2022 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠷᠠᠳ᠎ᠤᠨ ᠶᠠᠪᠤᠳᠠᠯ᠎ᠤᠨ ᠶᠠᠮᠤᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠦᠴᠦᠲᠡᠢ ᠳᠡᠮᠵᠢᠯᠭᠡ ᠪᠠ ᠵᠥᠪ ᠣᠨᠣᠪᠴᠢᠲᠠᠶ ᠤᠳᠤᠷᠢᠳᠤᠯᠭ᠎ᠠ᠎ᠪᠠᠷ ᠣᠯᠠᠨ ᠲᠦᠮᠡᠨ᠎ᠤ 《ᠪᠠᠴᠢᠮᠳᠠᠯ ᠬᠦᠴᠢᠷᠳᠡᠯ ᠵᠣᠪᠠᠨᠢᠯ》᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠠᠷᠠᠳ ᠣᠯᠠᠨ᠎ᠳᠤ ᠦᠨᠡᠨ ᠬᠦ᠌ ᠪᠣᠳᠠᠲᠠᠢ ᠠᠵᠢᠯ ᠬᠢᠵᠦ᠂ᠣᠷᠣᠭ᠎ᠤᠨ ᠲᠠᠡᠭᠰᠠᠯᠠᠬᠤ ᠬᠠᠮᠢᠶᠠᠷᠤᠯᠲᠠ ᠵᠢᠨ ᠠᠵᠢᠯ᠎ᠤᠨ ᠴᠢᠨᠠᠷᠯᠢᠭ ᠬᠥᠭᠵᠢᠯᠲᠡ ᠵᠢ ᠣᠯᠠᠨ ᠠᠷᠭ᠎ᠠ᠎ᠪᠠᠷ ᠠᠬᠢᠭᠤᠯᠵᠤ᠂ ᠰᠢᠨ᠎ᠡ ᠴᠠᠭ ᠦᠶ᠎ᠡ ᠵᠢᠨ ᠣᠷᠣᠭ᠎ᠤᠨ ᠠᠵᠢᠯ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠪᠠ ᠣᠷᠣᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠠᠵᠢᠯ᠎ᠢ ᠪᠥᠬᠥ ᠲᠠᠯ᠎ᠠ᠎ᠪᠠᠷ ᠳᠡᠭᠡᠭᠰᠢᠯᠡᠭᠦᠯᠪᠡ᠃
ᠨᠢᠭᠡ᠂ ᠣᠷᠣᠭ ᠲᠠᠡᠭᠰᠠᠯᠠᠭᠤᠯᠬᠤ᠎ᠪᠠᠷ ᠪᠣᠯᠵᠣᠬᠤ ᠴᠢᠳᠠᠮᠵᠢ ᠵᠢ ᠨᠡᠭᠡᠭᠡᠵᠦ᠂ ᠨᠠᠩ ᠪᠦᠲᠦᠮᠵᠢᠲᠡᠶ᠎ᠪᠠᠷ ᠠᠷᠠᠳ᠎ᠲᠤ ᠲᠥᠬᠥᠮ ᠦᠵᠡᠬᠦᠯᠪᠡ᠃ ᠣᠷᠣᠭ ᠲᠠᠡᠭᠰᠠᠯᠠᠭᠤᠯᠬᠤ᠎ᠪᠠᠷ ᠪᠣᠯᠵᠣᠬᠤ ᠪᠠ ᠯᠠᠪᠯᠠᠬᠤ ᠴᠢᠳᠠᠮᠵᠢ ᠵᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠢᠭᠡ ᠴᠣᠭᠴᠠᠵᠢᠭᠤᠯᠬᠤ ᠲᠠᠪᠴᠠᠩ ᠪᠠ 《ᠮᠦᠡᠭᠭᠡ ᠰᠤᠪᠠᠭ》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠲᠠᠢ ᠵᠠᠯᠭ᠋ᠠᠵᠤ᠂ ᠠᠷᠠᠳ᠎ᠤᠨ ᠶᠠᠪᠤᠳᠠᠯ᠎ᠤᠨ ᠲᠢᠩᠬᠢᠮ᠎ᠤᠨ ᠠᠯᠪᠠᠨ ᠰᠦᠯᠵᠢᠶ᠎ᠡ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠢ ᠠᠰᠢᠬᠯᠠᠨ ᠪᠥᠬᠥ ᠣᠷᠣᠨ᠎ᠤ ᠣᠷᠣᠭ ᠲᠡᠡᠭᠰᠠᠯᠠᠬᠤ ᠪᠠᠢ᠌ᠭᠤᠯᠭ᠎ᠠ ᠵᠢᠨ ᠠᠵᠢᠯᠯᠠᠬᠤ ᠴᠠᠭ᠂ ᠭᠠᠵᠠᠷ ᠣᠷᠣᠨ᠂ ᠠᠵᠢᠯ ᠶᠠᠪᠤᠳᠠᠯ ᠭᠦᠢ᠍ᠴᠡᠳᠬᠡᠬᠦ ᠦᠨᠳᠦᠰᠦᠯᠡᠯ ᠵᠡᠷᠭᠡ ᠮᠡᠳᠡᠭᠡ ᠵᠠᠩᠭᠢ ᠵᠢ ᠢᠯᠡᠵᠢᠬᠦᠯᠵᠤ᠂ ᠣᠯᠠᠨ ᠲᠦᠮᠡᠨ᠎ᠤ ᠣᠷᠣᠭ ᠲᠠᠡᠭᠰᠠᠯᠠᠭᠤᠯᠬᠤ ᠵᠢ ᠨᠢᠬᠡ ᠯᠨ ᠲᠡᠬᠡᠷ᠎ᠡ ᠬᠦᠢ᠍ᠴᠡᠳᠬᠡᠬᠦ ᠵᠢ ᠪᠡᠶᠡᠯᠡᠬᠦᠯᠪᠡ᠃
ᠬᠣᠶᠠᠷ᠂ ᠣᠷᠣᠭ ᠲᠠᠡᠭᠰᠠᠯᠠᠬᠰᠠᠨ ᠲᠣᠭ᠎ᠠ ᠪᠠᠷᠢᠮᠲᠠ ᠵᠢ 《ᠡᠯᠸᠺᠲᠷᠤᠨᠴᠢᠯᠠᠵᠦ》᠂ ᠭᠠᠷᠳᠠᠨ ᠭᠦᠢ᠍ᠴᠡᠳᠬᠡᠬᠦ ᠶᠠᠪᠤᠴᠨ ᠵᠢ ᠳᠥᠭᠥᠮᠴᠢᠯᠡᠨ᠂ ᠴᠠᠭ᠎ᠢ ᠪᠤᠭᠤᠨᠢᠰᠬᠠᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠲᠠᠢ ᠬᠠᠮᠲᠤᠷᠠᠨ 《ᠣᠷᠣᠭ᠎ᠤᠨ ᠳᠠᠩᠰᠠᠯᠠᠯᠲᠠ ᠵᠢᠨ ᠲᠣᠭ᠎ᠠ ᠪᠠᠷᠢᠮᠲᠠ ᠵᠢ ᠨᠥᠬᠥᠨ ᠰᠢᠩᠭᠡᠭᠡᠵᠦ ᠲᠡᠭᠦᠯᠳᠡᠷᠵᠢᠭᠦᠯᠬᠦ ᠠᠵᠢᠯ᠎ᠢ ᠠᠬᠢᠭᠤᠯᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠤᠯᠤᠰ ᠪᠠᠢ᠌ᠭᠤᠯᠤᠭᠳᠠᠭᠰᠠᠨ᠎ᠠᠴᠠ ᠨᠠᠭ᠋ᠠᠰᠢᠬᠢ ᠣᠷᠣᠭ᠎ᠤᠨ ᠳᠠᠩᠰᠠᠯᠠᠯᠲᠠ ᠵᠢᠨ ᠲᠤᠲᠠᠭᠳᠠᠵᠤ ᠪᠠᠢ᠌ᠭ᠎ᠠ ᠲᠣᠭ᠎ᠠ ᠪᠠᠷᠢᠮᠲᠠ ᠵᠢ ᠨᠥᠬᠥᠪᠦᠷᠢᠯᠡᠨ ᠲᠡᠭᠦᠯᠳᠡᠷᠵᠢᠭᠦᠯᠬᠦ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠡᠭᠦᠨ᠎ᠤ ᠬᠠᠮᠲᠤ ᠣᠷᠣᠭ ᠲᠠᠡᠭᠰᠠᠯᠠᠯᠳᠠ ᠵᠢᠨ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢ ᠬᠤᠪᠢᠶᠠᠯᠴᠠᠬᠤ ᠪᠠ ᠣᠷᠣᠭ ᠲᠠᠡᠭᠰᠠᠯᠠᠬᠰᠠᠨ ᠲᠣᠭ᠎ᠠ ᠪᠠᠷᠢᠮᠲᠠ ᠵᠢ ᠡᠯᠧᠺᠲᠷᠣᠨ ᠦᠨᠡᠮᠯᠡᠯ ᠪᠣᠯᠭ᠋ᠠᠬᠤ ᠪᠠ ᠬᠡᠷᠡᠭᠯᠡᠬᠦ ᠵᠢ ᠪᠡᠶᠡᠯᠡᠭᠦᠯᠵᠦ᠂ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠬᠠᠷᠢᠯᠴᠠᠨ ᠮᠡᠳᠡᠷᠡᠵᠦ ᠬᠠᠷᠢᠯᠴᠠᠨ ᠢᠲᠡᠭᠡᠯᠴᠡᠬᠦ ᠵᠢ ᠪᠡᠶᠡᠯᠡᠬᠦᠯᠪᠡ᠃ ᠦᠨᠤ ᠵᠢᠯ ᠪᠥᠬᠥ ᠣᠷᠣᠨ᠎ᠳᠤ ᠤᠷᠤᠭ᠎ᠤᠨ ᠡᠯᠧᠺᠲᠷᠣᠨ ᠦᠨᠡᠮᠯᠡᠯ᠎ᠢ 1122 ᠲᠦᠮᠨ ᠬᠢᠵᠡᠢ᠃
ᠭᠤᠷᠪᠠ᠂ ᠣᠷᠣᠭ ᠲᠠᠡᠭᠰᠠᠯᠠᠬᠤ ᠳᠦᠷᠢᠮ᠎ᠤᠨ ᠥᠭᠡᠷᠡᠴᠢᠯᠡᠯᠲᠡ ᠬᠢᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠮᠤᠵᠢ ᠠᠯᠤᠰᠯᠠᠨ ᠲᠤᠭᠤᠰᠢᠳᠠᠢ ᠬᠦᠢ᠍ᠴᠡᠳᠬᠡᠬᠦ》 ᠵᠢ ᠠᠬᠢᠭᠤᠯᠪᠠ᠃ 《ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠠᠬᠢᠭᠤᠯᠬᠤ᠎ᠳᠤ 〈ᠮᠤᠵᠢ ᠠᠯᠤᠰᠯᠠᠨ ᠲᠤᠭᠤᠰᠢᠳᠠᠢ ᠬᠦᠢ᠍ᠴᠡᠳᠬᠡᠬᠦ〉 ᠠᠵᠢᠯ᠎ᠤᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠣᠷᠣᠭ ᠲᠠᠡᠭᠰᠠᠯᠠᠬᠤ ᠵᠢ 《ᠮᠤᠵᠢ ᠠᠯᠤᠰᠯᠠᠨ ᠲᠤᠭᠤᠰᠢᠳᠠᠢ ᠬᠦᠢ᠍ᠴᠡᠳᠬᠡᠬᠦ》 ᠠᠵᠠ ᠲᠣᠬᠢᠶᠠᠯ᠎ᠢ ᠴᠢᠩᠭ᠎ᠠ ᠠᠳᠬᠤᠵᠤ᠂ ᠣᠷᠣᠭ ᠲᠡᠡᠭᠰᠠᠯᠠᠬᠤ ᠳᠦᠷᠢᠮ᠎ᠤᠨ ᠥᠭᠡᠷᠡᠴᠢᠯᠡᠯᠲᠡ ᠵᠢ ᠢᠳᠡᠪᠬᠢᠲᠡᠢ ᠠᠬᠢᠭᠤᠯᠵᠤ᠂ 2022 ᠣᠨ᠎ᠳᠤ ᠮᠠᠨ᠎ᠤ ᠣᠷᠣᠨ᠎ᠤ 14 ᠠᠢ᠌ᠮᠠᠭ ᠬᠣᠲᠠ ᠵᠢᠨ᠎ᠬᠢᠨ ᠣᠷᠣᠭ᠎ᠤᠨ ᠳᠠᠩᠰᠠᠯᠠᠯᠲᠠ ᠵᠢ ᠠᠢ᠌ᠮᠠᠭ ᠬᠤᠳᠠ ᠬᠤᠭᠤᠷᠤᠨᠳᠤ᠎ᠪᠠᠨ 《ᠲᠤᠭᠤᠰᠢᠳᠠᠢ ᠬᠦᠢ᠍ᠴᠡᠳᠬᠡᠬᠦ》 ᠵᠢ ᠨᠢᠭᠡᠨᠲᠡ ᠪᠡᠶᠡᠯᠡᠭᠦᠯᠵᠦ᠂ ᠣᠯᠠᠨ ᠲᠦᠮᠡᠨ᠎ᠤ ᠣᠨᠳᠣᠣ ᠭᠠᠵᠠᠷ᠎ᠲᠤ ᠤᠷᠤᠭ ᠲᠠᠡᠭᠰᠠᠯᠠᠭᠤᠯᠬᠤ᠎ᠳᠤ ᠲᠥᠬᠥᠮ ᠦᠵᠡᠭᠦᠯᠪᠡ᠃
ᠳᠥᠷᠪᠡ᠂ ᠤᠷᠤᠬ᠎ᠤᠨ ᠵᠠᠩᠰᠢᠯ᠎ᠤᠨ ᠥᠭᠡᠷᠡᠴᠢᠯᠡᠯᠲᠡ ᠵᠢ ᠤᠯᠠᠨ ᠬᠡᠯᠪᠡᠷᠢ᠎ᠪᠠᠷ ᠥᠷᠨᠢᠭᠦᠯᠵᠦ᠂ ᠤᠷᠤᠬ᠎ᠤᠨ ᠵᠠᠩᠰᠢᠯ᠎ᠢ ᠨᠡᠩ ᠪᠣᠯᠪᠠᠰᠤᠨ ᠪᠤᠯᠭ᠋ᠠᠪᠠ᠃ ᠮᠠᠨ᠎ᠤ ᠣᠷᠣᠨ 《ᠣᠷᠣᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠡᠷᠡᠭᠵᠢᠭᠦᠯᠬᠦ ᠲᠥᠰᠥᠯ᠎ᠤᠨ ᠮᠡᠳᠡᠭᠳᠡᠯ》 ᠪᠠ 《ᠪᠥᠬᠥ ᠣᠷᠣᠨ᠎ᠤ ᠣᠷᠣᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠢ ᠥᠷᠭᠡᠳᠬᠡᠬᠦ ᠲᠤᠬᠠᠢ ᠮᠡᠳᠡᠭᠳᠡᠯ》 ᠵᠡᠷᠭᠡ ᠪᠢᠴᠢᠭ ᠮᠠᠲ᠋ᠧᠷᠢᠶᠠᠯ᠎ᠢ ᠵᠠᠯᠭ᠋ᠠᠭ᠎ᠠ᠎ᠪᠠᠷ ᠨᠡᠢ᠌ᠲᠡᠯᠡᠵᠦ᠂ ᠴᠡᠭ ᠵᠶ᠋ᠡᠷ ᠨᠡᠢ᠌ᠳᠡᠮ᠎ᠢ ᠳᠠᠢ᠌ᠴᠢᠯᠠᠬᠤ ᠠᠷᠭ᠎ᠠ᠎ᠪᠠᠷ ᠣᠷᠣᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠬᠡᠪᠴᠢᠶ᠎ᠡ ᠵᠢ ᠥᠷᠭᠡᠳᠬᠡᠵᠦ᠂ ᠮᠠᠨ᠎ᠤ ᠣᠷᠣᠨ᠎ᠳᠤ 3 ᠤᠯᠤᠰ᠎ᠤᠨ ᠲᠠᠰ᠎ᠤᠨ ᠪᠠ 8 ᠥᠪᠡᠷᠲᠡᠭᠡᠨ ᠵᠠᠰᠠᠬᠤ ᠣᠷᠣᠨ᠎ᠤ ᠣᠷᠣᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠲᠠᠢ ᠪᠣᠯᠪᠠ᠃ ᠡᠭᠦᠨ᠎ᠤ ᠬᠠᠮᠲᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠣᠶᠤᠨ᠎ᠤ ᠪᠣᠯᠪᠠᠰᠤᠨ᠎ᠤ ᠠᠯᠪᠠᠨ ᠭᠡᠷ᠎ᠲᠠᠢ ᠬᠠᠮᠲᠤᠷᠠᠨ 《ᠣᠷᠣᠭ᠎ᠤᠨ ᠶᠠᠪᠤᠳᠠᠯ》᠎ᠤᠨ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠵᠢᠨ ᠣᠬᠣᠷ ᠹᠢᠯᠢᠮ᠎ᠢ ᠦᠢ᠍ᠯᠡᠳᠴᠦ᠂ ᠤᠯᠠᠨ ᠨᠡᠢ᠌ᠳᠡ ᠵᠢᠨ ᠵᠠᠭᠤᠴᠢᠯᠠᠭᠤᠷ᠂ ᠰᠦᠯᠵᠢᠶᠡᠨ᠎ᠤ ᠲᠠᠪᠴᠠᠩ ᠵᠶ᠋ᠠᠷ ᠣᠷᠣᠭ᠎ᠤᠨ ᠵᠠᠩ ᠳᠠᠳᠬᠠᠯ᠎ᠤᠨ ᠰᠢᠨ᠎ᠡ ᠬᠡᠪ ᠰᠤᠷᠲᠠᠯ᠎ᠢ ᠤᠬᠠᠭᠤᠯᠤᠨ ᠰᠠᠨᠠᠭ᠋ᠠᠴᠢᠯᠠᠵᠤ᠂ ᠨᠡᠢ᠌ᠭᠡᠮ ᠳᠠᠶᠠᠭ᠋ᠠᠷ᠎ᠲᠤ ᠵᠠᠩ ᠳᠠᠳᠬᠠᠯ᠎ᠢ ᠥᠭᠡᠷᠡᠴᠢᠯᠡᠬᠦ ᠵᠢ ᠦᠷᠭᠦᠯᠵᠢᠯᠡᠨ ᠠᠬᠢᠭᠤᠯᠬᠤ᠂ ᠰᠢᠯᠢᠳᠡᠭ ᠰᠣᠶᠣᠯ᠎ᠤᠨ ᠤᠯᠠᠮᠵᠢᠯᠠᠯ᠎ᠢ ᠤᠯᠠᠮᠵᠢᠯᠠᠨ ᠵᠠᠯᠭ᠋ᠠᠮᠵᠢᠯᠠᠬᠤ ᠰᠠᠢ᠌ᠨ ᠰᠠᠢ᠌ᠬᠠᠨ ᠨᠡᠢ᠌ᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠢ᠃
ᠲᠠᠪᠤ᠂ ᠪᠡᠯᠡ ᠮᠥᠩᠭᠥ᠎ᠪᠠᠷ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ᠂ ᠲᠤᠷᠰᠢᠯᠲᠠ ᠵᠢᠨ ᠴᠡᠭ᠎ᠤᠨ ᠭᠠᠵᠠᠷ ᠣᠷᠣᠨ᠎ᠤ ᠠᠵᠢᠯ᠎ᠤᠨ ᠴᠢᠳᠠᠪᠤᠷᠢ ᠵᠢ ᠪᠦᠲᠦᠮᠵᠢᠲᠡᠶ ᠲᠡᠭᠡᠭᠰᠢᠯᠡᠬᠦᠯᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠡᠳ᠋᠎ᠤᠨ ᠵᠠᠰᠠᠭ᠎ᠤᠨ ᠲᠢᠩᠬᠢᠮ᠂ ᠪᠡᠶ᠎ᠡ ᠵᠢᠨ ᠲᠠᠮᠢᠷ᠎ᠤᠨ ᠲᠣᠪᠴᠢᠶ᠎ᠠ᠎ᠲᠠᠢ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠰᠠᠷᠠᠮᠵᠢ ᠵᠢᠨ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠢᠨ ᠬᠠᠮᠢᠶᠠᠷᠤᠯᠲᠠ ᠵᠢᠨ ᠠᠷᠭ᠎ᠠ ᠵᠢᠨ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠰᠠᠷᠠᠮᠵᠢ ᠵᠢᠨ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠢ ᠣᠷᠣᠭ ᠲᠠᠡᠭᠰᠠᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠰᠠᠭᠤᠷᠢ ᠲᠦᠬᠦᠬᠡᠷᠤᠮᠵᠢ ᠵᠢᠨ ᠪᠦᠲᠦᠭᠡᠨ ᠪᠠᠢ᠌ᠭᠤᠯᠤᠯᠲᠠ᠂ ᠲᠥᠬᠦᠭᠡᠷᠦᠮᠵᠢ ᠵᠢ ᠰᠢᠨᠡᠳᠬᠡᠬᠦ ᠪᠠ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠬᠡᠷᠡᠭᠯᠡᠬᠦ ᠵᠢ ᠲᠤᠳᠤᠷᠬᠠᠢ᠌ᠯᠠᠪᠠ᠃ 2022 ᠣᠨ᠎ᠳᠤ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠠᠵᠢᠯ᠎ᠤᠨ ᠲᠤᠰᠬᠠᠢ ᠪᠡᠯᠡ ᠮᠥᠩᠭᠥ ᠵᠢ ᠨᠡᠶ᠋ᠢᠲᠡ 600 ᠲᠦᠮᠡᠨ ᠲᠥᠭᠥᠷᠢᠭ ᠭᠠᠷᠭ᠋ᠠᠵᠤ᠂ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠭᠠᠵᠠᠷ ᠣᠷᠣᠨ᠎ᠤ ᠪᠠᠢ᠌ᠭᠤᠯᠤᠮᠵᠢ ᠵᠢᠨ ᠪᠠᠢ᠌ᠭᠤᠯᠤᠯᠲᠠ᠂ ᠲᠥᠬᠦᠭᠡᠷᠦᠮᠵᠢ ᠬᠤᠳᠠᠯᠳᠤᠨ ᠠᠪᠬᠤ᠂ ᠦᠢ᠍ᠯᠡᠴᠢᠯᠡᠭᠡ ᠬᠤᠳᠠᠯᠳᠤᠨ ᠠᠪᠬᠤ ᠵᠡᠷᠭᠡ᠎ᠳᠤ ᠬᠡᠷᠡᠭᠯᠡᠪᠡ᠃ ᠲᠤᠰᠬᠠᠢ ᠵᠦᠢ᠍ᠯ᠎ᠤᠨ ᠪᠡᠯᠡ ᠮᠥᠩᠭᠥ ᠵᠢᠨ ᠳᠡᠮᠵᠢᠯᠭᠡ᠎ᠨᠢ ᠮᠠᠨ᠎ᠤ ᠣᠷᠣᠨ᠎ᠤ ᠡᠯ᠎ᠡ ᠭᠠᠵᠠᠷ᠎ᠤᠨ ᠣᠷᠣᠭ ᠲᠠᠡᠭᠰᠠᠯᠠᠬᠤ ᠪᠠᠢ᠌ᠭᠤᠯᠭ᠎ᠠ ᠵᠢᠨ ᠪᠦᠲᠦᠭᠡᠨ ᠪᠠᠢ᠌ᠭᠤᠯᠤᠯᠲᠠ ᠪᠠ ᠬᠠᠮᠢᠶᠠᠷᠤᠯᠲᠠ ᠵᠢᠨ ᠴᠢᠳᠠᠪᠤᠷᠢ᠂ ᠦᠢ᠍ᠯᠡᠴᠢᠯᠡᠭᠡᠨ᠎ᠤ ᠲᠦᠪᠰᠢᠨ᠎ᠢ ᠪᠦᠲᠦᠮᠵᠢᠲᠡᠶ ᠲᠡᠭᠡᠭᠰᠢᠯᠡᠬᠦᠯᠪᠡ᠃
