ᠠᠢ᠌ᠮᠠᠭ ᠬᠣᠲᠠ᠂ ᠬᠣᠰᠢᠭᠤ ᠰᠢᠶᠠᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠠᠩᠰᠠᠯᠠᠨ ᠬᠠᠮᠢᠶᠠᠷᠬᠤ ᠪᠠᠢ᠌ᠭᠤᠯᠭ᠎ᠠ ᠵᠢᠨ ᠭᠠᠷᠲᠠᠨ ᠭᠦᠢ᠍ᠴᠡᠳᠬᠡᠬᠦ ᠦᠢ᠍ᠯᠡᠴᠢᠯᠡᠭᠡᠨ᠎ᠤ ᠴᠢᠳᠠᠪᠤᠷᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠠᠵᠢᠯᠲᠠᠨ᠎ᠤ ᠪᠦᠬᠦᠯᠢ ᠴᠣᠭᠴᠠ ᠵᠢᠨ ᠬᠡᠪ ᠴᠢᠨᠠᠷ᠎ᠢ ᠲᠡᠭᠡᠭᠰᠢᠯᠡᠬᠦᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯ᠎ᠳᠤ ᠲᠠᠯᠪᠢᠭᠰᠠᠨ ᠱᠠᠭ᠋ᠠᠷᠳᠠᠯᠭ᠎ᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠵᠤ᠂ ᠪᠥᠬᠥ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠠᠬᠢᠭᠤᠯᠬᠤ ᠵᠢᠨ ᠲᠦᠯᠤᠬᠡ᠂ 11 ᠳ᠋ᠤᠬᠡᠷ ᠰᠠᠷ᠎ᠠ ᠵᠢᠨ 4᠎ᠤ ᠡᠳᠦᠷ᠎ᠠᠴᠠ 18᠎ᠤ ᠡᠳᠦᠷ ᠪᠣᠯᠲᠠᠯ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠪᠥᠬᠥ ᠣᠷᠣᠨ᠎ᠤ ᠠᠢ᠌ᠮᠠᠭ ᠬᠣᠲᠠ᠂ ᠬᠣᠰᠢᠭᠤ ᠰᠢᠶᠠᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠡᠩᠰᠡᠯᠡᠨ ᠬᠠᠮᠢᠶᠠᠷᠬᠤ ᠪᠠᠢ᠌ᠭᠤᠯᠭ᠎ᠠ ᠵᠢᠨ ᠠᠵᠢᠯᠲᠠᠨ᠎ᠢ ᠵᠣᠬᠢᠶᠠᠨ ᠪᠠᠢ᠌ᠭᠤᠯᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠡᠩᠰᠡᠯᠡᠨ ᠬᠠᠮᠢᠶᠠᠷᠬᠤ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠢ ᠦᠷᠨᠢᠬᠦᠯᠪᠡ᠃
ᠪᠣᠯᠪᠠᠰᠤᠷᠠᠯ᠎ᠢ ᠰᠦᠯᠵᠢᠶᠡᠨ ᠳᠡᠭᠡᠷ᠎ᠡ ᠲᠠᠢ᠌ᠯᠪᠤᠷᠢᠯᠠᠬᠤ ᠪᠠ ᠲᠤᠬᠠᠢ ᠵᠢᠨ ᠲᠠᠯᠠᠪᠤᠷ᠎ᠲᠤ ᠰᠣᠯᠢᠯᠴᠠᠬᠤ ᠠᠷᠭ᠎ᠠ ᠪᠠᠷ ᠶᠠᠪᠤᠭᠳᠠᠭᠤᠯᠵᠤ᠂ ᠨᠡᠢ᠌ᠭᠡᠮ᠎ᠤᠨ ᠪᠦᠯᠬᠦᠮ᠂ ᠰᠠᠭᠤᠷᠢ ᠮᠥᠩᠭᠥᠨ᠎ᠤ ᠨᠡᠢ᠌ᠭᠡᠮᠯᠢᠭ ᠪᠠ ᠠᠷᠠᠳ᠎ᠠᠴᠠ ᠡᠷᠭᠢᠯᠡᠭᠰᠡᠨ ᠠᠵᠤ ᠠᠬᠤᠢ᠌ᠯᠠᠯ᠎ᠤᠨ ᠪᠤᠰᠤ ᠨᠢᠬᠡᠴᠢ ᠵᠢᠨ ᠳᠡᠩᠰᠡᠯᠡᠨ ᠲᠡᠮᠳᠡᠭᠯᠡᠬᠦ ᠪᠣᠳᠠᠲᠤ ᠶᠠᠪᠤᠳᠠᠯ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠵᠡᠷᠭᠡ ᠳᠡᠰ᠎ᠢ ᠦᠨᠡᠯᠡᠬᠦ ᠪᠠ ᠣᠨ᠎ᠤ ᠪᠠᠢ᠌ᠴᠠᠭ᠋ᠠᠯᠲᠠ ᠵᠡᠷᠭᠡ ᠵᠢᠨ ᠲᠣᠭᠣᠷᠢᠨ᠎ᠳᠤ ᠬᠢᠴᠢᠶᠡᠯᠯᠡᠪᠡ᠃ ᠡᠭᠦᠨ᠎ᠤ ᠬᠠᠮᠲᠤ ᠪᠠᠢ᠌ᠭᠤᠯᠭ᠎ᠠ ᠵᠢᠨ ᠠᠵᠢᠯ᠎ᠤᠨ ᠬᠡᠷᠡᠭᠴᠡᠭᠡ᠎ᠠᠴᠠ ᠡᠭᠦᠰᠴᠦ᠂ ᠪᠠᠢ᠌ᠭᠤᠯᠭ᠎ᠠ ᠵᠢᠨ ᠠᠯᠪᠠᠨ ᠪᠢᠴᠢᠭ᠎ᠢ ᠵᠣᠬᠢᠶᠠᠨ ᠪᠢᠴᠢᠬᠦ᠂ ᠰᠢᠨ᠎ᠡ ᠵᠠᠭᠤᠴᠢᠯᠠᠭᠤᠷ᠎ᠤᠨ ᠲᠤᠬᠠᠢ᠌ᠯᠠᠭᠰᠠᠨ ᠠᠵᠢᠯ᠎ᠤᠨ ᠳᠤᠮᠳᠠᠬᠢ ᠬᠡᠷᠡᠭᠯᠡᠯᠲᠡ᠂ ᠲᠤᠬᠠᠢ᠌ᠯᠠᠭᠰᠠᠨ ᠠᠵᠢᠯ᠎ᠤᠨ ᠠᠵᠢᠯᠯᠠᠭ᠎ᠠ ᠵᠢ ᠤᠬᠠᠭᠤᠯᠬᠤ ᠪᠠ ᠵᠣᠬᠢᠶᠠᠨ ᠪᠠᠶ᠋ᠢᠭᠤᠯᠬᠤ ᠵᠡᠷᠭᠡ ᠠᠭᠤᠯᠭ᠎ᠠ ᠵᠢᠨ ᠲᠠᠯ᠎ᠠ᠎ᠪᠠᠷ ᠲᠤᠰᠬᠠᠢ ᠰᠡᠳᠦᠪ ᠵᠶ᠋ᠡᠷ ᠬᠠᠪᠰᠤᠷᠤᠨ ᠵᠢᠯᠣᠭᠣᠳᠪᠠ᠃ ᠥᠪᠥᠷ ᠮᠣᠩᠭᠣᠯ᠎ᠤᠨ ᠭᠦᠸᠧ ᠵᠧᠩ ᠨᠢᠭᠲᠠᠯᠠᠨ ᠪᠤᠳᠤᠭᠴᠢ ᠵᠢᠨ ᠬᠡᠷᠡᠭ ᠡᠷᠬᠢᠯᠡᠬᠦ ᠭᠠᠵᠠᠷ᠎ᠤᠨ ᠲᠤᠬᠠᠢ᠌ᠯᠠᠭᠰᠠᠨ ᠠᠵᠢᠯ᠎ᠤᠨ ᠲᠤᠰᠬᠠᠢ ᠮᠡᠷᠭᠡᠵᠢᠯᠲᠡᠨ᠎ᠢ ᠤᠷᠢᠵᠤ᠂ ᠠᠷᠠᠳ᠎ᠤᠨ ᠠᠰᠢᠭ ᠬᠣᠨᠵᠢᠪᠤᠷᠢ ᠵᠢᠨ ᠪᠤᠰᠤ ᠵᠣᠬᠢᠶᠠᠨ ᠪᠠᠢ᠌ᠭᠤᠯᠤᠯᠲᠠ ᠵᠢᠨ ᠡᠳ᠋᠎ᠤᠨ ᠶᠠᠪᠤᠳᠠᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠨᠠᠢ᠌ᠷᠠᠭᠤᠯᠤᠨ ᠵᠣᠬᠢᠶᠠᠬᠤ ᠪᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠭᠠᠢ᠌ᠯᠢ ᠲᠠᠲᠠᠪᠤᠷᠢ ᠵᠢᠨ ᠲᠥᠷᠥ ᠵᠢᠨ ᠪᠣᠳᠣᠯᠭ᠎ᠠ᠎ᠳᠤ ᠵᠠᠳᠠᠯᠤᠯᠲᠠ ᠬᠢᠵᠦ᠂ ᠣᠨ᠎ᠤ ᠪᠠᠢ᠌ᠴᠠᠭ᠋ᠠᠯᠲᠠ ᠵᠢᠨ ᠳᠤᠮᠳᠠᠬᠢ ᠡᠳ᠋᠎ᠤᠨ ᠶᠠᠪᠤᠳᠠᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠨᠠᠢ᠌ᠷᠠᠭᠤᠯᠤᠨ ᠵᠣᠬᠢᠶᠠᠬᠤ ᠵᠢᠨ ᠠᠴᠢ ᠬᠣᠯᠪᠣᠭᠳᠠᠯ᠂ ᠲᠠᠭᠯᠠᠨ ᠮᠡᠳᠡᠭᠦᠯᠬᠦ ᠠᠷᠭ᠎ᠠ᠂ ᠮᠠᠨ᠎ᠤ ᠤᠯᠤᠰ᠎ᠤᠨ ᠭᠠᠢ᠌ᠯᠢ ᠲᠠᠲᠠᠪᠤᠷᠢ ᠵᠢᠨ ᠬᠥᠭᠵᠢᠯᠲᠡ ᠵᠢᠨ ᠶᠠᠪᠤᠴᠠ ᠪᠠ ᠡᠯ᠎ᠡ ᠵᠦᠢ᠍ᠯ᠎ᠤᠨ ᠭᠠᠢ᠌ᠯᠢ ᠵᠢᠨ ᠲᠥᠷᠥᠯ᠎ᠤᠨ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠠᠰᠠᠭᠤᠳᠠᠯ᠎ᠳᠤ ᠨᠠᠷᠢᠨ ᠲᠠᠢ᠌ᠯᠪᠤᠷᠢᠯᠠᠵᠠᠢ᠃
