ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠣᠳᠤᠷᠢᠳᠤᠯᠭ᠎ᠠ 2 ᠳ᠋ᠤᠭ᠋ᠠᠷ ᠰᠠᠷ᠎ᠠ ᠵᠢᠨ 23᠎ᠤ ᠡᠳᠦᠷ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠠᠯᠠᠱ᠌ᠠ ᠵᠡᠭᠦᠨ ᠬᠣᠰᠢᠭᠤᠨ᠎ᠤ ᠰᠢᠨ ᠵᠢᠩ ᠨᠡᠭᠦᠷᠡᠰᠦᠨ᠎ᠤ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ ᠵᠠᠳᠠᠭ᠋ᠠᠢ ᠨᠡᠭᠦᠷᠡᠰᠦᠨ᠎ᠤ ᠠᠭᠤᠷᠬᠠᠢ ᠨᠤᠷᠠᠭᠰᠠᠨ ᠡᠨᠳᠡᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢᠨ ᠬᠠᠮᠳᠤ ᠤᠷᠤᠨ᠎ᠤ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠤᠯᠠᠮᠵᠢᠯᠠᠨ ᠰᠤᠷᠤᠯᠴᠠᠵᠤ᠂ ᠪᠥᠬᠥ ᠤᠯᠤᠰ᠎ᠤᠨ ᠬᠣᠶᠠᠷ ᠬᠤᠷᠠᠯ᠎ᠤᠨ ᠬᠤᠭᠤᠴᠠᠭ᠋ᠠᠨ᠎ᠳᠤ᠎ᠬᠢ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠤ ᠠᠶᠤᠯᠬᠦᠢ ᠵᠢᠨ ᠬᠠᠮᠢᠶᠠᠷᠤᠯᠳᠠ ᠵᠢᠨ ᠠᠵᠢᠯ᠎ᠢ ᠪᠠᠢ᠌ᠷᠢᠯᠠᠭᠤᠯᠪᠠ᠃
ᠬᠤᠷᠠᠯ᠎ᠠᠴᠠ ᠴᠢᠬᠤᠯᠠᠴᠢᠯᠠᠬᠰᠠᠨ᠎ᠨᠢ᠂ ᠠᠯᠠᠱ᠌ᠠ ᠵᠡᠭᠦᠨ ᠬᠣᠰᠢᠭᠤᠨ᠎ᠤ ᠰᠢᠨ ᠵᠢᠩ ᠨᠡᠭᠦᠷᠡᠰᠦᠨ᠎ᠤ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ ᠵᠠᠳᠠᠭ᠋ᠠᠢ ᠨᠡᠭᠦᠷᠡᠰᠦᠨ᠎ᠤ ᠠᠭᠤᠷᠬᠠᠢ ᠨᠤᠷᠠᠭᠰᠠᠨ ᠡᠨᠳᠡᠯ᠎ᠨᠢ ᠠᠷᠠᠳ᠎ᠤᠨ ᠶᠠᠪᠤᠳᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠳᠤ ᠰᠡᠷᠡᠮᠵᠢ ᠵᠢᠨ ᠳᠣᠬᠢᠶ᠎ᠠ ᠦᠭᠪᠡ᠃ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ ᠲᠠᠢ᠌ᠪᠤᠰᠢᠷᠠᠬᠤ ᠪᠤᠳᠤᠯ᠎ᠢ ᠡᠷᠡᠰ ᠲᠡᠪᠴᠢᠵᠦ᠂ ᠰᠢ ᠵᠢᠨ ᠫᠢᠡᠭ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ᠎ᠠᠴᠠ ᠪᠠᠭᠤᠯᠭ᠋ᠠᠬᠰᠠᠨ ᠱᠠᠭ᠋ᠠᠷᠳᠠᠯᠭ᠎ᠠ ᠵᠢ ᠡᠷᠡᠰ ᠲᠤᠭᠤᠰᠢᠯᠠᠭᠤᠯᠵᠤ᠂ ᠳᠠᠯᠳᠠ ᠬᠡᠮ᠎ᠢ ᠳᠠᠷᠤᠢ᠌ᠬᠠᠨ ᠪᠠᠢ᠌ᠴᠠᠭ᠋ᠠᠵᠤ ᠶᠡᠬᠡ᠎ᠪᠠᠷ ᠴᠡᠭᠴᠡᠯᠡᠨ ᠵᠠᠰᠠᠬᠤ ᠠᠵᠢᠯ᠎ᠤᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠂ 《ᠴᠠᠭ ᠢᠮᠠᠭᠲᠠ ᠰᠠᠨᠠᠭ᠎ᠠ ᠠᠮᠤᠷ ᠦᠭᠡᠢ ᠪᠠᠢ᠌ᠬᠤ》 ᠬᠠᠷᠢᠭᠤᠴᠠᠯᠭ᠋ᠠᠲᠤ ᠰᠡᠳᠬᠢᠯᠭᠡ᠎ᠪᠠᠷ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ (ᠲᠠᠯᠠᠪᠤᠷ) ᠵᠢᠨ ᠠᠶᠤᠯ ᠲᠦᠭᠰᠢᠭᠦᠷᠢ ᠵᠢᠨ ᠳᠠᠯᠳᠠ ᠭᠡᠮ᠎ᠢ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠨᠠᠷᠢᠨ ᠪᠣᠳᠠᠲᠠᠢ ᠠᠳᠬᠤᠵᠤ᠂ 《ᠠᠶᠤᠯ ᠲᠦᠭᠰᠢᠭᠦᠷᠢ ᠵᠢ ᠣᠯᠵᠤ ᠬᠠᠷᠠᠬᠤ ᠦᠭᠡᠢ᠂ ᠳᠠᠯᠳᠠ ᠬᠡᠮ᠎ᠢ ᠪᠠᠢ᠌ᠴᠠᠭ᠋ᠠᠨ ᠭᠠᠷᠭ᠋ᠠᠵᠤ ᠳᠡᠶ᠋ᠢᠯᠬᠦ ᠦᠭᠡᠢ》 ᠦᠵᠡᠭᠳᠡᠯ᠎ᠢ ᠡᠷᠡᠰ ᠲᠠᠰᠤ ᠬᠣᠷᠢᠭᠯᠠᠵᠤ᠂ ᠵᠢᠭᠰᠠᠭ᠋ᠠᠨ ᠪᠠᠢ᠌ᠴᠠᠭ᠋ᠠᠭ᠋ᠠᠳ ᠢᠯᠡᠷᠡᠭᠦᠯᠦᠭᠰᠡᠨ ᠠᠶᠤᠯ ᠲᠦᠭᠰᠢᠭᠦᠷᠢ ᠵᠢᠨ ᠳᠠᠯᠳᠠ ᠬᠡᠮ᠎ᠢ ᠳᠡᠩᠰᠡᠯᠡᠨ᠂ ᠡᠬᠡ ᠲᠠᠩᠰᠠ ᠪᠠᠢ᠌ᠭᠤᠯᠤᠨ᠂ ᠪᠠᠢ᠌ᠴᠠᠭ᠋ᠠᠬᠤ ᠵᠢᠨ ᠳᠠᠭ᠋ᠠᠤ ᠵᠠᠰᠠᠵᠤ᠂ ᠳᠠᠷᠤᠢ᠌ᠬᠠᠨ ᠪᠠᠢ᠌ᠴᠠᠭ᠋ᠠᠵᠤ ᠳᠠᠷᠤᠢ᠌ᠬᠠᠨ ᠵᠠᠰᠠᠵᠤ᠂ ᠳᠠᠷᠤᠢ᠌ᠬᠠᠨ ᠴᠡᠭᠴᠡᠯᠡᠨ ᠰᠠᠢ᠌ᠵᠢᠷᠠᠭᠤᠯᠵᠤ ᠳᠡᠶ᠋ᠢᠯᠬᠦ ᠦᠭᠡᠢ ᠵᠢ᠎ᠨᠢ ᠴᠡᠭᠴᠡᠯᠡᠨ ᠰᠠᠢ᠌ᠵᠢᠷᠠᠭᠤᠯᠬᠤ ᠲᠥᠰᠥᠯ ᠲᠣᠭᠲᠠᠭ᠋ᠠᠵᠤ᠂ ᠨᠤᠴᠢᠳᠠᠢ ᠣᠨᠴᠠ ᠶᠡᠬᠡ ᠡᠨᠳᠡᠯ ᠡᠭᠦᠰᠬᠦ ᠵᠢ ᠡᠷᠡᠰ ᠰᠡᠷᠭᠡᠢ᠌ᠯᠡᠨ ᠬᠣᠷᠢᠭᠯᠠᠬᠤ ᠬᠡᠷᠡᠭᠲᠡᠢ᠃
ᠬᠤᠷᠠᠯ᠎ᠠᠴᠠ ᠴᠢᠬᠤᠯᠠᠴᠢᠯᠠᠬᠰᠠᠨ᠎ᠨᠢ᠂ ᠪᠦᠬᠦ ᠤᠯᠤᠰ᠎ᠤᠨ ᠬᠣᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠢ᠌ᠨ᠎ᠠ᠂ ᠵᠠᠬᠢᠳᠠᠯ ᠰᠣᠷᠪᠤᠯᠵᠢᠯᠠᠭ᠎ᠠ ᠵᠢᠨ ᠲᠣᠭᠲᠠᠭᠤᠨ᠎ᠢ ᠬᠠᠮᠠᠭ᠋ᠠᠯᠠᠬᠤ ᠠᠵᠢᠯ᠎ᠢ ᠰᠡᠳᠬᠢᠯ ᠲᠠᠯᠪᠢᠨ ᠬᠦᠴᠦ ᠣᠷᠣᠭᠤᠯᠤᠨ ᠰᠠᠢ᠌ᠲᠤᠷ ᠬᠢᠵᠦ᠂ ᠪᠦᠬᠦ ᠤᠯᠤᠰ᠎ᠤᠨ ᠬᠣᠶᠠᠷ ᠬᠤᠷᠠᠯ᠎ᠤᠨ ᠠᠮᠵᠢᠯᠲᠠ᠎ᠲᠠᠢ ᠬᠤᠷᠠᠯᠳᠤᠬᠤ᠎ᠳᠤ ᠠᠮᠤᠷ ᠲᠣᠭᠲᠠᠭᠤᠨ ᠨᠡᠢ᠌ᠭᠡᠮ᠎ᠤᠨ ᠣᠷᠴᠢᠨ ᠲᠣᠭᠣᠷᠢᠨ᠎ᠢ ᠪᠤᠢ ᠪᠤᠯᠭ᠋ᠠᠬᠤ ᠬᠡᠷᠡᠭᠲᠡᠢ᠃
