ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2022 ᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠣᠨ᠎ᠤ ᠪᠠᠢ᠌ᠴᠠᠭ᠋ᠠᠯᠲᠠ ᠵᠢᠨ ᠠᠵᠢᠯ᠎ᠢ ᠥᠷᠨᠢᠭᠦᠯᠪᠡ
ᠨᠡᠶᠢᠲᠡᠯᠡᠭᠰᠡᠨ ᠴᠠᠭ᠄ 2023-03-06

     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ ᠮᠡᠳᠡᠭᠳᠡᠯ ᠨᠡᠢ᠌ᠲᠡᠯᠡᠵᠦ᠂ 2022 ᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠣᠨ᠎ᠤ ᠪᠠᠢ᠌ᠴᠠᠭ᠋ᠠᠯᠲᠠ ᠵᠢᠨ ᠠᠵᠢᠯ᠎ᠢ ᠥᠷᠨᠢᠭᠦᠯᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠨᠳᠦᠰᠦᠨ ᠪᠠᠢ᠌ᠳᠠᠯ᠂ ᠳᠣᠲᠣᠭ᠋ᠠᠳᠤ ᠵᠢᠨ ᠪᠠᠢ᠌ᠭᠤᠯᠤᠯᠲᠠ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠯᠲᠠ᠂ ᠲᠤᠬᠠᠢ᠌ᠯᠠᠭᠰᠠᠨ ᠠᠵᠢᠯ᠎ᠤᠨ ᠠᠵᠢᠯᠯᠠᠭ᠎ᠠ᠂ ᠡᠳ᠋᠎ᠤᠨ ᠶᠠᠪᠤᠳᠠᠯ᠎ᠤᠨ ᠬᠠᠮᠢᠶᠠᠷᠤᠯᠲᠠ᠂ ᠠᠵᠢᠯᠲᠠᠨ᠎ᠤ ᠬᠠᠮᠢᠶᠠᠷᠤᠯᠲᠠ᠂ ᠨᠡᠢ᠌ᠭᠡᠮ᠎ᠤᠨ ᠦᠢ᠍ᠯᠡᠴᠢᠯᠡᠭᠡ᠎ᠳᠤ ᠣᠷᠣᠯᠴᠠᠭᠰᠠᠨ ᠪᠠ ᠬᠢᠨᠠᠯᠲᠠ ᠬᠠᠮᠢᠶᠠᠷᠤᠯᠲᠠ ᠵᠢ ᠬᠦᠯᠢᠶᠡᠭᠰᠡᠨ ᠵᠡᠷᠭᠡ ᠪᠠᠢ᠌ᠳᠠᠯ᠎ᠢ ᠭᠣᠣᠯᠳᠠᠯᠭ᠎ᠠ᠎ᠲᠠᠢ ᠪᠠᠢ᠌ᠴᠠᠭ᠋ᠠᠪᠠ᠃
     ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠣᠨ᠎ᠤ ᠪᠠᠢ᠌ᠴᠠᠭ᠋ᠠᠯᠲᠠ ᠵᠢᠨ ᠠᠵᠢᠯ ᠪᠣᠯ ᠳᠡᠩᠰᠡᠯᠡᠨ ᠬᠠᠮᠢᠶᠠᠷᠬᠤ ᠪᠠᠢ᠌ᠭᠤᠯᠭ᠎ᠠ ᠪᠠ ᠲᠤᠬᠠᠢ᠌ᠯᠠᠭᠰᠠᠨ ᠠᠵᠢᠯ᠎ᠤᠨ ᠡᠷᠭᠢᠯᠡᠨ ᠬᠠᠮᠢᠶᠠᠷᠬᠤ ᠨᠢᠭᠡᠴᠢ ᠵᠢᠨ ᠬᠠᠤᠯᠢ ᠶᠣᠰᠣᠭ᠋ᠠᠷ ᠵᠠᠰᠠᠭ ᠶᠠᠪᠤᠭᠤᠯᠬᠤ ᠪᠠ ᠬᠠᠮᠢᠶᠠᠷᠬᠤ ᠵᠢᠨ ᠴᠢᠬᠤᠯᠠ ᠠᠭᠤᠯᠭ᠎ᠠ ᠮᠥᠨ᠂ ᠣᠨ᠎ᠤ ᠪᠠᠢ᠌ᠴᠠᠭ᠋ᠠᠯᠲᠠ ᠵᠢ ᠬᠦᠯᠢᠶᠡᠬᠦ ᠪᠣᠯ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠤᠯᠢ᠎ᠪᠠᠷ ᠲᠣᠭᠲᠠᠭ᠋ᠠᠭᠰᠠᠨ ᠡᠭᠦᠷᠭᠡ ᠮᠥᠨ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠠᠯᠪᠢᠬᠤ ᠬᠠᠮᠢᠶᠠᠷᠬᠤ ᠦᠢ᠍ᠯᠡᠴᠢᠯᠡᠬᠦ ᠥᠭᠡᠷᠡᠴᠢᠯᠡᠯᠲᠡ ᠵᠢ ᠠᠬᠢᠭᠤᠯᠬᠤ᠎ᠲᠠᠢ ᠤᠶᠠᠯᠳᠤᠭᠤᠯᠤᠨ᠂ ᠦᠨᠤ ᠵᠢᠯ ᠮᠠᠲ᠋ᠧᠷᠢᠶᠠᠯ᠎ᠤᠨ ᠲᠣᠭ᠎ᠠ ᠬᠡᠮᠵᠢᠶ᠎ᠡ ᠵᠢ ᠪᠠᠭ᠋ᠠᠰᠬᠠᠵᠤ᠂ ᠣᠨ᠎ᠤ ᠪᠠᠢ᠌ᠴᠠᠭ᠋ᠠᠯᠲᠠ ᠵᠢᠨ ᠬᠢᠨᠠᠨ ᠪᠣᠳᠣᠯᠲᠠ ᠵᠢᠨ ᠮᠡᠳᠡᠭᠦᠯᠦᠯᠲᠡ ᠵᠢ ᠬᠦᠴᠦᠨ ᠦᠭᠡᠢ ᠪᠣᠯᠭ᠋ᠠᠵᠤ᠂ ᠨᠠᠮ᠎ᠤᠨ ᠪᠠᠢ᠌ᠭᠤᠯᠤᠯᠲᠠ ᠪᠠ ᠲᠤᠬᠠᠢ᠌ᠯᠠᠭᠰᠠᠨ ᠠᠵᠢᠯ᠎ᠤᠨ ᠠᠵᠢᠯ᠎ᠤᠨ ᠮᠡᠳᠡᠭᠦᠯᠦᠯᠲᠡ ᠵᠢ ᠨᠡᠢ᠌ᠯᠡᠭᠦᠯᠦᠨ᠂ ᠲᠠᠰ ᠳᠠᠷᠠᠭ᠋ᠠᠯᠠᠯ᠎ᠢ ᠪᠠᠭ᠋ᠠᠰᠬᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠠᠷᠤᠭ᠋ᠠᠰᠤ ᠵᠢ ᠬᠥᠩᠭᠡᠷᠡᠭᠦᠯᠪᠡ᠃
     ᠳᠠᠷᠠᠭ᠋ᠠᠴᠢ᠎ᠪᠠᠷ 《ᠨᠡᠢ᠌ᠭᠡᠮ᠎ᠤᠨ ᠪᠦᠯᠬᠦᠮ᠎ᠤᠨ ᠳᠠᠩᠰᠠᠯᠠᠯ᠎ᠤᠨ ᠬᠠᠮᠢᠶᠠᠷᠤᠯᠲᠠ ᠵᠢᠨ ᠳᠦᠷᠢᠮ》 《ᠰᠠᠭᠤᠷᠢ ᠮᠦᠡᠭᠭᠦᠨ᠎ᠤ ᠨᠡᠢ᠌ᠭᠡᠮᠯᠢᠭ᠎ᠤᠨ ᠬᠠᠮᠢᠶᠠᠷᠤᠯᠲᠠ ᠵᠢᠨ ᠳᠦᠷᠢᠮ》 《ᠠᠷᠠᠳ᠎ᠠᠴᠠ ᠡᠷᠭᠢᠯᠡᠭᠰᠡᠨ ᠠᠵᠤ ᠠᠬᠤᠢ᠌ᠯᠠᠯ᠎ᠤᠨ ᠪᠤᠰᠤ ᠨᠢᠬᠡᠴᠢ ᠵᠢᠨ ᠳᠠᠩᠰᠠᠯᠠᠯ᠎ᠤᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠳᠦᠷᠢᠮ》 ᠵᠡᠷᠭᠡ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢ ᠦᠨᠳᠦᠰᠦᠯᠡᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠮᠡᠳᠡᠬᠦᠯᠦᠭᠰᠡᠨ ᠣᠨ᠎ᠤ ᠪᠠᠢ᠌ᠴᠠᠭ᠋ᠠᠯᠲᠠ ᠵᠢᠨ ᠮᠠᠲ᠋ᠧᠷᠢᠶᠠᠯ᠎ᠢ ᠬᠢᠨᠠᠨ ᠬᠠᠷᠭᠤᠭᠤᠯᠬᠤ ᠵᠢᠨ ᠬᠠᠮᠲᠤ ᠰᠤᠭᠤᠴᠢᠨ ᠪᠠᠢ᠌ᠴᠠᠭ᠋ᠠᠵᠤ ᠬᠢᠨᠠᠨ ᠪᠤᠳᠤᠬᠤ᠂ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠬᠤ ᠪᠠ ᠪᠤᠰᠤᠳ ᠠᠰᠠᠭᠤᠳᠠᠯ᠎ᠤᠨ ᠰᠦᠪᠡᠭᠴᠢ ᠵᠢ ᠬᠢᠨᠠᠨ ᠬᠠᠷᠭᠤᠭᠤᠯᠤᠭᠰᠠᠨ ᠪᠠᠢ᠌ᠳᠠᠯ᠎ᠲᠠᠢ ᠤᠶᠠᠯᠳᠤᠭᠤᠯᠤᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ 2022 ᠣᠨ᠎ᠤ ᠣᠨ᠎ᠤ ᠪᠠᠢ᠌ᠴᠠᠭ᠋ᠠᠯᠲᠠ ᠵᠢᠨ ᠳ᠋ᠦᠩᠨᠡᠯᠲᠡ ᠵᠢ ᠶᠡᠷᠦᠩᠬᠡᠢ᠌ᠯᠡᠨ ᠰᠤᠳᠤᠯᠤᠨ ᠲᠣᠭᠲᠠᠭ᠋ᠠᠬᠤ ᠵᠢᠨ ᠬᠠᠮᠲᠤ ᠨᠡᠢ᠌ᠭᠡᠮ᠎ᠳᠤ ᠵᠠᠷᠯᠠᠬᠤ ᠪᠤᠯᠤᠨ᠎ᠠ᠃

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶ᠎ᠠ ᠵᠢᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠢ ᠲᠤᠰᠬᠠᠢ ᠰᠡᠳᠤᠪ ᠵᠶ᠋ᠡᠷ ᠵᠠᠳᠠᠯᠤᠨ ᠮᠠᠭ᠋ᠠᠳᠯᠠᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠬᠤᠷᠠᠯ ᠬᠤᠷᠠᠯᠳᠤᠭᠤᠯᠵᠤ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠤ ᠠᠶᠤᠯ ᠦᠬᠡᠢ ᠦᠢ᠍ᠯᠡᠳᠪᠦᠷᠢᠯᠡᠯ᠎ᠤᠨ ᠪᠠᠢ᠌ᠳᠠᠯ᠎ᠤᠨ ᠵᠠᠳᠠᠯᠵᠤ᠂ ᠭᠣᠣᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠪᠠ
ᠮᠠᠨ᠎ᠤ ᠤᠷᠤᠨ᠎ᠤ ᠡᠯ᠎ᠡ ᠭᠠᠵᠠᠷ᠎ᠤᠨ᠎ᠬᠢᠨ ᠬᠦᠴᠢᠷᠳᠡᠯᠳᠡᠢ ᠣᠯᠠᠨ ᠲᠦᠮᠡᠨ᠎ᠢ ᠲᠡᠳᠬᠦᠬᠦ ᠨᠠᠢ᠍ᠮᠠᠨ ᠠᠵᠢᠯᠯᠠᠭ᠎ᠠ᠎ᠪᠠᠷ 《ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ ᠠᠷᠠᠳ᠎ᠤᠨ ᠵᠤᠪᠠᠨᠢᠯ᠎ᠢ ᠰᠢᠢ᠍ᠳᠪᠦᠷᠢᠯᠡᠵᠦ ᠠᠷᠠᠳ᠎ᠤᠨ ᠰᠡᠳᠬᠢᠯ᠎ᠢ ᠲᠤᠯᠠᠭ᠋ᠠᠴᠠᠭᠤᠯᠵᠤ》 ᠪᠠᠢ᠌ᠨ᠎ᠠ
ᠲᠠᠪᠤᠨ ᠨᠡᠢ᠌ᠬᠡᠮ ᠬᠤᠯᠪᠤᠭ᠋ᠠᠯᠠᠨ ᠬᠥᠳᠡᠯᠦᠯᠴᠡᠵᠦ ᠨᠠᠰᠤᠲᠠᠢ᠌ᠴᠤᠳ᠎ᠲᠤ ᠵᠠᠢ ᠦᠬᠡᠢ ᠦᠢ᠍ᠯᠡᠴᠢᠯᠡᠵᠤ ᠪᠠᠢ᠌ᠨ᠎ᠠ
ᠮᠠᠨ᠎ᠤ ᠣᠷᠣᠨ᠎ᠤ ᠡᠯ᠎ᠡ ᠭᠠᠵᠠᠷ᠎ᠤᠨ᠎ᠬᠢᠨ ᠤᠯᠠᠨ ᠤᠯᠤᠰ᠎ᠤᠨ ᠰᠠᠢ᠌ᠨ ᠲᠤᠷᠠᠴᠤᠤᠯ᠎ᠤᠨ ᠡᠳᠦᠷ᠎ᠤᠨ ᠭᠤᠤᠯ ᠰᠡᠳᠤᠪᠳᠤ ᠤᠬᠠᠭᠤᠯᠭ᠎ᠠ ᠦᠷᠨᠢᠬᠦᠯᠪᠡ
 
            