ᠲᠣᠰ ᠪᠣᠯᠪᠠᠰᠤᠷᠠᠯ᠎ᠤᠨ ᠬᠠᠨᠳᠤᠯᠭ᠋ᠠᠲᠤ ᠴᠢᠨᠠᠷ ᠵᠶ᠋ᠠᠷ ᠴᠢᠩᠭ᠎ᠠ᠂ ᠪᠤᠳᠠᠳᠠᠢ ᠰᠤᠷᠤᠯᠴᠠᠯᠭ᠎ᠠ ᠪᠠ ᠰᠦᠯᠵᠢᠶ᠎ᠡ᠎ᠪᠠᠷ ᠮᠠᠳᠠᠭ᠎ᠲᠠᠢ ᠠᠰᠠᠭᠤᠳᠠᠯ᠎ᠢ ᠰᠢᠢ᠍ᠳᠪᠦᠷᠢᠯᠡᠬᠦ᠎ᠪᠠᠷ ᠳᠠᠮᠵᠢᠭᠤᠯᠤᠨ᠂ ᠳᠡᠩᠰᠡᠯᠡᠨ ᠲᠡᠮᠳᠡᠭᠯᠡᠬᠦ ᠪᠠᠢ᠌ᠭᠤᠯᠭ᠎ᠠ ᠵᠢᠨ ᠠᠵᠢᠯᠲᠠᠨ᠎ᠢ ᠬᠠᠪᠰᠤᠷᠤᠨ ᠳᠡᠩᠰᠡᠯᠡᠨ ᠬᠠᠮᠢᠶᠠᠷᠬᠤ ᠦᠢ᠍ᠯᠡᠴᠢᠯᠡᠭᠡᠨ᠎ᠤ ᠪᠠᠷᠢᠮᠵᠢᠶ᠎ᠠ ᠪᠠ ᠠᠷᠭ᠎ᠠ ᠵᠢ ᠡᠵᠡᠮᠰᠢᠭᠦᠯᠦᠭᠰᠡᠨ ᠪᠠᠢ᠌ᠨ᠎ᠠ᠃ ᠣᠯᠠᠨ ᠵᠶ᠋ᠠᠷ ᠵᠶ᠋ᠠᠨ᠂ ᠰᠣᠷᠣᠭᠰᠠᠨ ᠮᠡᠳᠡᠯᠭᠡ᠎ᠪᠠᠨ ᠡᠳᠦᠷ ᠲᠤᠲᠤᠮ᠎ᠤᠨ ᠳᠡᠩᠰᠡᠯᠡᠨ ᠬᠠᠮᠢᠶᠠᠷᠬᠤ ᠠᠵᠢᠯ᠎ᠳᠤ ᠬᠡᠷᠡᠭᠯᠡᠵᠦ᠂ ᠡᠯ᠎ᠡ ᠵᠦᠢ᠍ᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠠᠵᠢᠯ᠎ᠢ ᠦᠨᠡᠨ ᠬᠦ᠌ ᠰᠠᠢ᠌ᠲᠤᠷ ᠬᠢᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠥᠲᠥᠯᠥᠨ ᠵᠢᠯᠤᠭᠣᠳᠴᠤ ᠪᠠᠢ᠌ᠭ᠋ᠠᠳ ᠤᠯᠤᠰ ᠣᠷᠣᠨ᠎ᠳᠤ ᠦᠢ᠍ᠯᠡᠴᠢᠯᠡᠬᠦ᠂ ᠨᠡᠢ᠌ᠭᠡᠮ᠎ᠳᠤ ᠦᠢ᠍ᠯᠡᠴᠢᠯᠡᠬᠦ᠂ ᠣᠯᠠᠨ ᠲᠦᠮᠡᠨ᠎ᠳᠤ ᠦᠢ᠍ᠯᠡᠴᠢᠯᠡᠬᠦ᠂ ᠠᠵᠢᠯ ᠲᠥᠷᠥᠯ᠎ᠳᠤ ᠦᠢ᠍ᠯᠡᠴᠢᠯᠡᠬᠦ ᠦᠢ᠍ᠯᠡᠳᠦᠯ᠎ᠢ᠎ᠨᠢ ᠨᠠᠩ ᠰᠠᠢ᠌ᠲᠤᠷ ᠪᠠᠳᠠᠷᠠᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠦᠷᠢᠶ᠎ᠡ ᠴᠠᠷᠠᠭ᠎ᠠ᠎ᠳᠤ ᠨᠠᠢ᠌ᠳᠠᠪᠤᠷᠢᠵᠢᠭᠤᠯᠤᠨ ᠦᠨᠳᠦᠰᠦᠯᠡᠭᠦᠯᠬᠦ ᠵᠢ ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠷᠬᠡᠢ᠌ᠯᠡᠪᠡ᠃