ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ᠎ᠬᠢᠨ᠎ᠲᠠᠢ ᠬᠠᠮᠲᠤᠷᠠᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠤᠨ ᠨᠡᠮᠡᠷᠢᠯᠡᠬᠦ ᠲᠤᠬᠠᠢ ᠰᠠᠭᠤᠳᠠᠯ᠎ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2023-02-27

     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠣᠪᠴᠢᠶᠠᠨ᠎ᠤ ᠳᠡᠳ᠋ ᠳᠠᠷᠤᠭ᠎ᠠ ᠬᠠᠢ ᠱᠠᠨ ᠵᠡᠷᠭᠡ 4 ᠬᠥᠮᠥᠨ 2 ᠳ᠋ᠤᠭ᠋ᠠᠷ ᠰᠠᠷ᠎ᠠ ᠵᠢᠨ 24᠎ᠤ ᠡᠳᠦᠷ ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ ᠪᠠ ᠦᠢ᠍ᠯᠡᠴᠢᠯᠡᠭᠡ ᠬᠠᠮᠢᠶᠠᠷᠤᠯᠲᠠ ᠵᠢᠨ ᠵᠢᠱ᠌ᠢᠶ᠎ᠡ ᠦᠵᠡᠭᠦᠯᠬᠦ ᠬᠦᠷᠢᠶᠡᠯᠡᠩ᠎ᠳᠤ ᠭᠦᠨᠵᠡᠭᠡᠢ᠌ᠷᠡᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠠᠵᠢᠯ᠎ᠢ ᠪᠠᠢ᠌ᠴᠠᠭ᠋ᠠᠨ ᠰᠤᠳᠤᠯᠤᠬᠰᠠᠨ ᠪᠥᠭᠡᠳ ᠲᠤᠰᠬᠠᠢ ᠰᠡᠳᠦᠪᠲᠦ ᠬᠤᠷᠠᠯ᠎ᠢ ᠬᠤᠷᠠᠯᠳᠤᠭᠤᠯᠪᠠ᠃ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠬᠥᠩ ᠸᠧᠢ ᠴᠦᠨ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃
     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠣᠪᠴᠢᠶᠠᠨ᠎ᠤ ᠲᠡᠳ᠋ ᠳᠠᠷᠤᠭ᠎ᠠ ᠬᠠᠢ ᠱᠠᠨ ᠨᠠᠷ ᠬᠤᠷᠠᠯ᠎ᠠᠴᠠ ᠡᠮᠦᠨ᠎ᠡ  ᠵᠢᠱ᠌ᠢᠶ᠎ᠡ ᠦᠵᠡᠭᠦᠯᠬᠦ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢ ᠲᠣᠭᠣᠷᠢᠨ ᠦᠵᠡᠵᠦ᠂ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠠᠪᠴᠠᠩ》᠎ᠤᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠢ ᠭᠣᠣᠯᠳᠠᠯᠭ᠎ᠠ᠎ᠲᠠᠢ ᠣᠢ᠌ᠯᠠᠭ᠋ᠠᠵᠤ᠂ ᠠᠵᠤ ᠦᠢ᠍ᠯᠡᠰ ᠵᠶ᠋ᠡᠷ ᠲᠡᠳᠬᠦᠬᠦ᠂ ᠰᠣᠶᠣᠯ ᠵᠶ᠋ᠠᠷ ᠲᠡᠳᠬᠦᠬᠦ᠂ ᠴᠢᠳᠠᠪᠤᠷᠢᠲᠠᠨ ᠵᠶ᠋ᠠᠷ  ᠲᠡᠳᠬᠦᠬᠦ᠂ ᠠᠮᠢ ᠠᠬᠤᠢ᠎ᠪᠠᠷ ᠲᠡᠳᠬᠦᠬᠦ᠂ ᠵᠣᠬᠢᠶᠠᠨ ᠪᠠᠢ᠌ᠭᠤᠯᠤᠯᠲᠠ᠎ᠪᠠᠷ ᠲᠡᠳᠬᠦᠬᠦ᠂ ᠬᠡᠷᠡᠭᠯᠡᠭᠡ᠎ᠪᠠᠷ ᠲᠡᠳᠬᠦᠬᠦ᠂ ᠨᠢᠭᠦᠯᠡᠰᠦᠩᠭᠦᠢ᠎ᠪᠠᠷ ᠲᠡᠳᠬᠦᠬᠦ ᠵᠡᠷᠭᠡ 7 ᠲᠠᠯ᠎ᠠ᠎ᠠᠴᠠ ᠰᠦᠯᠵᠢᠶᠡᠨ᠎ᠤ ᠬᠥᠳᠡᠯᠦᠩᠭᠦᠢ ᠠᠵᠢᠯᠯᠠᠭ᠋ᠠᠨ᠎ᠤ ᠲᠣᠭ᠎ᠠ ᠪᠠᠷᠢᠮᠲᠠ ᠵᠢ ᠲᠤᠬᠠᠢ ᠵᠢᠨ ᠭᠠᠵᠠᠷ᠎ᠲᠤ᠎ᠨᠢ ᠦᠵᠡᠭᠰᠡᠨ ᠪᠥᠭᠡᠳ ᠬᠠᠮᠲᠤ᠎ᠪᠠᠷ ᠡᠳ᠋ᠯᠡᠬᠦ ᠲᠠᠪᠴᠠᠩ᠎ᠤᠨ 《ᠬᠡᠷᠡᠭᠴᠡᠭᠡ ᠱᠠᠭ᠋ᠠᠷᠳᠠᠯᠭ᠎ᠠ ᠵᠢᠨ ᠮᠡᠳᠡᠭᠡ ᠵᠠᠩᠭᠢ᠂ ᠲᠡᠳᠬᠦᠬᠦ ᠬᠦᠰᠡᠯ ᠡᠷᠡᠮᠡᠯᠵᠡᠯ᠂ ᠭᠡᠷ᠎ᠡ ᠲᠣᠭᠲᠠᠬᠤ ᠲᠥᠷᠥᠯ ᠵᠦᠢ᠍ᠯ》 ᠵᠡᠷᠭᠡ ᠭᠤᠷᠪᠠᠨ ᠬᠥᠮᠥᠷᠭᠡ ᠵᠢᠨ ᠰᠢᠰᠲ᠋ᠧᠮ ᠵᠶ᠋ᠡᠷ ᠵᠶ᠋ᠡᠨ ᠬᠣᠯᠪᠣᠭᠰᠠᠨ ᠪᠠᠢ᠌ᠳᠠᠯ᠎ᠢ ᠰᠢᠰᠲ᠋ᠧᠮ᠎ᠲᠠᠢ᠎ᠪᠠᠷ ᠡᠵᠡᠮᠰᠢᠪᠡ᠃ ᠳᠠᠷᠠᠭ᠎ᠠ᠎ᠨᠢ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠦᠢ᠍ᠯᠡᠰ᠎ᠤᠨ ᠨᠡᠢ᠌ᠭᠡᠮᠯᠢᠭ᠂ ᠪᠠᠩᠬᠢ ᠵᠢᠨ ᠦᠢ᠍ᠯᠡᠰ᠎ᠤᠨ ᠨᠡᠢ᠌ᠭᠡᠮᠯᠢᠭ ᠪᠣᠯᠣᠨ ᠴᠠᠬᠢᠯᠭ᠋ᠠᠨ ᠬᠦᠴᠦᠨ᠎ᠤ ᠠᠵᠢᠯ ᠲᠦᠷᠦᠯ᠎ᠤᠨ᠎ᠬᠢᠨ᠎ᠤ ᠨᠡᠢ᠌ᠭᠡᠮᠯᠢᠭ ᠵᠡᠷᠭᠡ 8 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠥᠯᠥᠭᠡᠯᠡᠭᠴᠢ ᠲᠠᠢ᠍ᠢ᠍ᠴᠢᠯᠠᠨ ᠰᠠᠨᠠᠭ᠋ᠠᠴᠢᠯᠠᠬᠤ᠂ ᠲᠠᠪᠴᠠᠩ ᠪᠠᠶ᠋ᠢᠭᠤᠯᠬᠤ᠂ ᠥᠪᠡᠷ ᠵᠶ᠋ᠡᠨ ᠲᠦᠷᠦᠭᠦᠯᠡᠬᠦ᠂ ᠲᠦᠷᠦᠯ ᠵᠦᠢ᠍ᠯ᠎ᠢ ᠲᠥᠰᠥᠪᠯᠡᠬᠦ᠂ ᠡᠬᠢ ᠪᠠᠶᠠᠯᠢᠭ᠎ᠢ ᠣᠷᠣᠭᠤᠯᠤᠨ ᠠᠪᠴᠢᠷᠠᠬᠤ ᠵᠡᠷᠭᠡ ᠤᠯᠠᠨ ᠲᠠᠯ᠎ᠠ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠣᠷᠤᠯᠴᠠᠬᠤ ᠲᠠᠯ᠎ᠠ᠎ᠪᠠᠷ ᠥᠪᠡᠷ ᠥᠪᠡᠷ᠎ᠤᠨ ᠲᠤᠷᠰᠢᠯᠭ᠎ᠠ ᠬᠢᠳᠡᠯ ᠵᠶ᠋ᠡᠨ ᠶᠠᠷᠢᠪᠠ᠃ ᠬᠠᠷᠢᠭᠤ ᠮᠡᠳᠡᠭᠦᠯᠦᠯᠲᠡ ᠵᠢ ᠪᠦᠬᠦ ᠲᠠᠯ᠎ᠠ᠎ᠪᠠᠷ ᠰᠣᠨᠣᠰᠤᠭᠰᠠᠨ᠎ᠤ ᠳᠠᠷᠠᠭ᠎ᠠ ᠬᠠᠢ᠍ᠢ᠍ᠱ᠌ᠠᠨ ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠴᠢᠳᠠᠪᠤᠷᠢᠲᠠᠨ ᠬᠤᠷᠠᠨ ᠴᠤᠭᠯᠠᠷᠠᠵᠤ᠂ ᠡᠬᠢ ᠪᠠᠶᠠᠯᠢᠭ ᠥᠷᠭᠡᠨ ᠳᠡᠯᠭᠡᠷ ᠪᠠᠢ᠌ᠵᠤ᠂ ᠤᠷᠴᠢᠮ᠎ᠤᠨ ᠬᠡᠳᠦᠨ ᠵᠢᠯ᠎ᠳᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠵᠡᠢ ᠭᠡᠵᠦ ᠦᠨᠡᠯᠡᠭᠰᠡᠨ᠎ᠤ ᠬᠠᠮᠳᠤ ᠲ᠋ᠠᠷᠠᠭ᠋ᠠᠴᠢ᠎ᠪᠠᠷ ᠡᠯ᠎ᠡ ᠱᠠᠲᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠨᠡᠶ᠋ᠢᠲᠡ ᠵᠢᠨ ᠠᠰᠠᠷᠠᠮᠵᠢ ᠵᠢᠨ ᠴᠢᠨᠠᠷ ᠵᠶ᠋ᠠᠨ ᠦᠷᠭᠦᠯᠵᠢᠯᠡᠨ ᠪᠠᠳᠠᠷᠠᠭᠤᠯᠵᠤ᠂ ᠭᠠᠵᠠᠷ ᠣᠷᠣᠨ᠎ᠤ ᠪᠠᠢ᠌ᠳᠠᠯ᠎ᠳᠤ᠎ᠪᠠᠨ ᠲᠣᠬᠢᠷᠠᠭᠤᠯᠤᠨ ᠲᠡᠳᠬᠦᠬᠦ ᠠᠷᠭ᠎ᠠ ᠬᠡᠮᠵᠢᠶ᠎ᠡ ᠲᠣᠭᠲᠠᠭ᠋ᠠᠵᠤ᠂ ᠮᠡᠳᠡᠭᠡ ᠵᠠᠩᠭᠢ ᠵᠢᠨ ᠨᠡᠪᠲᠡᠷᠡᠯᠴᠡᠭᠡ ᠬᠠᠷᠢᠯᠴᠠᠭ᠎ᠠ᠎ᠪᠠᠨ ᠴᠢᠩᠭ᠋ᠠᠳᠬᠠᠨ᠂ ᠭᠠᠷ ᠭᠠᠷ ᠵᠶ᠋ᠡᠨ ᠬᠤᠯᠪᠤᠯᠴᠠᠨ ᠦᠨᠡᠨ ᠪᠣᠳᠠᠲᠠᠢ ᠦᠷ᠎ᠡ ᠪᠦᠲᠦᠭᠡᠯ ᠣᠯᠬᠤ ᠵᠢ ᠬᠦᠰᠡᠵᠦ ᠪᠠᠢ᠌ᠨ᠎ᠠ ᠭᠡᠵᠡᠢ᠃

W020230224636129596386.jpg



     ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠬᠦᠡᠭ ᠸᠸᠢ ᠴᠦᠨ ᠵᠢᠭ᠋ᠠᠬᠰᠠᠨ ᠎ᠨᠢ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠢ᠌ᠭᠤᠯᠤᠯᠲᠠ᠎ᠳᠤ ᠣᠷᠤᠯᠴᠠᠬᠤ᠎ᠳᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠰᠠᠭ᠋ᠠᠲᠠᠵᠤ ᠪᠣᠯᠬᠤ ᠦᠭᠡᠢ᠃ ᠡᠯ᠎ᠡ ᠱᠠᠲᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠨᠢ ᠨᠠᠮ᠎ᠤᠨ ᠪᠠᠢ᠌ᠭᠤᠯᠤᠯᠲᠠ᠎ᠪᠠᠷ ᠵᠢᠯᠣᠭᠣᠳᠤᠮᠵᠢ ᠪᠣᠯᠭ᠋ᠠᠵᠤ᠂ ᠲᠦᠷᠦ ᠵᠢᠨ ᠪᠣᠳᠣᠯᠭ᠎ᠠ᠎ᠪᠠᠷ ᠲᠤᠯᠭ᠋ᠠᠭᠤᠷᠢᠯᠠᠯ ᠪᠣᠯᠭ᠋ᠠᠵᠤ᠂ ᠭᠠᠵᠠᠷ ᠣᠷᠣᠨ᠎ᠤ ᠪᠣᠳᠠᠲᠤ ᠪᠠᠢ᠌ᠳᠠᠯ᠎ᠠᠴᠠ ᠪᠣᠳᠣᠯᠬᠢᠯᠠᠨ᠂ ᠰᠢᠨ᠎ᠡ ᠠᠷᠭ᠎ᠠ ᠬᠠᠢ᠌ᠵᠤ᠂ ᠬᠠᠮᠵᠢᠯᠴᠠᠨ ᠬᠠᠮᠲᠤᠷᠠᠯᠴᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠣᠷᠤᠯᠴᠠᠬᠤ᠂ ᠬᠠᠮᠳᠤ᠎ᠪᠠᠷ ᠴᠢᠨᠡᠭᠡᠯᠢᠭᠵᠢᠬᠦ ᠵᠢ ᠠᠬᠢᠭᠤᠯᠬᠤ ᠵᠠᠮ ᠳᠡᠭᠡᠷ᠎ᠡ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠰᠢᠨ᠎ᠡ ᠬᠠᠭᠤᠳᠠᠰᠤ ᠵᠢ ᠦᠷᠭᠦᠯᠵᠢᠯᠡᠨ ᠪᠢᠴᠢᠭᠯᠡᠬᠦ ᠬᠡᠷᠡᠭᠲᠡᠢ᠃

W020230224636129625386.jpg



      ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠤᠨ ᠵᠢᠯ ᠪᠦᠬᠦ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠮᠡᠳᠡᠭᠡ ᠵᠠᠩᠭᠢ᠂ ᠴᠢᠳᠠᠪᠤᠷᠢᠲᠠᠨ ᠪᠠ ᠡᠬᠢ ᠪᠠᠶᠠᠯᠢᠭ᠎ᠤᠨ ᠳᠠᠪᠠᠭᠤᠯᠢᠭ ᠵᠶ᠋ᠠᠨ ᠪᠠᠳᠠᠷᠠᠭᠤᠯᠬᠤ ᠵᠢᠨ ᠬᠠᠮᠳᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠷᠬᠦᠯᠵᠢᠯᠡᠨ ᠥᠷᠭᠡᠨ ᠵᠶ᠋ᠡᠷ ᠣᠷᠣᠯᠴᠠᠵᠤ᠂ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠳᠡᠮᠵᠢᠬᠦ ᠦᠢ᠍ᠯᠡᠴᠢᠯᠡᠭᠡᠨ᠎ᠤ ᠲᠠᠪᠴᠠᠩ》᠎ᠢ ᠨᠡᠭᠡᠭᠡᠨ ᠬᠥᠭᠵᠢᠭᠦᠯᠵᠦ᠂ 《ᠮᠢᠩᠭ᠋ᠠᠨ 〈ᠨᠡᠢ᠌ᠬᠡᠮ〉᠎ᠢ ᠴᠤᠭᠯᠠᠷᠠᠭᠤᠯᠵᠤ᠂ ᠵᠠᠭᠤᠨ ᠲᠣᠰᠬᠣᠨ᠎ᠢ ᠮᠠᠨᠳᠤᠭᠤᠯᠬᠤ》 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠳᠡᠮᠵᠢᠬᠦ ᠠᠵᠢᠯᠯᠠᠭ᠎ᠠ ᠵᠢ ᠡᠬᠢᠯᠡᠭᠦᠯᠵᠦ᠂ 800 ᠭᠠᠷᠤᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ᠎ᠳᠤ ᠣᠷᠣᠯᠴᠠᠵᠤ᠂ ᠶᠠᠳᠠᠭᠤ ᠵᠢ ᠲᠡᠳᠬᠦᠬᠦ ᠪᠡᠯᠡ ᠮᠥᠩᠭᠥ 11.08 ᠳ᠋ᠦᠩᠰᠢᠭᠤᠷ ᠲᠥᠭᠥᠷᠢᠭ ᠴᠤᠭᠯᠠᠭᠤᠯᠵᠤ᠂ 270 ᠭᠠᠷᠤᠢ ᠲᠦᠷᠦᠯ ᠵᠦᠢ᠍ᠯ᠎ᠢ ᠪᠡᠶᠡᠯᠡᠭᠦᠯᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠠᠢ᠌ᠨ ᠰᠠᠢ᠌ᠬᠠᠨ ᠳᠦᠷᠢ ᠲᠥᠷᠬᠦ ᠪᠠ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠪᠡ᠃ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠮᠣᠩᠭᠣᠯ ᠬᠠᠳᠬᠤᠮᠠᠯ᠎ᠤᠨ ᠨᠡᠢ᠌ᠭᠡᠮᠯᠢᠭ᠎ᠤᠨ ᠳᠠᠷᠤᠭ᠎ᠠ ᠪᠠᠢ ᠵᠢᠩ ᠶᠢᠩ 《ᠪᠥᠬᠥ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠵᠢᠨ ᠥᠯᠢᠭᠡᠷ ᠳᠠᠭᠤᠷᠢᠶᠠᠯ》 ᠵᠶ᠋ᠡᠷ ᠰᠠᠢ᠌ᠰᠢᠶᠠᠭᠳᠠᠵᠤ᠂ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠶ᠋ᠢᠯᠡᠰᠵᠢᠯᠲᠡ ᠵᠢᠨ ᠲᠣᠯᠣᠭ᠋ᠠᠢ᠌ᠯᠠᠭᠴᠢ ᠠᠵᠤ ᠠᠬᠤᠢ᠌ᠯᠠᠯ᠎ᠤᠨ ᠨᠡᠢ᠌ᠭᠡᠮᠯᠢᠭ ᠵᠡᠷᠭᠡ 5 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠨᠢ ᠣᠷᠣᠨ᠎ᠤ 《ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠵᠢᠨ ᠲᠡᠷᠢᠭᠦᠨ᠎ᠤ ᠬᠠᠮᠲᠤ》᠎ᠪᠠᠷ ᠰᠠᠢ᠌ᠰᠢᠶᠠᠭᠳᠠᠪᠠ᠃




