ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠬᠦᠴᠢᠷᠳᠡᠯᠲᠡᠢ ᠣᠯᠠᠨ ᠲᠦᠮᠡᠨ᠎ᠤ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠠᠵᠢᠯ᠎ᠢ ᠬᠢᠨᠠᠮᠠᠭ᠋ᠠᠢ ᠰᠠᠢ᠌ᠲᠤᠷ ᠬᠢᠬᠦ ᠲᠤᠬᠠᠢ ᠠᠷᠠᠳ᠎ᠤᠨ ᠶᠠᠪᠤᠳᠠᠯ᠎ᠤᠨ ᠶᠠᠮᠤᠨ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠬᠤ ᠵᠢᠨ ᠲᠦᠯᠦᠬᠡ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 11 ᠳ᠋ᠤᠬᠡᠷ ᠰᠠᠷ᠎ᠠ ᠵᠢᠨ 25᠎ᠤ ᠡᠳᠦᠷ ᠪᠥᠬᠥ ᠣᠷᠣᠨ᠎ᠤ ᠨᠡᠢ᠌ᠭᠡᠮ᠎ᠤᠨ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢᠨ ᠸᠢᠳᠢᠤ᠋ ᠪᠣᠯᠪᠠᠰᠤᠷᠠᠯ᠎ᠢ ᠡᠷᠬᠢᠯᠡᠪᠡ᠃ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠴᠧᠩ ᠬᠣᠩ ᠯᠢᠶᠠᠩ ᠪᠣᠯᠪᠠᠰᠤᠷᠠᠯ ᠲᠡᠬᠡᠷ᠎ᠡ ᠶᠠᠷᠢᠶ᠎ᠠ ᠲᠠᠯᠪᠢᠵᠤ᠂ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠡᠢ᠌ᠭᠡᠮ᠎ᠤᠨ ᠲᠤᠰᠠᠯᠠᠮᠵᠢ ᠵᠢᠨ ᠭᠠᠵᠠᠷ᠎ᠤᠨ ᠳᠠᠷᠤᠭ᠎ᠠ ᠯᠢ ᠸᠧᠢ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠵᠡᠢ᠃
ᠪᠣᠯᠪᠠᠰᠤᠷᠠᠯ ᠲᠡᠬᠡᠷ᠎ᠡ ᠬᠥᠬᠡᠬᠣᠲᠠ᠂ ᠬᠢᠩᠭ᠋ᠠᠨ ᠠᠢ᠌ᠮᠠᠭ᠂ ᠤᠯᠠᠭ᠋ᠠᠨᠬᠠᠳᠠ ᠬᠤᠳᠠ᠂ ᠤᠯᠠᠭ᠋ᠠᠨᠴᠠᠪ ᠬᠤᠳᠠ᠂ ᠪᠠᠶᠠᠨᠨᠠᠭᠤᠷ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠢᠵᠢᠭ᠎ᠤᠨ ᠬᠤᠭᠤᠴᠠᠭ᠋ᠠᠨ᠎ᠳᠤ᠎ᠬᠢ ᠬᠦᠴᠢᠷᠳᠡᠯᠲᠡᠢ ᠤᠯᠠᠨ ᠲᠦᠮᠡᠨ᠎ᠤ ᠲᠤᠰᠠᠯᠠᠮᠵᠢ ᠪᠠ ᠪᠠᠲᠤᠯᠠᠭ᠎ᠠ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠵᠢᠨ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ᠂ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠢ ᠶᠡᠷᠦᠩᠬᠡᠢ᠌ᠯᠡᠨ ᠵᠠᠰᠠᠬᠤ ᠪᠠ ᠠᠮᠵᠢᠯᠲᠠ ᠪᠦᠲᠦᠮᠵᠢ ᠵᠢ ᠦᠨᠡᠯᠡᠬᠦ ᠵᠡᠷᠭᠡ ᠠᠵᠢᠯ᠎ᠤᠨ ᠲᠤᠬᠠᠢ ᠰᠠᠨᠠᠯ ᠵᠶ᠋ᠠᠨ ᠰᠣᠯᠢᠯᠴᠠᠬᠤ ᠶᠠᠷᠢᠶ᠎ᠠ ᠲᠠᠯᠪᠢᠵᠠᠢ᠃ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠡᠢ᠌ᠭᠡᠮ᠎ᠤᠨ ᠲᠤᠰᠠᠯᠠᠮᠵᠢ ᠵᠢᠨ ᠭᠠᠵᠠᠷ᠎ᠤᠨ᠎ᠬᠢᠨ ᠠᠷᠠᠳ᠎ᠤᠨ ᠶᠠᠪᠤᠳᠠᠯ᠎ᠤᠨ ᠶᠠᠮᠤᠨ᠎ᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠡᠷᠭᠡ ᠨᠡᠢ᠌ᠭᠡᠮ᠎ᠤᠨ ᠲᠤᠰᠠᠯᠠᠮᠵᠢ ᠵᠢᠨ ᠦᠨᠳᠦᠰᠦᠨ ᠪᠠᠲᠤᠯᠠᠭ᠎ᠠ ᠵᠢ ᠤᠯᠠᠮ ᠰᠠᠢ᠌ᠲᠤᠷ ᠬᠢᠬᠦ ᠲᠤᠬᠠᠢ ᠲᠥᠷᠥ ᠵᠢᠨ ᠪᠣᠳᠣᠯᠭ᠎ᠠ ᠵᠢ ᠡᠮᠬᠢᠯᠡᠨ ᠲᠠᠢ᠌ᠯᠪᠤᠷᠢᠯᠠᠵᠤ᠂ ᠬᠣᠯᠪᠣᠭᠳᠠᠯ ᠪᠦᠬᠦᠢ ᠠᠵᠢᠯ᠎ᠤᠨ ᠠᠬᠢᠴᠠ ᠵᠢ ᠮᠡᠳᠡᠭᠳᠡᠵᠦ᠂ ᠣᠢ᠌ᠷ᠎ᠠ ᠵᠢᠨ ᠬᠤᠭᠤᠴᠠᠭ᠋ᠠᠨ᠎ᠤ ᠨᠡᠢ᠌ᠭᠡᠮ᠎ᠤᠨ ᠲᠤᠰᠠᠯᠠᠮᠵᠢ ᠵᠢᠨ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢ ᠪᠠᠢ᠌ᠷᠢᠯᠠᠭᠤᠯᠪᠠ᠃
ᠴᠧᠩ ᠬᠣᠩ ᠯᠢᠶᠠᠩ ᠴᠢᠬᠤᠯᠠᠴᠢᠯᠠᠬᠰᠠᠨ᠎ᠨᠢ᠂ ᠣᠳᠣᠬᠠᠨ᠎ᠳᠤ ᠬᠢᠵᠢᠭ᠎ᠤᠨ ᠪᠠᠢ᠌ᠳᠠᠯ ᠲᠠᠬᠢᠨ ᠳᠠᠪᠲᠠᠨ ᠡᠬᠦᠰᠴᠤ ᠪᠠᠢ᠌ᠬᠤ ᠪᠠ ᠠᠵᠤ ᠠᠬᠤᠢ ᠪᠠᠭᠤᠷᠠᠵᠤ᠂ ᠠᠷᠠᠳ᠎ᠤᠨ ᠠᠮᠢᠳᠤᠷᠠᠯ᠎ᠤᠨ ᠦᠨᠳᠦᠰᠦᠨ ᠪᠠᠳᠤᠯᠠᠭ᠎ᠠ ᠵᠢᠨ ᠬᠣᠷᠢᠭ᠎ᠠ ᠱᠤᠭᠤᠮ᠎ᠢ ᠪᠠᠲᠤ ᠰᠠᠬᠢᠬᠤ ᠡᠭᠦᠷᠭᠡ ᠲᠤᠢ᠌ᠯ᠎ᠤᠨ ᠨᠦᠰᠡᠷ ᠬᠦᠨᠳᠦ ᠪᠠᠢ᠌ᠨ᠎ᠠ᠂ ᠭᠣᠣᠯᠳᠠᠯᠭ᠎ᠠ᠎ᠲᠠᠢ ᠡᠭᠦᠷᠭᠡ ᠵᠢ ᠴᠢᠩᠭ᠎ᠠ ᠡᠵᠡᠮᠳᠡᠵᠦ᠂ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠪᠣᠯᠣᠨ ᠪᠠᠭᠤᠷᠠᠢ ᠭᠣᠭᠴᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠡᠯ᠎ᠡ ᠵᠦᠢ᠍ᠯ᠎ᠤᠨ ᠠᠵᠢᠯ ᠵᠶ᠋ᠠᠨ ᠭᠦᠨᠵᠡᠭᠡᠢ ᠪᠣᠳᠠᠲᠠᠢ ᠨᠠᠷᠢᠯᠢᠭ ᠬᠢᠵᠦ᠂ ᠣᠨ᠎ᠤ ᠭᠣᠣᠯᠳᠠᠯᠭ᠎ᠠ᠎ᠲᠠᠢ ᠠᠵᠢᠯ᠎ᠤᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠵᠤ ᠦᠨᠳᠦᠰᠦᠨ ᠪᠠᠳᠤᠯᠠᠭ᠎ᠠ ᠵᠢᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠵᠦ᠂ ᠨᠠᠭ᠋ᠠᠲᠤ ᠵᠠᠬ᠎ᠠ ᠵᠢᠨ ᠪᠠᠳᠤᠯᠠᠭ᠎ᠠ ᠵᠢ ᠢᠳᠡᠭ ᠢᠳᠡᠭ ᠵᠶ᠋ᠡᠷ ᠭᠠᠷᠭ᠋ᠠᠬᠤ ᠵᠡᠷᠭᠡ ᠲᠦᠷᠦ ᠵᠢᠨ ᠪᠣᠳᠣᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠠᠮᠢᠳᠤᠷᠠᠯ᠎ᠤᠨ ᠦᠨᠳᠦᠰᠦᠨ ᠲᠤᠰᠠᠯᠠᠮᠵᠢ ᠵᠢ ᠪᠠᠲᠤᠳᠬᠠᠵᠤ᠂ ᠲᠤᠰᠬᠠᠢ ᠲᠦᠷᠦᠯ᠎ᠤᠨ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠢ ᠰᠠᠢ᠌ᠲᠤᠷ ᠬᠢᠬᠦ ᠬᠡᠷᠡᠭᠲᠡᠢ᠃ ᠬᠦᠴᠢᠷᠳᠡᠯᠲᠡᠢ ᠤᠯᠠᠨ ᠲᠦᠮᠡᠨ᠎ᠤ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ᠂ ᠳᠣᠣᠷ᠎ᠠ ᠣᠷᠣᠯᠭ᠎ᠠ᠎ᠲᠠᠢ ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠢᠨᠠᠬᠤ᠂ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠬᠠᠷᠭᠤᠭᠤᠯᠬᠤ ᠵᠡᠷᠭᠡ ᠲᠣᠭᠲᠠᠴᠠ ᠵᠢ ᠪᠦᠷᠢᠨᠰᠢᠭᠦᠯᠵᠦ᠂ ᠣᠨᠴᠠ ᠬᠦᠴᠢᠷᠳᠡᠯᠲᠡᠢ ᠬᠥᠮᠥᠰ᠎ᠤᠨ ᠣᠨᠴᠠᠯᠢᠭ ᠪᠣᠯᠣᠨ ᠬᠡᠷᠡᠭᠴᠡᠭᠡ᠎ᠳᠤ ᠴᠢᠭᠯᠡᠭᠦᠯᠦᠨ ᠤᠨᠢᠨ ᠳᠡᠭᠡᠷ᠎ᠡ᠎ᠨᠢ ᠲᠦᠷᠦ ᠵᠢᠨ ᠪᠣᠳᠣᠯᠭ᠎ᠠ ᠬᠡᠷᠡᠭᠵᠢᠭᠦᠯᠵᠦ᠂ ᠪᠡᠯᠡ ᠮᠥᠩᠭᠥ ᠵᠢ ᠬᠢᠨᠠᠨ ᠬᠠᠮᠢᠶᠠᠷᠬᠤ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠢ᠌ᠭᠤᠯᠵᠤ᠂ 《ᠦᠨᠳᠦᠰᠦᠨ ᠪᠠᠳᠤᠯᠠᠭ᠎ᠠ》 ᠵᠢ ᠪᠠᠲᠤᠯᠠᠬᠤ ᠬᠡᠷᠡᠭᠲᠡᠢ᠃
ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠤᠪᠢᠳᠠᠨ ᠬᠠᠮᠢᠶᠠᠷᠴᠤ ᠪᠠᠢ᠌ᠭ᠎ᠠ ᠬᠠᠷᠢᠭᠤᠴᠠᠯᠭ᠋ᠠᠲᠠᠨ ᠨᠥᠬᠥᠳ᠂ ᠨᠡᠢ᠌ᠭᠡᠮ᠎ᠤᠨ ᠲᠤᠰᠠᠯᠠᠮᠵᠢ ᠵᠢᠨ ᠰᠠᠯᠠᠭ᠎ᠠ ᠵᠢᠨ ᠬᠠᠷᠢᠭᠤᠴᠠᠯᠭ᠋ᠠᠳᠠᠳ ᠪᠣᠯᠪᠠᠰᠤᠷᠠᠯ᠎ᠳᠤ ᠣᠷᠣᠯᠴᠠᠪᠠ᠃