ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠦᠪᠡᠷᠳᠡᠬᠡᠨ ᠵᠠᠰᠠᠬᠤ ᠤᠷᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ ᠨᠠᠮ᠎ᠤᠨ ᠡᠭᠦᠷ ᠥᠪᠥᠷ ᠮᠣᠩᠭᠣᠯ᠎ᠳᠤ᠎ᠬᠢ ᠵᠧᠵᠢᠶᠠᠩ᠎ᠤᠨ ᠬᠤᠳᠠᠯᠳᠤᠭ᠋ᠠᠴᠢᠳ᠎ᠤᠨ ᠡᠪᠯᠡᠯ᠎ᠤᠨ᠎ᠬᠢᠨ᠎ᠲᠠᠢ 《ᠵᠧᠵᠢᠶᠠᠩ᠎ᠤᠨ ᠬᠤᠳᠠᠯᠳᠤᠭ᠋ᠠᠴᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠎ᠳᠤ ᠬᠦᠴᠦᠨ ᠨᠡᠮᠡᠷᠢᠯᠡᠬᠦ》 ᠲᠤᠬᠠᠢ ᠰᠣᠳᠤᠯᠤᠨ ᠶᠠᠷᠢᠯᠴᠠᠬᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠨᠡᠶᠢᠲᠡᠯᠡᠭᠰᠡᠨ ᠴᠠᠭ᠄ 2023-03-02

     ᠥᠪᠥᠷ ᠮᠣᠩᠭᠣᠯ᠎ᠤᠨ ᠦᠪᠡᠷᠳᠡᠬᠡᠨ ᠵᠠᠰᠠᠬᠤ ᠤᠷᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ ᠨᠠᠮ᠎ᠤᠨ ᠡᠭᠦᠷ᠎ᠤᠨ᠎ᠬᠢᠨ 2 ᠳ᠋ᠤᠭ᠋ᠠᠷ ᠰᠠᠷ᠎ᠠ ᠵᠢᠨ 27᠎ᠤ ᠡᠳᠦᠷ᠎ᠤᠨ ᠦᠳᠡ ᠵᠢᠨ ᠬᠣᠢ᠌ᠨ᠎ᠠ ᠥᠪᠥᠷ ᠮᠣᠩᠭᠣᠯ᠎ᠳᠤ᠎ᠬᠢ ᠵᠧᠵᠢᠶᠠᠩ᠎ᠤᠨ ᠬᠤᠳᠠᠯᠳᠤᠭ᠋ᠠᠴᠢᠳ᠎ᠤᠨ ᠡᠪᠯᠡᠯ᠎ᠳᠤ ᠬᠦᠷᠴᠦ᠂ 《ᠵᠧᠵᠢᠶᠠᠩ᠎ᠤᠨ ᠬᠤᠳᠠᠯᠳᠤᠭ᠋ᠠᠴᠢᠳ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠎ᠳᠤ ᠬᠦᠴᠦᠨ ᠨᠡᠮᠡᠷᠢᠯᠡᠬᠦ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ᠃ ᠥᠪᠥᠷ ᠮᠣᠩᠭᠣᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶ᠎ᠠ ᠵᠢᠨ ᠱᠦᠵᠢ ᠬᠥᠩ ᠸᠧᠢ ᠴᠦᠨ ᠨᠥᠬᠥᠷ ᠠᠵᠢᠯᠯᠠᠭ᠎ᠠ᠎ᠳᠤ ᠣᠷᠣᠯᠴᠠᠭᠰᠠᠨ ᠪᠥᠭᠡᠳ ᠰᠤᠳᠤᠯᠤᠨ ᠶᠠᠷᠢᠯᠴᠠᠬᠤ᠎ᠳᠤ ᠣᠷᠣᠯᠴᠠᠵᠠᠢ᠃
