ᠤᠷᠢᠳᠤᠬᠢ ᠵᠢ ᠵᠠᠯᠭ᠋ᠠᠮᠵᠢᠯᠠᠨ ᠬᠣᠢ᠌ᠲᠤᠬᠢ ᠵᠢ ᠰᠡᠩᠬᠡᠷᠡᠭᠦᠯᠬᠦ᠂ ᠤᠷᠢᠳᠤᠬᠢ ᠵᠢ ᠵᠠᠯᠭ᠋ᠠᠮᠵᠢᠯᠠᠨ ᠬᠣᠢ᠌ᠲᠤᠬᠢ ᠵᠢ ᠨᠡᠭᠡᠭᠡᠬᠦ ᠠᠵᠢᠯ᠎ᠢ ᠠᠬᠢᠭᠤᠯᠬᠤ ᠬᠤᠷᠠᠯ ᠪᠣᠯᠬᠤ᠎ᠪᠠᠷ ᠪᠠᠷᠠᠬᠤ ᠦᠭᠡᠢ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠨᠡᠢ᠌ᠭᠡᠮ᠎ᠤᠨ ᠪᠠᠢ᠌ᠭᠤᠯᠤᠯᠳᠠ ᠵᠢᠨ ᠵᠥᠪᠯᠡᠯ᠂ ᠠᠵᠢᠯ ᠲᠦᠷᠦᠯ᠎ᠤᠨ ᠰᠢᠰᠲ᠋ᠧᠮ ᠵᠶ᠋ᠡᠷ ᠵᠶ᠋ᠡᠨ ᠬᠠᠷᠢᠯᠴᠠᠬᠤ ᠰᠠᠯᠠᠭ᠎ᠠ ᠮᠥᠴᠢᠷ ᠪᠤᠯᠤᠨ ᠵᠢᠨ ᠰᠢᠨ᠎ᠡ ᠠᠶᠠᠨ ᠵᠠᠮ᠎ᠳᠤ ᠠᠳᠠᠯᠢ ᠰᠡᠳᠦᠪ᠎ᠢ ᠬᠠᠮᠳᠤ᠎ᠪᠠᠷ ᠬᠠᠷᠢᠭᠤᠯᠵᠤ᠂ ᠠᠳᠠᠯᠢ ᠳᠠᠪᠲᠠᠮᠵᠢ ᠵᠢ ᠴᠤᠤᠷᠢᠶᠠᠲᠤᠭᠤᠯᠵᠤ᠂ ᠮᠠᠨ᠎ᠤ ᠣᠷᠣᠨ᠎ᠤ ᠨᠡᠢ᠌ᠭᠡᠮ ᠵᠢᠷᠤᠮ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ᠎ᠳᠤ ᠬᠦᠴᠦ ᠨᠡᠮᠡᠷᠢᠯᠡᠬᠦ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠪᠣᠯᠣᠨ᠎ᠠ᠃
     ᠬᠤᠷᠠᠯ᠎ᠠᠴᠠ ᠱᠠᠭ᠋ᠠᠷᠳᠠᠬᠰᠠᠨ᠎ᠨᠢ᠂ ᠡᠯ᠎ᠡ ᠠᠵᠢᠯ ᠲᠦᠷᠦᠯ᠎ᠤᠨ ᠰᠠᠯᠠᠭ᠎ᠠ ᠮᠥᠴᠢᠷ᠂ ᠬᠠᠷᠢᠯᠴᠠᠬᠤ ᠨᠢᠬᠡᠴᠢ ᠵᠢᠨ᠎ᠬᠢᠨ ᠨᠢᠭᠡ᠎ᠳᠤ᠂ ᠤᠯᠤᠰ ᠲᠦᠷᠦ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠵᠢᠨ ᠨᠡᠢ᠌ᠭᠡᠮ᠎ᠤᠨ ᠪᠠᠢ᠌ᠭᠤᠯᠤᠯᠲᠠ ᠵᠢᠨ ᠠᠵᠢᠯ᠎ᠤᠨ ᠴᠢᠬᠤᠯᠠ ᠶᠡᠬᠡ ᠡᠭᠦᠷᠭᠡ ᠬᠠᠷᠢᠭᠤᠴᠠᠯᠭ᠎ᠠ ᠵᠢ ᠭᠦᠨᠵᠡᠭᠡᠢ ᠣᠢ᠌ᠯᠠᠭ᠋ᠠᠨ ᠡᠵᠡᠮᠳᠡᠬᠦ ᠬᠡᠷᠡᠭᠲᠡᠢ᠃ ᠨᠡᠢ᠌ᠭᠡᠮ᠎ᠤᠨ ᠪᠠᠢ᠌ᠭᠤᠯᠤᠯᠳᠠ ᠵᠢᠨ ᠵᠥᠪᠯᠡᠯ᠎ᠤᠨ ᠠᠵᠢᠯ ᠲᠦᠷᠦᠯ᠎ᠤᠨ ᠰᠢᠰᠲ᠋ᠧᠮ ᠵᠶ᠋ᠡᠷ ᠵᠶ᠋ᠡᠨ ᠬᠠᠷᠢᠯᠴᠠᠭᠰᠠᠨ ᠰᠠᠯᠠᠭ᠎ᠠ ᠮᠥᠴᠢᠷ  ᠨᠢᠬᠡᠴᠢ ᠪᠣᠯ ᠨᠡᠢ᠌ᠭᠡᠮ᠎ᠤᠨ ᠪᠠᠢ᠌ᠭᠤᠯᠤᠯᠲᠠ ᠵᠢ ᠠᠬᠢᠭᠤᠯᠬᠤ᠂ ᠨᠡᠢ᠌ᠭᠡᠮ᠎ᠤᠨ ᠦᠢ᠍ᠯᠡᠰ᠎ᠢ ᠬᠥᠭᠵᠢᠭᠦᠯᠬᠦ ᠴᠢᠬᠤᠯᠠ ᠬᠦᠴᠦᠨ ᠮᠥᠨ᠂ ᠠᠵᠢᠯᠯᠠᠭ᠎ᠠ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠴᠢᠬᠤᠯᠠ ᠶᠡᠬᠡ ᠤᠯᠤᠰ ᠲᠦᠷᠦ ᠵᠢᠨ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠬᠠᠷᠢᠭᠤᠴᠠᠯᠭ᠎ᠠ᠎ᠪᠠᠨ ᠰᠡᠳᠬᠢᠯ᠎ᠠᠴᠠ᠎ᠪᠠᠨ ᠮᠡᠳᠡᠵᠦ᠂ ᠥᠪᠡᠷ ᠵᠶ᠋ᠡᠨ ᠡᠭᠦᠷᠭᠡᠯᠡᠵᠦ᠂ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠲᠡᠢ᠃ ᠬᠣᠶᠠᠷ᠎ᠲᠤ᠂ ᠭᠣᠣᠯᠳᠠᠯᠭ᠎ᠠ ᠵᠢᠨ ᠲᠣᠭᠣᠷᠢᠨ᠎ᠳᠤ ᠭᠣᠣᠯᠳᠠᠯᠭ᠎ᠠ ᠵᠢ ᠲᠤᠪᠤᠢ᠍ᠢ᠍ᠯᠭ᠋ᠠᠵᠦ᠂ ᠨᠡᠢ᠌ᠭᠡᠮ᠎ᠤᠨ ᠪᠠᠢ᠌ᠭᠤᠯᠤᠯᠲᠠ ᠵᠢᠨ ᠠᠵᠢᠯ᠎ᠤᠨ  ᠴᠢᠨᠠᠷᠯᠢᠭ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠠᠤᠯᠢ ᠲᠣᠭᠲᠠᠭ᠋ᠠᠯ᠎ᠢ  ᠲᠤᠭᠤᠷᠪᠢᠬᠤ ᠰᠠᠯᠠᠭ᠎ᠠ ᠮᠥᠴᠢᠷ᠎ᠤᠨ ᠤᠳᠤᠷᠢᠳᠤᠯᠭ᠎ᠠ ᠰᠢᠯᠢᠳᠡᠭ ᠬᠦᠴᠦᠨ᠎ᠢ ᠵᠣᠬᠢᠶᠠᠨ ᠪᠠᠢ᠌ᠭᠤᠯᠤᠨ᠂ ᠭᠦᠨᠵᠡᠭᠡᠢ ᠪᠠᠢ᠌ᠴᠠᠭ᠋ᠠᠨ  ᠰᠤᠳᠤᠯᠵᠤ᠂ ᠬᠠᠤᠯᠢ ᠲᠣᠭᠲᠠᠭ᠋ᠠᠯ᠎ᠤᠨ ᠲᠥᠰᠥᠯ᠎ᠨᠢ ᠥᠪᠥᠷ ᠮᠣᠩᠭᠣᠯ᠎ᠤᠨ ᠪᠣᠳᠠᠲᠠᠢ᠎ᠲᠠᠢ ᠨᠡᠶ᠋ᠢᠴᠡᠬᠦ᠂ ᠢᠷᠡᠬᠡᠳᠤᠢ᠌ᠴᠢ ᠰᠢᠨᠵᠢ᠂  ᠬᠠᠨᠳᠤᠯᠭ᠋ᠠᠳᠤ ᠰᠢᠨᠵᠢ ᠪᠠ ᠬᠡᠷᠡᠭᠵᠢᠭᠦᠯᠦᠭᠦᠰᠢᠲᠡᠢ ᠪᠠᠢ᠌ᠬᠤ ᠵᠢ ᠦᠨᠡᠨ ᠬᠦ᠌ ᠪᠠᠲᠤᠯᠠᠵᠤ᠂ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠵᠤ ᠳᠡᠶ᠋ᠢᠯᠬᠦ ᠵᠢ ᠪᠠᠲᠤᠯᠠᠬᠤ ᠬᠡᠷᠡᠭᠲᠡᠢ᠃ ᠭᠤᠷᠪᠠ᠎ᠳᠤ᠂ ᠳᠡᠮᠵᠢᠵᠦ ᠬᠠᠮᠵᠢᠯᠴᠠᠬᠤ᠎ᠪᠠᠨ ᠴᠢᠩᠭ᠋ᠠᠳᠬᠠᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠨᠡᠢ᠌ᠭᠡᠮ᠎ᠤᠨ ᠪᠠᠢ᠌ᠭᠤᠯᠤᠯᠲᠠ ᠵᠢᠨ ᠠᠵᠢᠯ᠎ᠤᠨ ᠰᠢᠨ᠎ᠡ ᠪᠠᠢ᠌ᠳᠠᠯ᠎ᠢ ᠬᠠᠮᠳᠤ᠎ᠪᠠᠷ ᠡᠭᠦᠳᠬᠦ ᠬᠡᠷᠡᠭᠲᠡᠢ᠃ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠡᠭᠭᠤ ᠵᠢᠨ ᠬᠤᠷᠢᠶ᠎ᠠ ᠵᠢᠨ ᠲᠣᠳᠣᠷᠬᠠᠢ ᠲᠣᠭᠲᠠᠭ᠋ᠠᠭᠰᠠᠨ ᠣᠨ᠎ᠤ ᠠᠵᠢᠯ᠎ᠤᠨ ᠡᠭᠦᠷᠭᠡ ᠵᠢ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠬᠡᠴᠢ᠎ᠨᠦᠭᠦᠳ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠎ᠪᠠᠷ ᠲᠦᠷᠦᠭᠦᠯᠡᠭᠦᠯᠦᠨ᠂ ᠡᠷᠲᠡ᠎ᠠᠴᠠ ᠲᠥᠯᠥᠪᠯᠡᠨ ᠪᠠᠢ᠌ᠷᠢᠯᠠᠭᠤᠯᠵᠤ᠂ ᠬᠠᠷᠢᠭᠤᠴᠠᠯᠭ᠎ᠠ ᠵᠢᠨ ᠱᠠᠭ᠋ᠠᠷᠳᠠᠯᠭ᠎ᠠ ᠵᠢ ᠲᠣᠳᠣᠷᠬᠠᠢ᠌ᠯᠠᠨ᠂ ᠴᠠᠭ ᠬᠤᠭᠤᠴᠠᠭ᠋ᠠᠨ᠎ᠤ ᠵᠠᠩᠭᠢᠯᠠᠭ᠎ᠠ ᠵᠢᠨ ᠴᠡᠭ ᠵᠶ᠋ᠡᠷ ᠠᠬᠢᠭᠤᠯᠬᠤ ᠬᠡᠷᠡᠭᠲᠡᠢ᠃ ᠬᠠᠷᠢᠯᠴᠠᠨ ᠳᠡᠮᠵᠢᠬᠦ ᠶᠠᠪᠤᠴᠠ᠎ᠳᠤ ᠨᠡᠢ᠌ᠯᠡᠯ ᠬᠦᠴᠦᠨ᠎ᠢ ᠪᠦᠷᠢᠯᠳᠦᠭᠦᠯᠵᠦ᠂ ᠨᠡᠩ ᠢᠳᠡᠪᠬᠢᠲᠡᠢ ᠣᠪᠣᠷ᠂ ᠨᠡᠩ ᠬᠦᠴᠦᠲᠡᠢ ᠠᠷᠭ᠎ᠠ᠂ ᠨᠡᠩ ᠢᠯᠡᠷᠬᠡᠢ ᠦᠷ᠎ᠡ ᠪᠦᠲᠦᠮᠵᠢ᠎ᠪᠠᠷ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠪᠡᠶᠡᠯᠡᠭᠦᠯᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃ 