ᠵᠢᠷᠭᠤᠭ᠎ᠠ᠂ ᠤᠷᠤᠭ᠎ᠤᠨ ᠪᠠᠳᠤᠯᠠᠪᠤᠷᠢ ᠤᠯᠭᠤᠬᠤ ᠵᠢ ᠲᠦᠬᠦᠮ ᠪᠠᠢ᠌ᠬᠰᠠᠨ᠎ᠠᠴᠠ᠎ᠨᠢ ᠲᠦᠪ ᠶᠡᠬᠡᠮᠰᠦᠭ ᠪᠤᠯᠭ᠋ᠠᠪᠠ᠃ ᠮᠠᠨ᠎ᠤ ᠣᠷᠣᠨ᠎ᠤ ᠤᠷᠤᠭ ᠲᠠᠡᠭᠰᠠᠯᠠᠬᠤ 112 ᠪᠠᠢ᠌ᠭᠤᠯᠭ᠎ᠠ᠎ᠳᠤ ᠤᠷᠤᠭ ᠪᠠᠳᠤᠯᠠᠪᠤᠷᠢ ᠣᠯᠭᠣᠬᠤ ᠭᠡᠷ᠎ᠢ 59 ᠪᠠᠢ᠌ᠭᠤᠯᠵᠤ᠂ ᠪᠦᠬᠦ ᠣᠷᠣᠨ᠎ᠤ ᠬᠡᠷᠡᠭᠴᠡᠭᠡ ᠱᠠᠭ᠋ᠠᠷᠳᠠᠯᠭ᠎ᠠ ᠲᠠᠢ ᠲᠤᠬᠠᠢ ᠵᠢᠨ ᠬᠥᠮᠥᠨ᠎ᠳᠤ ᠰᠦᠢ᠍ᠳᠬᠡᠯ ᠬᠤᠷᠢᠶᠠᠬᠤ ᠦᠭᠡᠢ᠎ᠪᠠᠷ ᠦᠨᠡᠮᠯᠡᠯ ᠣᠯᠭᠣᠬᠤ ᠦᠢ᠍ᠯᠡᠴᠢᠯᠡᠭᠡ ᠬᠠᠩᠭ᠋ᠠᠵᠤ᠂ ᠰᠢᠨ᠎ᠡ ᠵᠢᠯ᠂ ᠡᠮᠡᠭᠲᠡᠢ᠌ᠴᠦᠳ᠎ᠤᠨ ᠪᠠᠶᠠᠷ᠎ᠤᠨ ᠡᠳᠦᠷ᠂ ᠬᠥᠳᠡᠯᠮᠦᠷᠢᠴᠢᠳ᠎ᠤᠨ ᠪᠠᠶᠠᠷ᠎ᠤᠨ ᠡᠳᠦᠷ᠂ ᠨᠠᠮ ᠪᠠᠢ᠌ᠭᠤᠯᠤᠭᠳᠠᠭᠰᠠᠨ ᠪᠠᠶᠠᠷ᠎ᠤᠨ ᠡᠳᠦᠷ᠂ 《5 · 20》 ᠵᠡᠷᠭᠡ ᠣᠨᠴᠠᠭ᠋ᠠᠶ ᠪᠠᠶᠠᠷ᠎ᠤᠨ ᠡᠳᠦᠷ᠎ᠢ ᠭᠦᠢ᠍ᠴᠡᠳ ᠠᠰᠢᠭᠯᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠬᠠᠮᠲᠤ ᠵᠢᠨ ᠬᠤᠷᠢᠮ᠎ᠤᠨ ᠶᠣᠰᠣᠯᠠᠯ᠂ ᠨᠡᠶ᠋ᠢᠲᠡ ᠵᠢᠨ ᠠᠰᠠᠷᠠᠮᠵᠢ ᠵᠢᠨ ᠬᠤᠷᠢᠮ᠎ᠤᠨ ᠶᠣᠰᠣᠯᠠᠯ᠂ ᠨᠢᠭᠦᠯᠡᠰᠦᠩᠭᠦᠢ ᠵᠢᠨ ᠬᠤᠷᠢᠮ᠎ᠤᠨ ᠶᠣᠰᠣᠯᠠᠯ ᠵᠡᠷᠭᠡ ᠣᠳᠣ ᠦᠶ᠎ᠡ ᠵᠢᠨ ᠪᠣᠯᠪᠠᠰᠤᠨ ᠬᠤᠷᠢᠮ᠎ᠤᠨ ᠶᠣᠰᠣᠯᠠᠯ᠎ᠤᠨ ᠬᠡᠯᠪᠡᠷᠢ ᠵᠢ ᠢᠳᠡᠪᠬᠢᠲᠡᠢ ᠵᠣᠬᠢᠶᠠᠨ ᠪᠠᠢ᠌ᠭᠤᠯᠵᠤ᠂ ᠦᠨᠡᠮᠯᠡᠯ ᠣᠯᠭᠣᠬᠤ ᠲᠢᠩᠬᠢᠮ᠎ᠳᠤ ᠬᠠᠮᠲᠤ ᠵᠢᠨ ᠦᠨᠡᠮᠯᠡᠯ ᠣᠯᠭᠣᠬᠤ ᠶᠣᠰᠣᠯᠠᠯ᠂ ᠥᠪᠡᠷᠮᠢᠴᠡ ᠣᠨᠴᠠᠯᠢᠭ᠎ᠲᠠᠢ ᠦᠨᠡᠮᠯᠡᠯ ᠣᠯᠭᠣᠬᠤ ᠶᠣᠰᠣᠯᠠᠯ᠂ ᠮᠣᠩᠭᠣᠯ ᠦᠨᠳᠦᠰᠦᠲᠡᠨ᠎ᠤ ᠦᠨᠡᠮᠯᠡᠯ ᠣᠯᠭᠣᠬᠤ ᠶᠣᠰᠣᠯᠠᠯ᠂ ᠬᠢᠲᠠᠳ ᠮᠠᠶᠢᠭ᠎ᠤᠨ ᠬᠤᠷᠢᠮ᠎ᠤᠨ ᠶᠣᠰᠣᠯᠠᠯ᠎ᠤᠨ ᠦᠨᠡᠮᠯᠡᠯ ᠣᠯᠭᠣᠬᠤ ᠶᠣᠰᠣᠯᠠᠯ ᠵᠡᠷᠭᠡ ᠵᠢ ᠶᠠᠪᠤᠭᠳᠠᠭᠤᠯᠵᠤ᠂ ᠲᠥᠪ ᠬᠢᠴᠢᠶᠡᠩᠭᠦᠢ ᠠᠷᠢᠭᠤᠨ ᠳᠠᠷᠬᠠᠨ ᠶᠣᠰᠣᠯᠠᠯ᠎ᠤᠨ ᠳᠤᠮᠳᠠ ᠭᠡᠷ ᠪᠦᠯᠢ ᠵᠢᠨ ᠬᠠᠷᠢᠭᠤᠴᠠᠯᠭ᠎ᠠ ᠵᠢ ᠤᠢ᠌ᠯᠠᠭ᠋ᠠᠭᠤᠯᠵᠤ᠂ ᠡᠷᠡᠭᠦᠯ ᠪᠣᠯᠪᠠᠰᠤᠨ᠂ ᠲᠥᠬᠥᠮ ᠪᠥᠭᠡᠳ ᠲᠣᠬᠢᠷᠠᠮᠵᠢᠲᠠᠢ ᠬᠤᠷᠢᠮ᠎ᠤᠨ ᠵᠠᠩ ᠦᠢᠯᠡ ᠵᠢᠨ ᠰᠣᠶᠣᠯ᠎ᠢ ᠰᠠᠨᠠᠭ᠋ᠠᠴᠢᠯᠠᠬᠰᠠᠨ ᠪᠠᠢ᠌ᠨ᠎ᠠ᠃