     ᠨᠠᠮ᠎ᠤᠨ ᠡᠭᠦᠷ᠎ᠤᠨ᠎ᠬᠢᠨ ᠥᠪᠥᠷ ᠮᠣᠩᠭᠣᠯ᠎ᠳᠤ᠎ᠬᠢ ᠵᠧᠵᠢᠶᠠᠩ᠎ᠤᠨ ᠬᠤᠳᠠᠯᠳᠤᠭ᠋ᠠᠴᠢᠳ᠎ᠤᠨ ᠡᠪᠯᠡᠯ᠎ᠤᠨ ᠤᠷᠴᠢᠮ᠎ᠤᠨ ᠵᠢᠯ᠎ᠤᠨ ᠬᠥᠭᠵᠢᠯᠲᠡ ᠵᠢᠨ ᠪᠠᠢ᠌ᠳᠠᠯ᠎ᠢ ᠲᠣᠭᠣᠷᠢᠨ ᠦᠵᠡᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠸᠡᠭ᠎ᠤᠨ 《ᠪᠦᠬᠦ ᠣᠷᠣᠨ᠎ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠶᠡᠬᠡ ᠬᠤᠷᠠᠯ ᠳᠡᠭᠡᠷᠡᠬᠢ ᠶᠠᠷᠢᠶ᠎ᠠ》ᠵᠢ ᠰᠤᠷᠤᠯᠴᠠᠵᠠᠭ᠋ᠠᠪᠠ᠃ ᠳᠡᠳ᠋ ᠨᠠᠷᠢᠨ ᠪᠢᠴᠢᠭ᠎ᠤᠨ ᠳᠠᠷᠤᠭ᠎ᠠ ᠯᠢᠨ ᠸᠧᠢ ᠬᠤᠷᠠᠯ᠎ᠳᠤ ᠣᠷᠣᠯᠴᠠᠭᠰᠠᠳ᠎ᠲᠤ ᠵᠧᠵᠢᠶᠠᠩ᠎ᠤᠨ ᠬᠤᠳᠠᠯᠳᠤᠭ᠋ᠠᠴᠢᠳ᠎ᠤᠨ ᠡᠪᠯᠡᠯ᠎ᠤᠨ ᠵᠣᠬᠢᠶᠠᠨ ᠪᠠᠢ᠌ᠭᠤᠯᠤᠯᠲᠠ ᠵᠢᠨ ᠪᠦᠲᠦᠴᠡ᠂ ᠠᠵᠢᠯᠲᠠᠨ᠎ᠤ ᠪᠦᠲᠦᠴᠡ ᠪᠣᠯᠣᠨ ᠥᠩᠭᠡᠷᠡᠭᠰᠡᠨ ᠵᠢᠯ᠎ᠤᠳ᠎ᠤᠨ ᠬᠥᠭᠵᠢᠯᠲᠡ ᠵᠢᠨ ᠪᠠᠢ᠌ᠳᠠᠯ᠎ᠢ ᠲᠠᠨᠢᠯᠴᠠᠭᠤᠯᠵᠠᠢ᠃ ᠥᠪᠥᠷ ᠮᠣᠩᠭᠣᠯ᠎ᠳᠤ᠎ᠬᠢ ᠵᠧᠵᠢᠶᠠᠩ᠎ᠤᠨ ᠬᠤᠳᠠᠯᠳᠤᠭ᠋ᠠᠴᠢᠳ᠎ᠤᠨ ᠡᠪᠯᠡᠯ 2006 ᠣᠨ᠎ᠤ 9 ᠰᠠᠷ᠎ᠠ᠎ᠳᠤ ᠳᠠᠩᠰᠠᠯᠠᠭᠤᠯᠤᠨ ᠪᠠᠢ᠌ᠭᠤᠯᠤᠭᠳᠠᠵᠤ᠂ ᠤᠳᠤ 700 ᠭᠠᠷᠤᠢ ᠭᠡᠰᠢᠭᠦᠨ᠎ᠤ ᠨᠢᠭᠡᠴᠢ᠎ᠲᠠᠢ ᠪᠣᠯᠵᠠᠢ᠃ ᠬᠤᠳᠠᠯᠳᠤᠭ᠋ᠠᠴᠢᠳ᠎ᠤᠨ ᠡᠪᠯᠡᠯ 《ᠠᠷᠭ᠎ᠠ ᠪᠦᠬᠦᠨ᠎ᠢ ᠰᠦᠪᠡᠭᠴᠢᠯᠡᠨ ᠨᠠᠷᠠᠲᠤ ᠲᠥᠷᠥᠯ ᠲᠡᠮᠳᠡᠭᠲᠦ ᠵᠢ ᠳᠡᠭᠡᠭᠰᠢᠯᠡᠭᠦᠯᠬᠦ᠂ ᠵᠠᠬ᠎ᠠ ᠳᠡᠯᠭᠡᠭᠦᠷ᠎ᠢ ᠪᠠᠲᠤᠯᠠᠬᠤ᠂ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ᠂ ᠬᠠᠮᠢᠶᠠᠷᠤᠯᠲᠠ᠎ᠪᠠᠨ ᠰᠠᠢ᠌ᠵᠢᠷᠠᠭᠤᠯᠬᠤ》 《ᠰᠢᠨ᠎ᠡ ᠳᠥᠷᠪᠡᠨ ᠮᠢᠡᠭᠭ᠎ᠠ》  ᠵᠢᠨ ᠵᠣᠷᠢᠭ ᠰᠠᠨᠠᠭ᠎ᠠ ᠵᠢ ᠪᠠᠳᠠᠷᠠᠭᠤᠯᠤᠨ᠂ ᠲᠣᠰ ᠪᠡᠶ᠎ᠡ ᠵᠢᠨ ᠳᠠᠪᠠᠭᠤᠯᠢᠭ ᠵᠶ᠋ᠠᠨ ᠪᠠᠳᠠᠷᠠᠭᠤᠯᠵᠤ᠂ ᠦᠪᠤᠷ ᠮᠤᠡᠭᠭᠤᠯ᠎ᠤᠨ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠪᠠ ᠬᠤᠳᠠᠯᠳᠤᠭ᠋ᠠᠴᠢᠳ᠎ᠤᠨ ᠡᠪᠯᠡᠯ᠎ᠤᠨ ᠭᠡᠰᠢᠭᠦᠳ᠎ᠲᠤ ᠦᠢ᠍ᠯᠡᠴᠢᠯᠡᠬᠦ ᠲᠠᠯ᠎ᠠ᠎ᠪᠠᠷ ᠢᠳᠡᠪᠬᠢᠲᠡᠢ ᠦᠢ᠍ᠯᠡᠳᠦᠯ ᠦᠵᠡᠭᠦᠯᠪᠡ᠃
     ᠬᠥᠩ ᠸᠧᠢ ᠴᠦᠨ ᠬᠡᠯᠡᠭᠰᠡᠨ᠎ᠨᠢ᠂ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠨ᠎ᠤ ᠡᠪᠯᠡᠯ ᠪᠣᠯ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠴᠢᠬᠤᠯᠠ ᠨᠡᠢ᠌ᠭᠡᠮ᠎ᠤᠨ ᠬᠦᠴᠦᠨ ᠮᠥᠨ᠂ ᠮᠠᠨ᠎ᠤ ᠣᠷᠣᠨ᠎ᠳᠤ ᠦᠰᠦᠨ ᠪᠣᠢ᠌ᠵᠢᠭᠰᠠᠨ ᠣᠷᠣᠨ᠎ᠤ ᠳᠣᠲᠣᠷᠠᠬᠢ ᠨᠡᠢ᠌ᠭᠡᠮᠯᠢᠭ ᠬᠤᠳᠠᠯᠳᠤᠭ᠋ᠠᠴᠢᠳ᠎ᠤᠨ ᠡᠪᠯᠡᠯ ᠴᠦ᠍᠂ ᠲᠣᠭᠣᠷᠢᠭ᠎ᠲᠤ ᠰᠠᠭᠤᠭ᠎ᠠ ᠣᠨᠳᠣᠣ ᠭᠠᠵᠠᠷ᠎ᠤᠨ ᠬᠤᠳᠠᠯᠳᠤᠭ᠋ᠠᠴᠢᠳ᠎ᠤᠨ ᠡᠪᠯᠡᠯ ᠴᠦ᠍ ᠴᠥᠮ ᠨᠠᠮ᠎ᠤᠨ ᠪᠠᠢ᠌ᠭᠤᠯᠤᠯᠲᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ ᠪᠠ ᠬᠤᠳᠠᠯᠳᠤᠭ᠋ᠠᠴᠢᠳ᠎ᠤᠨ ᠡᠪᠯᠡᠯ᠎ᠤᠨ ᠴᠢᠳᠠᠪᠤᠷᠢᠲᠠᠨ᠎ᠤ ᠡᠬᠢ ᠪᠠᠶᠠᠯᠢᠭ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠮᠠᠨ᠎ᠤ ᠣᠷᠣᠨ᠎ᠤ ᠠᠵᠤ ᠠᠬᠤᠢ ᠨᠡᠢ᠌ᠭᠡᠮ᠎ᠤᠨ ᠪᠦᠲᠦᠭᠡᠨ ᠪᠠᠢ᠌ᠭᠤᠯᠤᠯᠲᠠ ᠵᠢ ᠤᠬᠠᠮᠰᠠᠷ᠎ᠠᠴᠠ᠎ᠪᠠᠨ ᠳᠠᠭ᠋ᠠᠵᠤ ᠦᠢ᠍ᠯᠡᠴᠢᠯᠡᠨ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠰᠢᠨ᠎ᠡ ᠬᠦᠴᠦᠨ᠂ ᠠᠵᠢᠯ ᠲᠥᠷᠥᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠠᠭ᠋ᠠᠭᠤᠯᠤᠭᠴᠢ ᠪᠣᠯᠬᠤ᠎ᠪᠠᠷ ᠴᠢᠷᠮᠠᠢ᠌ᠬᠤ ᠬᠡᠷᠡᠭᠲᠡᠢ᠃


  