 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2023 ᠣᠨ᠎ᠤ ᠪᠥᠬᠥ ᠣᠷᠣᠨ᠎ᠤ ᠨᠡᠢ᠌ᠭᠡᠮ᠎ᠤᠨ ᠶᠠᠪᠤᠳᠠᠯ᠎ᠤᠨ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠤᠨ ᠠᠡᠭᠭᠢ ᠵᠢ ᠡᠷᠬᠢᠯᠡᠪᠡ
ᠲᠥᠪ᠎ᠤᠨ ᠵᠠᠭᠤᠴᠢᠯᠠᠭᠤᠷ᠎ᠤᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠰᠤᠨᠢᠨ ᠮᠡᠳᠡᠬᠡᠨ᠎ᠤ ᠤᠬᠠᠭᠤᠯᠭ᠎ᠠ ᠵᠢᠨ ᠠᠵᠢᠯ᠎ᠢ ᠰᠤᠳᠤᠯᠤᠨ ᠪᠠᠢ᠌ᠴᠠᠭ᠋ᠠᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ᠎ᠬᠢᠨ᠎ᠲᠠᠢ ᠬᠠᠮᠲᠤᠷᠠᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠤᠨ ᠨᠡᠮᠡᠷᠢᠯᠡᠬᠦ ᠲᠤᠬᠠᠢ ᠰᠠᠭᠤᠳᠠᠯ᠎ᠤᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠵᠠᠰᠠᠭ᠎ᠤᠨ ᠣᠷᠳᠣᠨ ᠬᠤᠳᠠᠯᠳᠤᠨ ᠠᠪᠴᠤ ᠦᠭᠭᠦ ᠠᠵᠢᠯ᠎ᠢ ᠯᠠᠪᠳᠠᠭᠤᠨ ᠬᠢᠵᠦ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠬᠦᠯᠬᠦ᠎ᠳᠤ ᠦᠢ᠍ᠯᠡᠴᠢᠯᠡᠵᠤ ᠪᠠᠢ᠌ᠨ᠎ᠠ
ᠲᠦᠯᠦᠪᠵᠢᠬᠦᠯᠬᠡ ᠡᠳ᠋᠎ᠤᠨ ᠶᠠᠪᠤᠳᠠᠯ᠎ᠤᠨ ᠭᠠᠵᠠᠷ᠎ᠤᠨ᠎ᠬᠢᠨ ᠲᠥᠰᠥᠪ᠎ᠢ ᠭᠦᠢ᠍ᠴᠡᠳᠬᠡᠬᠦ ᠠᠬᠢᠴᠠ᠎ᠪᠠᠨ ᠭᠤᠷᠪᠠᠨ ᠠᠷᠭ᠎ᠠ᠎ᠪᠠᠷ ᠠᠬᠢᠭᠤᠯᠵᠤ ᠪᠠᠢ᠌ᠨ᠎ᠠ
 
            