ᠲᠤᠯᠦᠭ᠎ᠠ᠂ ᠤᠷᠦᠬ᠎ᠤᠨ ᠲᠤᠬᠠᠢ ᠵᠢᠨ ᠬᠥᠮᠥᠨ᠎ᠤ ᠡᠷᠬᠡ ᠲᠡᠭᠰᠢ᠂ ᠡᠶ᠎ᠡ ᠨᠠᠢ᠌ᠷᠲᠠᠢ᠂ ᠪᠣᠯᠪᠠᠰᠤᠨ ᠰᠠᠢ᠌ᠬᠠᠨ ᠤᠷᠦᠬ ᠭᠡᠷ ᠪᠦᠯᠢ ᠵᠢᠨ ᠬᠠᠷᠢᠴᠠᠭ᠎ᠠ ᠪᠠᠢ᠌ᠭᠤᠯᠬᠤ ᠵᠢ ᠬᠦᠳᠤᠯᠤᠨ ᠵᠢᠯᠤᠭᠤᠳᠪᠠ᠃ ᠮᠠᠨ᠎ᠤ ᠣᠷᠣᠨ᠎ᠳᠤ ᠤᠷᠤᠭ ᠭᠡᠷ ᠪᠦᠯᠢ ᠵᠢᠨ ᠬᠠᠪᠰᠤᠷᠤᠨ ᠵᠢᠯᠤᠭᠣᠳᠬᠤ ᠭᠡᠷ᠎ᠢ 62 ᠪᠠᠢ᠌ᠭᠤᠯᠵᠤ᠂ ᠬᠠᠤᠯᠢᠴᠢ᠂ ᠨᠡᠢ᠌ᠭᠡᠮ᠎ᠤᠨ ᠠᠵᠢᠯ᠎ᠤᠨ ᠪᠠᠭᠰᠢ᠂ ᠤᠷᠤᠭ ᠭᠡᠷ ᠪᠦᠯᠢ ᠵᠢᠨ ᠵᠥᠪᠯᠡᠯᠭᠡ ᠥᠭᠭᠦᠭᠴᠢ᠂ ᠰᠡᠳᠬᠢᠴᠡ ᠵᠢᠨ ᠵᠥᠪᠯᠡᠯᠭᠡ ᠥᠭᠭᠦᠭᠴᠢ ᠪᠤᠶᠤ ᠰᠠᠢ᠌ᠨ ᠳᠤᠷ᠎ᠠ ᠵᠢᠨ ᠠᠵᠢᠯᠯᠠᠭᠴᠢ ᠵᠢ ᠤᠷᠢᠵᠤ ᠰᠦᠢ᠍ᠳᠬᠡᠯ ᠬᠤᠷᠢᠶᠠᠬᠤ ᠦᠭᠡᠢ᠎ᠪᠠᠷ ᠤᠷᠤᠭ ᠭᠡᠷ ᠪᠦᠯᠢ ᠵᠢᠨ ᠲᠤᠬᠠᠢ ᠵᠢᠯᠤᠭᠤᠳᠤᠮᠵᠢ ᠬᠢᠯᠭᠡᠵᠦ᠂ ᠬᠡᠷᠡᠭᠴᠡᠭᠡ ᠱᠠᠭ᠋ᠠᠷᠳᠠᠯᠭ᠎ᠠ᠎ᠲᠠᠢ ᠲᠤᠬᠠᠢ ᠵᠢᠨ ᠬᠥᠮᠥᠨ᠎ᠳᠤ ᠬᠠᠤᠯᠢ ᠴᠠᠭ᠋ᠠᠵᠠ ᠵᠢᠨ ᠵᠥᠪᠯᠡᠯᠭᠡ ᠥᠭᠬᠦ᠂ ᠬᠠᠢ᠌ᠷ᠎ᠠ ᠰᠡᠳᠬᠢᠯᠭᠡ ᠵᠢᠨ ᠬᠠᠪᠰᠤᠷᠤᠨ ᠵᠢᠯᠣᠭᠣᠳᠤᠯᠭ᠎ᠠ᠂ ᠰᠡᠳᠬᠢᠴᠡ ᠵᠢᠨ ᠵᠢᠭ᠋ᠠᠨ ᠵᠢᠯᠣᠭᠣᠳᠤᠯᠭ᠎ᠠ᠂ ᠵᠠᠭᠤᠷᠠᠯᠳᠤᠭ᠋ᠠᠨ᠎ᠢ ᠰᠢᠢ᠍ᠳᠪᠦᠷᠢᠯᠡᠬᠦ ᠵᠡᠷᠭᠡ ᠦᠢ᠍ᠯᠡᠴᠢᠯᠡᠭᠡ ᠬᠠᠩᠭ᠋ᠠᠵᠤ᠂ 3 ᠲᠦᠮᠡ ᠰᠢᠬᠠᠮ ᠤᠳᠠᠭ᠎ᠠ ᠬᠠᠪᠰᠤᠷᠤᠨ ᠵᠢᠯᠤᠭᠣᠳᠬᠤ ᠦᠢ᠍ᠯᠡᠴᠢᠯᠡᠭᠡ ᠵᠢ ᠬᠠᠩᠭ᠋ᠠᠵᠤ᠂ ᠵᠢᠯᠤᠭᠤᠳᠤᠮᠵᠢ᠎ᠳᠤ ᠬᠠᠨᠤᠮᠵᠢᠲᠠᠶ ᠨᠤᠷᠮ᠎ᠠ 95%᠎ᠳᠤ ᠬᠦᠷᠦᠭᠰᠡᠨ ᠪᠠᠢ᠌ᠨ᠎ᠠ᠃