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠲᠥᠪ᠎ᠤᠨ ᠨᠠᠮ᠎ᠤᠨ ᠡᠭᠦᠷ᠎ᠤᠨ᠎ᠬᠢᠨ 2022 ᠣᠨ᠎ᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠬᠤᠷᠠᠯᠳᠤᠭᠤᠯᠵᠤ ᠨᠠᠮ᠎ᠤᠨ ᠭᠡᠰᠢᠭᠦᠨ᠎ᠢ ᠠᠷᠠᠳᠴᠢᠯᠠᠯ ᠵᠶ᠋ᠠᠷ ᠦᠨᠡᠯᠡᠬᠦ ᠠᠵᠢᠯ᠎ᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠦᠢ᠍ᠯᠡᠴᠢᠯᠡᠭᠡᠨ᠎ᠤ ᠠᠷᠭ᠎ᠠ᠎ᠪᠠᠨ ᠰᠢᠯᠢᠳᠡᠭᠵᠢᠭᠦᠯᠵᠦ ᠬᠢᠵᠢᠭ᠎ᠤᠨ ᠬᠤᠭᠤᠴᠠᠭ᠋ᠠᠨ᠎ᠳᠤ᠎ᠬᠢ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠵᠢᠨ ᠡᠯ᠎ᠡ ᠠᠵᠢᠯ᠎ᠢ ᠪᠤᠳᠠᠳᠠᠢ᠎ᠳᠤ ᠨᠠᠢ᠌ᠳᠠᠪᠤᠷᠢᠵᠢᠭᠤᠯᠵᠤ ᠪᠠᠢ᠌ᠨ᠎ᠠ
ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠤᠨ᠎ᠬᠢᠨ ᠠᠷᠠᠳ᠎ᠤᠨ ᠶᠠᠪᠤᠳᠠᠯ᠎ᠤᠨ ᠲᠢᠩᠬᠢᠮ᠎ᠤᠨ ᠰᠢᠰᠲ᠋ᠧᠮ᠎ᠤᠨ᠎ᠬᠢᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠳᠤ ᠣᠷᠣᠯᠴᠠᠭᠰᠠᠨ ᠰᠠᠢ᠌ᠨ ᠲᠤᠷᠠᠴᠤᠤᠯ᠎ᠳᠤ ᠬᠢᠵᠢᠭ᠎ᠢ ᠰᠡᠷᠬᠡᠢ᠌ᠯᠡᠬᠦ ᠪᠤᠳᠠᠰ ᠬᠤᠳᠠᠯᠳᠤᠨ ᠠᠪᠴᠤ ᠦᠭᠪᠡ
ᠮᠠᠨ᠎ᠤ ᠤᠷᠤᠨ 2022 ᠣᠨ᠎ᠳᠤ ᠣᠷᠣᠭ ᠲᠠᠡᠭᠰᠠᠯᠠᠬᠤ ᠬᠠᠮᠢᠶᠠᠷᠤᠯᠲᠠ ᠵᠢᠨ ᠠᠵᠢᠯ᠎ᠤᠨ ᠴᠢᠨᠠᠷᠯᠢᠭ ᠬᠦᠭᠵᠢᠯᠳᠡ ᠵᠢ ᠤᠯᠠᠨ ᠠᠷᠭ᠎ᠠ᠎ᠪᠠᠷ ᠠᠬᠢᠭᠤᠯᠪᠠ
 
            