ᠬᠤᠷᠠᠯ᠎ᠠᠴᠠ ᠱᠠᠭ᠋ᠠᠷᠳᠠᠭᠰᠠᠨ᠎ᠨᠢ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ ᠨᠥᠬᠥᠳ ᠨᠢᠭᠡᠳᠦᠭᠡᠷ ᠬᠠᠷᠢᠭᠤᠴᠠᠯᠭ᠎ᠠ᠂ ᠰᠢᠭᠤᠳ ᠬᠠᠷᠢᠭᠤᠴᠠᠯᠭ᠎ᠠ᠂ ᠪᠣᠳᠠᠲᠠᠢ ᠬᠠᠷᠢᠭᠤᠴᠠᠯᠭ᠎ᠠ᠎ᠪᠠᠨ ᠰᠠᠢ᠌ᠲᠤᠷ ᠭᠦᠢ᠍ᠴᠡᠳᠬᠡᠵᠦ᠂ ᠡᠮᠦᠨ᠎ᠡ ᠹᠷᠣᠨᠲ᠎ᠲᠤ ᠭᠦᠨᠵᠡᠭᠡᠢ᠌ᠷᠡᠨ ᠵᠢᠯᠤᠭᠣᠳᠴᠤ᠂ ᠦᠨᠡᠨ ᠬᠦ᠌ ᠠᠳᠬᠤᠨ ᠦᠨᠡᠨ ᠬᠦ᠌ ᠬᠠᠮᠢᠶᠠᠷᠴᠤ ᠦᠨᠡᠨ ᠬᠦ᠌ ᠴᠢᠩᠭ᠎ᠠ ᠪᠣᠳᠠᠲᠠᠢ᠌ᠵᠢᠭᠤᠯᠬᠤ ᠬᠡᠷᠡᠭᠲᠡᠢ᠃ 《ᠳᠥᠷᠪᠡᠨ ᠦᠭᠡᠢ᠂ ᠬᠣᠶᠠᠷ ᠰᠢᠭᠤᠳ》 ᠠᠷᠭ᠎ᠠ᠎ᠪᠠᠷ ᠢᠯᠡ᠎ᠪᠠᠷ ᠪᠠᠢ᠌ᠴᠠᠭ᠋ᠠᠵᠤ ᠳᠠᠯᠳᠠᠭᠤᠷ ᠰᠤᠷᠪᠤᠯᠵᠢᠯᠠᠬᠤ᠂ ᠲᠤᠰᠬᠠᠢ ᠮᠡᠷᠭᠡᠵᠢᠯᠲᠡᠨ ᠵᠢᠭ᠋ᠠᠨ ᠵᠢᠯᠤᠭᠣᠳᠴᠤ ᠦᠢ᠍ᠯᠡᠴᠢᠯᠡᠬᠦ᠂ ᠵᠠᠷᠯᠠᠨ ᠮᠡᠳᠡᠭᠳᠡᠵᠦ ᠢᠯᠡᠴᠢᠯᠡᠬᠦ ᠵᠡᠷᠭᠡ ᠠᠷᠭ᠎ᠠ ᠵᠢ ᠭᠦᠢ᠍ᠴᠡᠳ ᠬᠡᠷᠡᠭᠯᠡᠨ᠂ ᠠᠮᠤᠷ ᠲᠦᠪᠰᠢᠨ᠎ᠤ ᠲᠦᠭᠰᠢᠭᠦᠷᠢ ᠵᠢᠨ ᠳᠠᠯᠳᠠ ᠬᠡᠮ ᠨᠡᠯᠢᠶᠡᠳ ᠲᠣᠪᠣᠢ᠌ᠮ᠎ᠠ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ (ᠲᠠᠯᠠᠪᠤᠷ)᠎ᠳᠤ ᠳᠠᠬᠢᠨ ᠬᠢᠨᠠᠨ ᠵᠢᠯᠤᠭᠣᠳᠴᠤ᠂ ᠳᠠᠬᠢᠨ ᠪᠠᠢ᠌ᠴᠠᠭ᠋ᠠᠵᠤ᠂ ᠬᠠᠮᠢᠶᠠᠷᠤᠯᠲᠠ᠎ᠠᠴᠠ ᠭᠤᠭᠤᠵᠢᠬᠳᠠᠭᠤᠯᠬᠤ᠎ᠠᠴᠠ ᠴᠢᠩᠭ᠎ᠠ ᠰᠡᠷᠭᠡᠢ᠌ᠯᠡᠨ᠂ ᠡᠯ᠎ᠡ ᠵᠦᠢ᠍ᠯ᠎ᠤᠨ ᠠᠵᠢᠯ᠎ᠤᠨ ᠬᠠᠷᠢᠭᠤᠴᠠᠯᠭ᠎ᠠ ᠵᠢᠨ ᠠᠷᠭ᠎ᠠ ᠵᠢ ᠪᠣᠳᠠᠲᠠᠢ᠌ᠵᠢᠭᠤᠯᠬᠤ ᠵᠢ ᠠᠬᠢᠭᠤᠯᠬᠤ ᠬᠡᠷᠡᠭᠲᠡᠢ᠃