 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠵᠠᠰᠠᠭ᠎ᠤᠨ ᠣᠷᠳᠣᠨ ᠬᠤᠳᠠᠯᠳᠤᠨ ᠠᠪᠴᠤ ᠦᠭᠭᠦ ᠠᠵᠢᠯ᠎ᠢ ᠯᠠᠪᠳᠠᠭᠤᠨ ᠬᠢᠵᠦ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠬᠦᠯᠬᠦ᠎ᠳᠤ ᠦᠢ᠍ᠯᠡᠴᠢᠯᠡᠵᠤ ᠪᠠᠢ᠌ᠨ᠎ᠠ
ᠲᠦᠯᠦᠪᠵᠢᠬᠦᠯᠬᠡ ᠡᠳ᠋᠎ᠤᠨ ᠶᠠᠪᠤᠳᠠᠯ᠎ᠤᠨ ᠭᠠᠵᠠᠷ᠎ᠤᠨ᠎ᠬᠢᠨ ᠲᠥᠰᠥᠪ᠎ᠢ ᠭᠦᠢ᠍ᠴᠡᠳᠬᠡᠬᠦ ᠠᠬᠢᠴᠠ᠎ᠪᠠᠨ ᠭᠤᠷᠪᠠᠨ ᠠᠷᠭ᠎ᠠ᠎ᠪᠠᠷ ᠠᠬᠢᠭᠤᠯᠵᠤ ᠪᠠᠢ᠌ᠨ᠎ᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠪᠥᠬᠥ ᠤᠯᠤᠰ᠎ᠤᠨ ᠬᠣᠶᠠᠷ ᠬᠤᠷᠠᠯ᠎ᠤᠨ ᠬᠤᠭᠤᠴᠠᠭ᠋ᠠᠨ᠎ᠳᠤ ᠠᠶᠤᠯᠬᠦᠢ ᠵᠢᠨ ᠬᠠᠮᠢᠶᠠᠷᠤᠯᠳᠠ ᠵᠢᠨ ᠠᠵᠢᠯ᠎ᠢ ᠪᠠᠢ᠌ᠷᠢᠯᠠᠭᠤᠯᠪᠠ
ᠥᠪᠥᠷ ᠮᠣᠩᠭᠣᠯ᠎ᠤᠨ ᠦᠪᠡᠷᠳᠡᠬᠡᠨ ᠵᠠᠰᠠᠬᠤ ᠤᠷᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ ᠨᠠᠮ᠎ᠤᠨ ᠡᠭᠦᠷ ᠥᠪᠥᠷ ᠮᠣᠩᠭᠣᠯ᠎ᠳᠤ᠎ᠬᠢ ᠵᠧᠵᠢᠶᠠᠩ᠎ᠤᠨ ᠬᠤᠳᠠᠯᠳᠤᠭ᠋ᠠᠴᠢᠳ᠎ᠤᠨ ᠡᠪᠯᠡᠯ᠎ᠤᠨ᠎ᠬᠢᠨ᠎ᠲᠠᠢ 《ᠵᠧᠵᠢᠶᠠᠩ᠎ᠤᠨ ᠬᠤᠳᠠᠯᠳᠤᠭ᠋ᠠᠴᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠎ᠳᠤ ᠬᠦᠴᠦᠨ ᠨᠡᠮᠡᠷᠢᠯᠡᠬᠦ》 ᠲᠤᠬᠠᠢ ᠰᠣᠳᠤᠯᠤᠨ ᠶᠠᠷᠢᠯᠴᠠᠬᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠲᠥᠪ᠎ᠤᠨ ᠨᠠᠮ᠎ᠤᠨ ᠡᠭᠦᠷ᠎ᠤᠨ᠎ᠬᠢᠨ 2022 ᠣᠨ᠎ᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠬᠤᠷᠠᠯᠳᠤᠭᠤᠯᠵᠤ ᠨᠠᠮ᠎ᠤᠨ ᠭᠡᠰᠢᠭᠦᠨ᠎ᠢ ᠠᠷᠠᠳᠴᠢᠯᠠᠯ ᠵᠶ᠋ᠠᠷ ᠦᠨᠡᠯᠡᠬᠦ ᠠᠵᠢᠯ᠎ᠢ ᠥᠷᠨᠢᠭᠦᠯᠪᠡ
 
            