ᠲᠥᠪ ᠷᠠᠳᠢᠣ᠋ ᠵᠢᠨ ᠰᠦᠯᠵᠢᠶ᠎ᠡ ᠵᠢᠨ ᠰᠣᠶᠣᠯ᠎ᠤᠨ ᠵᠠᠭᠤᠴᠢᠯᠠᠭᠤᠷ᠎ᠤᠨ ᠺᠣᠮᠫᠠᠨᠢ ᠵᠢᠨ ᠳᠡᠳ᠋ ᠶᠡᠷᠦᠩᠬᠡᠢ ᠵᠠᠬᠢᠷᠤᠯ ᠰᠢᠶᠠ ᠯᠢᠩ ᠶᠦᠨ᠂ ᠮᠠᠨ᠎ᠤ ᠤᠷᠤᠨ᠎ᠳᠤ ᠰᠠᠭᠤᠭ᠎ᠠ ᠬᠠᠷᠢᠭᠤᠴᠠᠯᠭ᠋ᠠᠲᠠᠨ ᠵᠤ᠌ ᠷᠢ ᠯᠢᠩ ᠵᠡᠷᠭᠡ 5 ᠬᠥᠮᠥᠨ 2 ᠳ᠋ᠤᠭ᠋ᠠᠷ ᠰᠠᠷ᠎ᠠ ᠵᠢᠨ 21᠎ᠤ ᠡᠳᠦᠷ᠎ᠤᠨ ᠦᠳᠡ ᠵᠢᠨ ᠬᠣᠢ᠌ᠨ᠎ᠠ ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠴᠢᠯᠡᠭᠡ ᠬᠠᠮᠢᠶᠠᠷᠤᠯᠲᠠ ᠪᠠ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ᠎ᠳᠤ ᠬᠦᠷᠴᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠣᠨᠢᠨ ᠮᠡᠳᠡᠬᠡᠨ᠎ᠤ ᠤᠬᠠᠭᠤᠯᠭ᠎ᠠ ᠵᠢᠨ ᠠᠵᠢᠯ᠎ᠳᠤ ᠪᠠᠢ᠌ᠴᠠᠭ᠋ᠠᠨ ᠰᠤᠳᠤᠯᠤᠯᠳᠠ ᠬᠢᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ ᠾᠧ ᠴᠧᠩ ᠮᠦ᠍ ᠳᠠᠷᠤᠭ᠎ᠠ ᠪᠠᠷ᠎ᠠ ᠪᠣᠯᠵᠤ ᠪᠠᠢ᠌ᠴᠠᠭ᠋ᠠᠨ ᠰᠤᠳᠤᠯᠤᠬᠰᠠᠨ ᠪᠠᠢ᠌ᠨ᠎ᠠ᠃
ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠬᠦᠷᠢᠶᠡᠯᠡᠩ᠎ᠢ ᠲᠣᠭᠣᠷᠢᠨ ᠦᠵᠡᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠡᠦᠬᠡ ᠵᠢᠨ ᠬᠤᠪᠢᠰᠤᠯᠲᠠ᠂ ᠲᠠᠷᠬᠠᠯᠲᠠ ᠵᠢᠨ ᠪᠠᠢ᠌ᠳᠠᠯ᠂ ᠣᠯᠣᠭᠰᠠᠨ ᠢᠷᠠᠭᠤ ᠠᠯᠳᠠᠷ ᠪᠤᠯᠤᠨ ᠠᠵᠤ ᠠᠬᠤᠢ ᠨᠡᠢ᠌ᠭᠡᠮ᠎ᠤᠨ ᠪᠦᠲᠦᠭᠡᠨ ᠪᠠᠢ᠌ᠭᠤᠯᠤᠯᠲᠠ ᠵᠢᠨ ᠳᠤᠮᠳᠠ ᠦᠵᠡᠭᠦᠯᠦᠭᠰᠡᠨ ᠦᠢ᠍ᠯᠡᠳᠦᠯ ᠵᠡᠷᠭᠡ ᠲᠠᠯ᠎ᠠ᠎ᠠᠴᠠ ᠰᠢᠰᠲ᠋ᠧᠮ᠎ᠲᠠᠢ ᠣᠢ᠌ᠯᠠᠭ᠋ᠠᠭᠰᠠᠨ ᠪᠥᠭᠡᠳ ᠵᠢᠱ᠌ᠢᠶ᠎ᠡ ᠦᠵᠡᠬᠦᠯᠬᠦ ᠬᠦᠷᠢᠶᠡᠯᠡᠡᠭ᠎ᠳᠤ ᠤᠷᠤᠵᠤ ᠰᠠᠭᠤᠬᠰᠨ 6 ᠵᠢᠱ᠌ᠢᠶ᠎ᠡ ᠦᠵᠡᠭᠦᠯᠬᠦ ᠨᠢᠭᠡᠴᠢ᠎ᠲᠠᠢ ᠰᠠᠨᠠᠯ ᠵᠶ᠋ᠠᠨ ᠰᠣᠯᠢᠯᠴᠠᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ ᠾᠧ ᠴᠧᠩ ᠮᠦ᠍ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ᠎ᠳᠤ ᠮᠠᠨ᠎ᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠨᠳᠦᠰᠦᠨ ᠪᠠᠢ᠌ᠳᠠᠯ᠂ ᠨᠢᠳᠤᠨᠤᠨ᠎ᠠᠴᠠ ᠨᠠᠭ᠋ᠠᠰᠢᠬᠢ ᠭᠣᠣᠯᠳᠠᠯᠭ᠎ᠠ᠎ᠲᠠᠢ ᠠᠵᠢᠯ ᠪᠣᠯᠣᠨ ᠳᠠᠷᠠᠭ᠋ᠠᠴᠢ ᠵᠢᠨ ᠠᠯᠬᠤᠮ᠎ᠤᠨ ᠤᠬᠠᠭᠤᠯᠭ᠎ᠠ ᠵᠢᠨ ᠠᠵᠢᠯ᠎ᠤᠨ ᠲᠥᠯᠥᠪᠯᠡᠭᠡ ᠵᠢ ᠲᠠᠨᠢᠯᠴᠠᠭᠤᠯᠤᠭᠰᠠᠨ ᠪᠥᠭᠡᠳ ᠲᠤᠬᠠᠢ᠌ᠯᠠᠭᠰᠠᠨ ᠠᠵᠢᠯ᠎ᠤᠨ ᠶᠠᠷᠢᠯᠴᠠᠬᠤ ᠬᠤᠷᠠᠯ ᠬᠢᠵᠡᠢ᠃
ᠶᠠᠷᠢᠯᠴᠠᠬᠤ ᠬᠤᠷᠠᠯ ᠳᠡᠭᠡᠷ᠎ᠡ᠂ ᠲᠥᠪ ᠷᠠᠳᠢᠣ᠋ ᠵᠢᠨ ᠰᠦᠯᠵᠢᠶ᠎ᠡ ᠵᠢᠨ ᠰᠣᠶᠣᠯ᠎ᠤᠨ ᠵᠠᠭᠤᠴᠢᠯᠠᠭᠤᠷ᠎ᠤᠨ ᠺᠣᠮᠫᠠᠨᠢ ᠵᠢᠨ ᠳᠡᠳ᠋ ᠶᠡᠷᠦᠩᠬᠡᠢ ᠵᠠᠬᠢᠷᠤᠯ ᠰᠢᠶᠠ ᠯᠢᠩ ᠶᠦᠨ᠂ ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢ ᠪᠠᠳᠠᠷᠠᠭᠤᠯᠵᠤ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠵᠢ ᠬᠥᠲᠥᠯᠥᠨ ᠳᠠᠭ᠋ᠠᠭᠤᠯᠤᠭᠰᠠᠨᠢ ᠮᠠᠭᠲᠠᠨ ᠰᠠᠢ᠌ᠰᠢᠶᠠᠵᠤ᠂ ᠰᠣᠨᠢᠨ ᠮᠡᠳᠡᠬᠡᠨ᠎ᠤ ᠤᠬᠠᠭᠤᠯᠭ᠎ᠠ ᠵᠢᠨ ᠠᠵᠢᠯ᠎ᠤᠨ ᠳᠤᠮᠳᠠᠬᠢ ᠬᠢᠯᠠᠰ ᠴᠡᠭ ᠪᠣᠯᠣᠨ ᠲᠤᠷᠰᠢᠯᠭ᠎ᠠ ᠬᠢᠳᠡᠯ᠎ᠢ ᠦᠨᠡᠯᠡᠵᠦ᠂ ᠬᠣᠢ᠌ᠰᠢᠳᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠤᠬᠠᠭᠤᠯᠭ᠎ᠠ ᠵᠢᠨ ᠠᠵᠢᠯ᠎ᠢ ᠰᠠᠢ᠌ᠲᠤᠷ ᠬᠢᠬᠦ᠎ᠳᠤ ᠵᠢᠯᠤᠭᠣᠳᠬᠤ ᠰᠠᠨᠠᠭᠤᠯᠭ᠎ᠠ ᠳᠤᠷᠠᠳᠴᠠᠢ᠃ ᠬᠣᠢ᠌ᠰᠢᠳᠠ ᠵᠢᠨ ᠠᠵᠢᠯ᠎ᠤᠨ ᠳᠤᠮᠳᠠ᠎ᠪᠠᠨ ᠬᠠᠷᠢᠯᠴᠠᠭ᠎ᠠ᠎ᠪᠠᠨ ᠴᠢᠩᠭ᠋ᠠᠳᠬᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ᠎ᠬᠢ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠵᠢ ᠭᠦᠨᠵᠡᠭᠡᠢ ᠠᠭᠤᠳᠠᠯᠵᠤ᠂ ᠪᠣᠢ᠌ᠵᠢᠭᠤᠯᠵᠤ᠂ ᠤᠬᠠᠭᠤᠯᠵᠤ᠂ ᠲᠦᠷᠦᠯ ᠲᠡᠮᠳᠡᠭ᠎ᠢ ᠪᠣᠢ᠌ᠵᠢᠭᠤᠯᠬᠤ ᠠᠵᠢᠯ᠎ᠢ ᠰᠠᠢ᠌ᠲᠤᠷ ᠬᠢᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠬᠠᠮᠳᠤ᠎ᠪᠠᠷ ᠠᠬᠢᠭᠤᠯᠤᠨ᠎ᠠ ᠭᠡᠵᠦ ᠬᠤᠶᠠᠷ ᠲᠠᠯ᠎ᠠ᠎ᠪᠠᠷ ᠵᠶ᠋ᠡᠨ ᠢᠯᠡᠳᠬᠡᠵᠡᠢ᠃