ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠦᠢ᠍ᠯᠡᠴᠢᠯᠡᠭᠡᠨ᠎ᠤ ᠠᠷᠭ᠎ᠠ᠎ᠪᠠᠨ ᠰᠢᠯᠢᠳᠡᠭᠵᠢᠭᠦᠯᠵᠦ ᠬᠢᠵᠢᠭ᠎ᠤᠨ ᠬᠤᠭᠤᠴᠠᠭ᠋ᠠᠨ᠎ᠳᠤ᠎ᠬᠢ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠵᠢᠨ ᠡᠯ᠎ᠡ ᠠᠵᠢᠯ᠎ᠢ ᠪᠤᠳᠠᠳᠠᠢ᠎ᠳᠤ ᠨᠠᠢ᠌ᠳᠠᠪᠤᠷᠢᠵᠢᠭᠤᠯᠵᠤ ᠪᠠᠢ᠌ᠨ᠎ᠠ
ᠨᠡᠶᠢᠲᠡᠯᠡᠭᠰᠡᠨ ᠴᠠᠭ᠄ 2022-11-10

     ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ 《ᠲᠦᠷᠦ ᠭᠦᠷᠦᠨ ᠪᠣᠯ ᠠᠷᠠᠳ ᠲᠦᠮᠡᠨ ᠮᠥᠨ᠂ ᠠᠷᠠᠳ ᠲᠦᠮᠡᠨ ᠪᠣᠯ ᠲᠦᠷᠦ ᠭᠦᠷᠦᠨ ᠮᠥᠨ᠃ ᠪᠢᠳᠡ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠤ ᠦᠨᠳᠦᠰᠦᠨ ᠠᠰᠢᠭ ᠲᠤᠰᠠ ᠵᠢ ᠰᠠᠢ᠌ᠲᠤᠷ ᠪᠡᠶᠡᠯᠡᠭᠦᠯᠵᠦ᠂ ᠰᠠᠢ᠌ᠲᠤᠷ ᠬᠠᠮᠠᠭ᠋ᠠᠯᠠᠵᠤ᠂ ᠰᠠᠢ᠌ᠲᠤᠷ ᠬᠥᠭᠵᠢᠭᠦᠯᠵᠦ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ ᠨᠡᠩ ᠤᠯᠠᠨ ᠠᠷᠭ᠎ᠠ᠎ᠪᠠᠷ ᠠᠷᠠᠳ ᠤᠯᠠᠨ᠎ᠤ  ᠪᠠᠴᠢᠮᠳᠠᠯ ᠬᠦᠴᠢᠷᠳᠡᠯ ᠵᠤᠪᠠᠨᠢᠯ᠎ᠢ ᠰᠠᠢ᠌ᠲᠤᠷ ᠰᠢᠢ᠍ᠳᠪᠦᠷᠢᠯᠡᠬᠦ ᠬᠡᠷᠡᠭᠲᠡᠢ》 ᠭᠡᠵᠤ ᠲᠤᠷᠠᠳᠤᠬᠰᠠᠨ ᠪᠢᠯᠨ᠃ ᠣᠳᠣᠬᠠᠨ᠎ᠤ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠬᠢᠵᠢᠭ᠎ᠤᠨ ᠪᠠᠢ᠌ᠳᠠᠯ᠎ᠤᠨ ᠡᠮᠦᠨ᠎ᠡ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠬᠦᠴᠢᠷᠳᠡᠯᠲᠡᠢ ᠣᠯᠠᠨ ᠲᠦᠮᠡᠨ᠂ ᠣᠨᠴᠠᠭ᠋ᠠᠶ ᠬᠦᠴᠢᠷᠳᠡᠯᠲᠡᠢ ᠨᠠᠰᠤᠲᠠᠢ᠌ᠴᠤᠳ᠂ ᠨᠢᠭᠦᠯᠡᠰᠦᠩᠭᠦᠢ ᠵᠢᠨ ᠡᠮ᠎ᠤᠨ ᠵᠦᠢ᠍ᠯ᠎ᠤᠨ ᠲᠤᠰᠠᠯᠠᠮᠵᠢ ᠵᠢ ᠬᠦᠷᠳᠡᠵᠤ ᠪᠠᠢ᠌ᠭ᠎ᠠ ᠡᠪᠡᠳᠴᠢᠲᠡᠨ ᠵᠡᠷᠭᠡ  ᠦᠢ᠍ᠯᠡᠴᠢᠯᠡᠬᠡ ᠬᠦᠷᠳᠡᠭᠰᠡᠳ᠎ᠤᠨ ᠪᠣᠳᠠᠲᠠᠢ ᠬᠦᠴᠢᠷᠳᠡᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠪᠥᠬᠥ ᠲᠠᠯ᠎ᠠ᠎ᠪᠠᠷ ᠡᠮᠬᠢᠯᠡᠨ ᠵᠢᠭᠰᠠᠭ᠋ᠠᠨ ᠪᠠᠢ᠌ᠴᠠᠭ᠋ᠠᠵᠤ᠂ ᠪᠠᠢ᠌ᠳᠠᠯ᠎ᠢ ᠴᠠᠭ ᠲᠤᠬᠠᠢ ᠎ᠳᠤ᠎ᠨᠢ ᠣᠢ᠌ᠯᠠᠭ᠋ᠠᠨ᠂ ᠦᠢ᠍ᠯᠡᠴᠢᠯᠡᠭᠡᠨ᠎ᠤ ᠠᠷᠭ᠎ᠠ᠎ᠪᠠᠷ ᠰᠢᠯᠢᠳᠡᠭᠵᠢᠭᠦᠯᠵᠦ᠂ ᠬᠠᠯᠠᠮᠵᠢᠯᠠᠨ ᠲᠤᠰᠠᠯᠠᠬᠤ ᠠᠵᠢᠯ ᠵᠶ᠋ᠡᠨ ᠴᠢᠩᠭ᠋ᠠᠳᠬᠠᠨ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ ᠬᠢᠵᠢᠭ᠎ᠤᠨ ᠪᠠᠢ᠌ᠳᠠᠯ᠎ᠳᠤ ᠨᠥᠯᠥᠭᠡᠯᠡᠭᠳᠡᠬᠦ ᠦᠭᠡᠢ ᠪᠠᠢ᠌ᠬᠤ ᠵᠢ ᠦᠨᠡᠨ ᠬᠦ᠌ ᠪᠠᠲᠤᠯᠠᠵᠤ᠂  ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠵᠢᠨ ᠬᠢᠵᠠᠭ᠋ᠠᠷ ᠱᠤᠭᠤᠮ᠎ᠢ ᠦᠨᠡᠨ ᠬᠦ᠌ ᠪᠠᠲᠤ ᠰᠠᠬᠢᠵᠤ ᠪᠠᠢ᠌ᠨ᠎ᠠ᠃

     ᠨᠢᠭᠡ᠂ ᠡᠯ᠎ᠡ ᠲᠥᠷᠥᠯ᠎ᠤᠨ ᠦᠢ᠍ᠯᠡᠴᠢᠯᠡᠬᠡ ᠬᠦᠷᠳᠡᠭᠰᠡᠳ᠎ᠢ ᠪᠥᠬᠥ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ᠂ ᠣᠷᠬᠢᠭᠳᠠᠭᠤᠯᠬᠤ ᠦᠭᠡᠢ ᠪᠠᠢ᠌ᠬᠤ ᠵᠢ ᠪᠠᠳᠤᠯᠠᠪᠠ

     ᠬᠦᠴᠢᠷᠳᠡᠯᠳᠡᠢ ᠣᠯᠠᠨ ᠲᠦᠮᠡᠨ᠎ᠤ ᠠᠮᠤᠷ ᠲᠦᠪᠰᠢᠨ᠎ᠤ ᠲᠦᠯᠤᠬᠡ ᠢᠮᠠᠭᠲᠠ ᠰᠠᠨᠠᠭ᠋ᠠᠯᠵᠠᠵᠤ᠂ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠠᠵᠢᠯ᠎ᠤᠨ ᠰᠠᠨᠠᠭᠤᠯᠤᠮᠵᠢ ᠵᠢ ᠳᠠᠷᠤᠮᠠᠯᠯᠠᠨ ᠲᠠᠷᠬᠠᠭ᠋ᠠᠵᠤ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ᠎ᠢ ᠵᠣᠬᠢᠶᠠᠨ ᠪᠠᠢ᠌ᠭᠤᠯᠤᠨ ᠬᠣᠲᠠ ᠬᠥᠳᠡᠭᠡ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠬᠦᠷᠳᠡᠵᠤ ᠪᠠᠢ᠌ᠭ᠎ᠠ ᠣᠨᠴᠠ ᠬᠦᠴᠢᠷᠳᠡᠯᠲᠡᠢ ᠬᠦᠮᠦᠰ᠂ ᠲᠠᠷᠠᠬᠠᠢ ᠠᠰᠠᠷᠠᠨ ᠲᠡᠵᠢᠭᠡᠵᠦ ᠪᠠᠢ᠌ᠭ᠎ᠠ ᠣᠨᠴᠠ ᠬᠦᠴᠢᠷᠳᠡᠯᠲᠡᠢ ᠨᠠᠰᠤᠲᠠᠢ᠌ᠴᠤᠳ ᠪᠠ ᠵᠡᠮᠳᠡᠭᠴᠦᠳ᠂ ᠭᠠᠭᠴᠠᠭ᠋ᠠᠷ ᠰᠠᠭᠤᠭ᠎ᠠ ᠨᠠᠰᠤᠲᠠᠢ᠌ᠴᠤᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠭᠡᠷ᠎ᠲᠤ᠎ᠪᠠᠨ ᠬᠣᠴᠣᠷᠤᠭᠰᠠᠨ ᠬᠡᠦᠬᠡᠳ ᠵᠡᠷᠭᠡ ᠦᠢ᠍ᠯᠡᠴᠢᠯᠡᠬᠡ ᠬᠦᠷᠳᠡᠭᠰᠡᠳ᠎ᠢ ᠪᠥᠬᠥ ᠲᠠᠯ᠎ᠠ᠎ᠪᠠᠷ ᠵᠢᠭᠰᠠᠭ᠋ᠠᠨ  ᠪᠠᠢ᠌ᠴᠠᠭ᠋ᠠᠵᠤ᠂ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠡᠷᠭᠡ ᠲᠠᠯ᠎ᠠ ᠵᠢᠨ ᠠᠵᠢᠯ᠎ᠢ ᠪᠥᠬᠥ ᠲᠠᠯ᠎ᠠ᠎ᠪᠠᠷ ᠡᠮᠬᠢᠯᠡᠨ ᠳᠢᠭᠯᠡᠵᠦ᠂ ᠪᠠᠢ᠌ᠳᠠᠯ᠎ᠢ ᠣᠢ᠌ᠯᠠᠭ᠋ᠠᠬᠤ ᠠᠵᠢᠯ᠎ᠤᠨ ᠡᠬᠡ ᠲᠠᠩᠰᠠ ᠪᠠᠢ᠌ᠭᠤᠯᠤᠨ᠂ ᠦᠢ᠍ᠯᠡᠴᠢᠯᠡᠬᠡ ᠬᠦᠷᠳᠡᠭᠰᠡᠳ᠎ᠤᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠲᠥᠷᠥᠯ ᠬᠤᠪᠢᠶᠠᠨ ᠲᠤᠰᠠᠯᠠᠮᠵᠢ ᠬᠠᠡᠭᠭ᠋ᠠᠪᠠ᠃ 10 ᠳ᠋ᠤᠭ᠋ᠠᠷ ᠰᠠᠷ᠎ᠠ᠎ᠠᠴᠠ ᠨᠠᠭ᠋ᠠᠰᠢ ᠮᠠᠨ᠎ᠤ ᠣᠷᠣᠨ᠎ᠤ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ`᠎ᠤᠨ᠎ᠬᠢᠨ ᠡᠯ᠎ᠡ ᠲᠥᠷᠥᠯ᠎ᠤᠨ ᠬᠦᠴᠢᠷᠳᠡᠯᠲᠡᠢ  ᠬᠦᠮᠦᠰ᠎ᠢ 7.6 ᠲᠦᠮᠡ ᠭᠠᠷᠤᠢ ᠤᠳᠠᠭ᠎ᠠ ᠪᠠᠢ᠌ᠴᠠᠭ᠋ᠠᠵᠤ᠂ 2.6 ᠲᠦᠮᠡ ᠭᠠᠷᠤᠢ ᠤᠳᠠᠭ᠎ᠠ ᠬᠠᠨᠳᠤᠯᠭ᠋ᠠᠲᠤ ᠲᠤᠰᠠᠯᠠᠮᠵᠢ ᠦᠵᠡᠬᠦᠯᠵᠤ᠂ ᠨᠥᠬᠥᠴᠡᠯ᠎ᠳᠤ ᠨᠡᠶ᠋ᠢᠴᠡᠬᠦ 8200 ᠭᠠᠷᠤᠢ ᠨᠠᠰᠤᠲᠠᠢ᠌ᠴᠤᠳ᠎ᠢ ᠬᠠᠪᠰᠤᠷᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠪᠠ ᠲᠦᠷ ᠴᠠᠭ᠎ᠤᠨ  ᠲᠤᠰᠠᠯᠠᠮᠵᠢ ᠭᠤᠶᠤᠴᠢᠯᠠᠵᠤ ᠦᠭᠭᠦᠭᠰᠡᠨ ᠪᠠᠢ᠌ᠨ᠎ᠠ᠃

     ᠬᠣᠶᠠᠷ᠂ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠬᠦ ᠠᠷᠭ᠎ᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠠᠷᠠᠳ᠎ᠤᠨ ᠬᠦᠴᠢᠷᠳᠡᠯ᠎ᠢ ᠦᠨᠡᠨ ᠬᠦ᠌ ᠰᠢᠢ᠍ᠳᠪᠤᠷᠢᠯᠡᠪᠡ

     ᠠᠵᠢᠯ᠎ᠤᠨ ᠳᠤᠮᠳᠠ ᠣᠷᠣᠰᠢᠵᠤ ᠮᠡᠳᠡᠬᠦ ᠠᠰᠠᠭᠤᠳᠠᠯ᠎ᠢ ᠴᠠᠭ ᠲᠤᠬᠠᠢ᠎ᠳᠤ᠎ᠨᠢ ᠵᠠᠳᠠᠯᠤᠨ ᠰᠤᠳᠤᠯᠵᠤ᠂ ᠠᠷᠭ᠋ᠠᠴᠠᠭ᠋ᠠᠬᠤ ᠠᠷᠭ᠎ᠠ ᠵᠢ ᠲᠣᠭᠲᠠᠭ᠋ᠠᠵᠤ᠂ ᠰᠠᠨᠠᠭ᠋ᠠᠴᠢᠯᠠᠭ᠋ᠠᠲᠤ ᠪᠠᠢ᠌ᠯᠳᠤᠭ᠋ᠠᠨ᠎ᠢ ᠰᠠᠢ᠌ᠲᠤᠷ ᠬᠢᠵᠦ᠂ ᠪᠡᠯᠡᠳᠬᠡᠯ ᠵᠶ᠋ᠡᠨ ᠰᠠᠢ᠌ᠲᠤᠷ ᠬᠢᠪᠡ᠃  《ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠬᠤᠭᠤᠴᠠᠭ᠋ᠠᠨ᠎ᠳᠤ᠎ᠬᠢ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠬᠤ ᠠᠵᠢᠯ᠎ᠢ ᠤᠯᠠᠮ ᠴᠢᠩᠭ᠋ᠠᠳᠬᠠᠬᠤ ᠲᠤᠬᠠᠢ ᠮᠡᠳᠡᠭᠳᠡᠯ》 《ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠬᠤᠭᠤᠴᠠᠭ᠋ᠠᠨ᠎ᠳᠤ ᠣᠨᠴᠠᠭ᠋ᠠᠶ ᠬᠦᠴᠢᠷᠳᠡᠯᠲᠡᠢ ᠨᠠᠰᠤᠲᠠᠢ᠌ᠴᠤᠳ᠎ᠢ  ᠬᠠᠯᠠᠮᠵᠢᠯᠠᠬᠤ ᠦᠢ᠍ᠯᠡᠴᠢᠯᠡᠭᠡ ᠵᠢ ᠴᠢᠩᠭ᠋ᠠᠳᠬᠠᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃ 《ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠬᠤᠭᠤᠴᠠᠭ᠋ᠠᠨ᠎ᠳᠤ᠎ᠬᠢ ᠬᠦᠴᠢᠷᠳᠡᠯᠲᠡᠢ ᠣᠯᠠᠨ ᠲᠦᠮᠡᠨ ᠵᠡᠷᠭᠡ ᠣᠨᠴᠠᠭ᠋ᠠᠶ  ᠬᠦᠮᠦᠰ᠎ᠢ ᠲᠤᠰᠠᠯᠠᠬᠤ ᠦᠢ᠍ᠯᠡᠴᠢᠯᠡᠭᠡᠨ᠎ᠤ ᠵᠦᠭᠯᠡᠭᠦᠷ》᠎ᠢ ᠨᠡᠢ᠌ᠲᠡᠯᠡᠵᠦ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ᠎ᠢ ᠵᠢᠯᠣᠭᠣᠳᠤᠨ ᠬᠦᠴᠢᠷᠳᠡᠯᠲᠡᠢ ᠬᠥᠮᠥᠰ᠎ᠢ ᠲᠤᠰᠠᠯᠠᠵᠤ ᠪᠠᠲᠤᠯᠠᠬᠤ᠂ ᠬᠠᠯᠠᠮᠵᠢᠯᠠᠨ ᠲᠡᠳᠬᠦᠬᠦ ᠵᠡᠷᠭᠡ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠵᠤ᠂ 《ᠬᠠᠬᠢᠷ ᠡᠪᠦᠯ᠎ᠤᠨ ᠬᠦᠢ᠍ᠳᠡᠨ᠎ᠳᠤ ᠬᠠᠢ᠌ᠷ᠎ᠠ ᠬᠠᠯᠠᠮᠵᠢ ᠬᠦᠷᠭᠡᠬᠦ》 ᠠᠵᠢᠯᠯᠠᠭ᠎ᠠ ᠵᠢ ᠥᠷᠨᠢᠭᠦᠯᠵᠦ᠂ ᠰᠣᠨᠢᠨ ᠰᠡᠳᠬᠦᠯ᠂ ᠰᠦᠯᠵᠢᠶ᠎ᠡ᠂ ᠨᠡᠢ᠌ᠭᠡᠮ ᠲᠣᠭᠣᠷᠢᠭ᠎ᠤᠨ ᠠᠯᠪᠠᠨ ᠵᠠᠷ᠎ᠤᠨ ᠰᠠᠮᠪᠠᠷ᠎ᠠ ᠵᠡᠷᠭᠡ ᠲᠠᠪᠴᠠᠩ᠎ᠢ ᠠᠰᠢᠭᠯᠠᠨ ᠬᠠᠮᠢᠶ᠎ᠠ ᠪᠦᠬᠦᠢ ᠪᠠᠢ᠌ᠳᠠᠯ᠎ᠢ ᠢᠯᠡ ᠨᠡᠢ᠌ᠲᠡᠯᠡᠵᠦ᠂ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠲᠤᠰᠬᠠᠬᠤ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠰᠢᠢ᠍ᠳᠪᠦᠷᠢᠯᠡᠵᠦ ᠬᠠᠷᠢᠭᠤ ᠲᠤᠰᠬᠠᠬᠤ ᠲᠣᠭᠲᠠᠴᠠ ᠵᠢ ᠪᠦᠷᠢᠨᠰᠢᠭᠦᠯᠦᠨ᠂ ᠲᠥᠷᠥ ᠵᠢᠨ ᠪᠣᠳᠣᠯᠭ᠎ᠠ ᠵᠢ ᠣᠯᠠᠨ ᠲᠦᠮᠡᠨ᠎ᠤ  ᠴᠠᠭ ᠲᠤᠬᠠᠢ᠎ᠳᠤ᠎ᠨᠢ ᠮᠡᠳᠡᠬᠦᠯᠵᠤ᠂ ᠤᠯᠠᠨ ᠲᠦᠮᠡᠨ᠎ᠤ ᠲᠤᠰᠠᠯᠠᠮᠵᠢ ᠣᠯᠬᠤ ᠭᠠᠵᠠᠷ᠎ᠲᠠᠢ᠂ ᠴᠠᠭ ᠲᠤᠬᠠᠢ᠎ᠳᠤ᠎ᠨᠢ ᠲᠤᠰᠠᠯᠠᠮᠵᠢ ᠬᠦᠷᠳᠡᠬᠦ ᠵᠢ ᠦᠨᠡᠨ ᠬᠦ᠌ ᠪᠠᠳᠤᠯᠠᠪᠠ᠃ 10 ᠳ᠋ᠤᠭ᠋ᠠᠷ ᠰᠠᠷ᠎ᠠ᠎ᠠᠴᠠ ᠨᠠᠭ᠋ᠠᠰᠢ ᠮᠠᠨ᠎ᠤ ᠣᠷᠣᠨ᠎ᠤ᠎ᠬᠢᠨ ᠬᠢᠵᠢᠭ᠎ᠠᠴᠠ ᠪᠣᠯᠵᠤ ᠬᠦᠴᠢᠷᠳᠡᠯ᠎ᠳᠤ ᠲᠤᠯᠭ᠋ᠠᠷᠠᠭᠰᠠᠨ ᠣᠯᠠᠨ ᠲᠦᠮᠡᠨ᠎ᠳᠤ 1.54 ᠲᠦᠮᠨ ᠤᠳᠠᠭ᠎ᠠ ᠵᠢᠨ ᠲᠦᠷ ᠴᠠᠭ᠎ᠤᠨ  ᠲᠤᠰᠠᠯᠠᠮᠵᠢ ᠦᠵᠡᠬᠦᠯᠵᠤ᠂ ᠲᠤᠰᠠᠯᠠᠮᠵᠢ ᠵᠢᠨ ᠮᠦᠡᠭᠬᠦ 214.64 ᠲᠦᠮᠡᠨ ᠲᠥᠭᠥᠷᠢᠭ ᠲᠠᠷᠬᠠᠭ᠋ᠠᠵᠤ᠂ ᠲᠤᠰᠠᠯᠠᠬᠰᠠᠨ ᠡᠳ᠋ ᠪᠣᠳᠠᠰ᠎ᠢ ᠵᠣᠭᠣᠰ ᠵᠶ᠋ᠠᠷ ᠨᠤᠭᠤᠯᠤᠨ ᠪᠤᠳᠤᠪᠠᠯ 155.4 ᠲᠦᠮᠡᠨ ᠲᠥᠭᠥᠷᠢᠭ᠎ᠲᠤ ᠬᠦᠷᠦᠭᠰᠡᠨ ᠪᠠᠢ᠌ᠨ᠎ᠠ᠃ 11 ᠠᠢ᠌ᠮᠠᠭ ᠬᠣᠲᠠ ᠵᠢᠨ᠎ᠬᠢᠨ ᠲᠥᠷᠥ ᠵᠢᠨ ᠪᠣᠳᠣᠯᠭ᠎ᠠ ᠵᠢᠨ ᠪᠠᠷᠢᠮᠵᠢᠶ᠎ᠠ ᠶᠣᠰᠣᠭ᠋ᠠᠷ ᠪᠠᠷᠠᠭ᠋ᠠᠨ᠎ᠤ ᠦᠨ᠎ᠡ ᠵᠢᠨ ᠥᠰᠦᠯᠲᠡ ᠵᠢᠨ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠡᠬᠢᠯᠡᠨ ᠬᠡᠷᠡᠭᠵᠢᠭᠦᠯᠵᠦ᠂ ᠵᠢᠱ᠌ᠢᠯᠲᠡ᠎ᠪᠠᠷ 165 ᠲᠦᠮᠡᠨ ᠬᠦᠴᠢᠷᠳᠡᠯᠲᠡᠢ ᠣᠯᠠᠨ ᠲᠦᠮᠡᠨ ᠦᠨ᠎ᠡ ᠬᠠᠩᠰᠢ ᠵᠢᠨ ᠲᠦᠷ ᠴᠠᠭ᠎ᠤᠨ ᠨᠥᠬᠥᠪᠦᠷᠢ ᠬᠦᠷᠲᠡᠵᠦ᠂ ᠣᠳᠣᠬᠠᠨ᠎ᠳᠤ ᠡᠯ᠎ᠡ ᠭᠠᠵᠠᠷ᠎ᠤᠨ᠎ᠬᠢᠨ ᠨᠢᠭᠡᠨᠲᠡ ᠬᠦᠴᠦᠲᠡᠢ ᠠᠷᠭ᠎ᠠ ᠎ᠪᠠᠷ ᠪᠡᠯᠡ ᠮᠥᠩᠭᠥ ᠲᠠᠷᠬᠠᠭ᠋ᠠᠬᠤ ᠠᠬᠢᠴᠠ ᠵᠢ  ᠲᠦᠷᠬᠡᠳᠬᠡᠵᠤ ᠪᠠᠢ᠌ᠨ᠎ᠠ᠃ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠨᠡᠢ᠌ᠭᠡᠮ᠎ᠤᠨ ᠠᠵᠢᠯ᠎ᠤᠨ ᠪᠠᠢ᠌ᠭᠤᠯᠤᠮᠵᠢ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠡᠷᠭᠡ ᠨᠡᠢ᠌ᠭᠡᠮ᠎ᠤᠨ ᠬᠦᠴᠦᠨ᠎ᠢ ᠢᠳᠡᠪᠬᠢᠲᠡᠢ᠎ᠪᠠᠷ ᠳᠠᠶ᠋ᠢᠴᠢᠯᠠᠨ ᠣᠨᠴᠠᠭ᠋ᠠᠶ ᠬᠦᠴᠢᠷᠳᠡᠯᠲᠡᠢ ᠨᠠᠰᠤᠲᠠᠢ᠌ᠴᠤᠳ᠎ᠢ ᠡᠷᠭᠢᠵᠦ ᠦᠵᠡᠬᠦ᠂ ᠰᠡᠳᠬᠢᠴᠡ ᠵᠢ ᠲᠠᠢ᠌ᠳᠬᠤᠷᠠᠭᠤᠯᠤᠨ ᠵᠢᠯᠤᠭᠣᠳᠬᠤ ᠵᠡᠷᠭᠡ ᠠᠵᠢᠯ᠎ᠳᠤ ᠣᠷᠣᠯᠴᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠨᠠᠬᠢ ᠠᠷᠭ᠎ᠠ᠎ᠪᠠᠷ ᠣᠨᠴᠠᠭ᠋ᠠᠶ ᠬᠦᠴᠢᠷᠳᠡᠯᠲᠡᠢ ᠨᠠᠰᠤᠲᠠᠢ᠌ᠴᠤᠳ᠎ᠢ 6.7 ᠲᠦᠮᠡᠨ ᠤᠳᠠᠭ᠎ᠠ ᠡᠷᠭᠢᠵᠦ ᠰᠤᠷᠪᠤᠯᠵᠢᠯᠠᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠶᠡᠷᠦᠩᠬᠡᠢ ᠡᠪᠯᠡᠯ᠎ᠤᠨ᠎ᠬᠢᠨ ᠬᠥᠬᠡᠬᠣᠲᠠ ᠵᠢᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ᠎ᠲᠠᠢ ᠵᠥᠪᠳᠡᠯᠴᠡᠵᠦ᠂ ᠬᠥᠬᠡᠬᠣᠲᠠ ᠵᠢᠨ ᠬᠣᠲᠠ ᠵᠢᠨ ᠲᠣᠭᠣᠷᠢᠭ᠎ᠤᠨ 45 ᠨᠢᠭᠦᠯᠡᠰᠦᠩᠭᠦᠢ ᠵᠢᠨ ᠡᠮ᠎ᠤᠨ ᠲᠤᠰᠠᠯᠠᠮᠵᠢ ᠵᠢ ᠭᠥᠷᠳᠡᠭᠰᠡᠨ ᠡᠪᠡᠳᠴᠢᠲᠡᠨ᠎ᠤ ᠬᠡᠷᠡᠭᠰᠡᠬᠦ ᠡᠮ᠎ᠤᠨ ᠵᠦᠢ᠍ᠯ᠎ᠢ ᠴᠠᠭ ᠲᠤᠬᠠᠢ᠎ᠳᠤ᠎ᠨᠢ ᠬᠦᠷᠭᠡᠵᠦ᠂ ᠪᠤᠰᠤᠳ ᠭᠠᠵᠠᠷ ᠣᠷᠣᠨ᠎ᠤ ᠡᠮ᠎ᠤᠨ ᠵᠦᠢ᠍ᠯ᠎ᠢ ᠬᠦᠷᠭᠡᠬᠦ ᠠᠵᠢᠯ᠎ᠢ ᠴᠦ᠍ ᠶᠠᠭ ᠵᠣᠬᠢᠴᠠᠭᠤᠯᠤᠨ ᠨᠠᠢ᠌ᠳᠠᠪᠤᠷᠢᠵᠢᠭᠤᠯᠵᠤ ᠪᠠᠢ᠌ᠨ᠎ᠠ᠃

     ᠭᠤᠷᠪᠠ᠂ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠪᠥᠬᠥ ᠲᠠᠯ᠎ᠠ᠎ᠪᠠᠷ ᠱᠠᠯᠠᠪᠳᠠᠭᠤᠯᠤᠨ ᠪᠠᠢ᠌ᠴᠠᠭ᠋ᠠᠨ ᠵᠢᠯᠤᠭᠤᠳᠴᠤ᠂ ᠪᠤᠳᠠᠳᠤ ᠦᠷ᠎ᠡ ᠪᠦᠲᠦᠮᠵᠢ ᠣᠯᠬᠤ ᠵᠢ  ᠪᠠᠳᠤᠯᠠᠪᠠ

     ᠠᠷᠠᠳ ᠲᠦᠮᠡᠨ ᠬᠠᠨᠤᠮᠵᠢᠲᠠᠶ ᠪᠠᠢ᠌ᠬᠤ ᠵᠢ ᠠᠵᠢᠯ᠎ᠤᠨ ᠦᠨᠳᠦᠰᠦᠨ ᠪᠠᠷᠢᠮᠵᠢᠶ᠎ᠠ ᠪᠣᠯᠭ᠋ᠠᠬᠤ ᠵᠢ ᠪᠠᠷᠢᠮᠳᠠᠯᠠᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ ᠶᠠᠳᠠᠭᠤ ᠬᠦᠴᠢᠷᠳᠡᠯᠲᠡᠢ ᠤᠯᠠᠨ ᠲᠦᠮᠡᠨ᠎ᠢ ᠲᠤᠰᠠᠯᠠᠵᠤ ᠪᠠᠲᠤᠯᠠᠬᠤ ᠪᠠ ᠬᠠᠯᠠᠮᠵᠢᠯᠠᠨ ᠲᠡᠳᠬᠦᠬᠦ ᠠᠵᠢᠯ᠎ᠢ ᠴᠢᠩᠭ᠎ᠠ ᠠᠳᠬᠤᠵᠤ᠂ ᠪᠦᠬᠦ ᠣᠷᠣᠨ᠎ᠤ 《ᠨᠠᠰᠤᠲᠠᠨ ᠪᠠ ᠬᠡᠤᠬᠡᠳ》᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠬᠤᠷᠠᠯ᠂ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠸᠢᠳᠢᠤ᠋᠎ᠪᠠᠷ ᠲᠣᠬᠢᠷᠠᠭᠤᠯᠬᠤ ᠬᠤᠷᠠᠯ᠎ᠢ  ᠬᠤᠷᠠᠯᠳᠤᠭᠤᠯᠵᠤ᠂ ᠬᠠᠮᠢᠶ᠎ᠠ ᠪᠦᠬᠦᠢ ᠠᠵᠢᠯ᠎ᠢ  ᠪᠠᠢ᠌ᠷᠢᠯᠠᠭᠤᠯᠵᠠᠢ᠃  ᠬᠦᠴᠢᠷᠳᠡᠯᠳᠡᠢ ᠬᠦᠮᠦᠰ᠎ᠢ ᠡᠷᠭᠢᠵᠦ ᠦᠵᠡᠬᠦ᠂  ᠬᠠᠯᠠᠮᠵᠢᠯᠠᠨ ᠲᠡᠳᠬᠦᠬᠦ᠂ ᠲᠤᠰᠠᠯᠠᠵᠤ ᠪᠠᠲᠤᠯᠠᠬᠤ ᠠᠵᠢᠯ᠎ᠤᠨ 《ᠡᠳᠦᠷ᠎ᠤᠨ ᠮᠡᠳᠡᠭᠦᠯᠦᠯᠲᠡ》 《ᠭᠠᠷᠠᠭ᠎ᠤᠨ ᠲᠣᠬᠢᠷᠠᠭᠤᠯᠤᠯᠲᠠ》 ᠵᠢᠨ ᠳᠦᠷᠢᠮ᠎ᠢ ᠪᠠᠢ᠌ᠭᠤᠯᠵᠤ᠂ ᠠᠵᠢᠯ᠎ᠤᠨ ᠪᠠᠢ᠌ᠳᠠᠯ᠎ᠢ ᠴᠠᠭ ᠲᠤᠬᠠᠢ᠎ᠳᠤ᠎ᠨᠢ ᠵᠠᠳᠠᠯᠤᠨ ᠰᠤᠳᠤᠯᠵᠤ᠂ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ᠎ᠳᠤ ᠴᠢᠭᠯᠡᠭᠦᠯᠦᠨ ᠬᠦᠴᠦᠨ ᠪᠦᠬᠦᠢ ᠪᠦᠲᠦᠮᠵᠢᠲᠡᠶ ᠠᠷᠭ᠎ᠠ ᠲᠣᠭᠲᠠᠭ᠋ᠠᠨ ᠳᠤᠲᠠᠭᠳᠠᠯ᠎ᠢ ᠬᠣᠷᠢᠭᠯᠠᠵᠤ᠂ ᠳᠤᠲᠠᠭᠤᠳᠠᠯ᠎ᠢ ᠨᠥᠬᠥᠪᠦᠷᠢᠯᠡᠵᠦ᠂ ᠲᠦᠷᠦ ᠵᠢᠨ ᠪᠣᠳᠣᠯᠭ᠎ᠠ ᠵᠢ ᠨᠠᠷᠢᠯᠢᠭ ᠣᠨᠣᠴᠠᠲᠠᠢ ᠬᠡᠷᠡᠭᠵᠢᠭᠦᠯᠵᠦ᠂ ᠠᠷᠠᠳ᠎ᠤᠨ ᠠᠮᠢᠳᠤᠷᠠᠯ᠎ᠤᠨ ᠦᠨᠳᠦᠰᠦᠨ ᠪᠠᠳᠤᠯᠠᠭ᠎ᠠ ᠵᠢᠨ ᠤᠯᠤᠰ ᠲᠦᠷᠦ ᠵᠢᠨ ᠬᠠᠷᠢᠭᠤᠴᠠᠯᠭ᠎ᠠ ᠵᠢ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ᠎ᠳᠤ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠳᠤᠯᠠᠬᠰᠠᠨ ᠪᠠᠢ᠌ᠨ᠎ᠠ᠃




 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠤᠨ᠎ᠬᠢᠨ ᠠᠷᠠᠳ᠎ᠤᠨ ᠶᠠᠪᠤᠳᠠᠯ᠎ᠤᠨ ᠲᠢᠩᠬᠢᠮ᠎ᠤᠨ ᠰᠢᠰᠲ᠋ᠧᠮ᠎ᠤᠨ᠎ᠬᠢᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠳᠤ ᠣᠷᠣᠯᠴᠠᠭᠰᠠᠨ ᠰᠠᠢ᠌ᠨ ᠲᠤᠷᠠᠴᠤᠤᠯ᠎ᠳᠤ ᠬᠢᠵᠢᠭ᠎ᠢ ᠰᠡᠷᠬᠡᠢ᠌ᠯᠡᠬᠦ ᠪᠤᠳᠠᠰ ᠬᠤᠳᠠᠯᠳᠤᠨ ᠠᠪᠴᠤ ᠦᠭᠪᠡ
ᠮᠠᠨ᠎ᠤ ᠤᠷᠤᠨ 2022 ᠣᠨ᠎ᠳᠤ ᠣᠷᠣᠭ ᠲᠠᠡᠭᠰᠠᠯᠠᠬᠤ ᠬᠠᠮᠢᠶᠠᠷᠤᠯᠲᠠ ᠵᠢᠨ ᠠᠵᠢᠯ᠎ᠤᠨ ᠴᠢᠨᠠᠷᠯᠢᠭ ᠬᠦᠭᠵᠢᠯᠳᠡ ᠵᠢ ᠤᠯᠠᠨ ᠠᠷᠭ᠎ᠠ᠎ᠪᠠᠷ ᠠᠬᠢᠭᠤᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠡᠢ᠌ᠭᠡᠮ᠎ᠤᠨ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢᠨ ᠲᠤᠬᠠᠢ ᠸᠢᠳᠢᠤ᠋ ᠪᠤᠯᠪᠠᠰᠤᠷᠠᠯ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠪᠥᠬᠥ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠡᠩᠰᠡᠯᠡᠨ ᠬᠠᠮᠢᠶᠠᠷᠬᠤ ᠠᠵᠢᠯ᠎ᠤᠨ ᠲᠤᠬᠠᠢ᠌ᠯᠠᠭᠰᠠᠨ ᠠᠵᠢᠯ᠎ᠤᠨ ᠪᠤᠯᠪᠠᠰᠤᠷᠠᠯ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2022 ᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠣᠨ᠎ᠤ ᠪᠠᠢ᠌ᠴᠠᠭ᠋ᠠᠯᠲᠠ ᠵᠢᠨ ᠠᠵᠢᠯ᠎ᠢ ᠥᠷᠨᠢᠭᠦᠯᠪᠡ
 
            