ᠮᠠᠨ᠎ᠤ ᠣᠷᠣᠨ᠎ᠤ ᠠᠵᠢᠯ ᠲᠥᠷᠥᠯ᠎ᠤᠨ ᠨᠡᠢ᠌ᠭᠡᠮᠯᠢᠭ ᠂ ᠬᠤᠳᠠᠯᠳᠤᠭ᠋ᠠᠴᠢᠨ᠎ᠤ ᠡᠪᠯᠡᠯ᠎ᠢ ᠬᠠᠤᠯᠢ ᠶᠣᠰᠣᠭ᠋ᠠᠷ ᠥᠪᠡᠷᠲᠡᠭᠡᠨ ᠵᠠᠰᠠᠬᠤ ᠣᠳᠣ ᠦᠶ᠎ᠡ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠣᠯᠭ᠋ᠠᠬᠤ ᠵᠢ ᠠᠬᠢᠭᠤᠯᠵᠤ᠂ ᠬᠠᠷᠢᠴᠠᠭ᠎ᠠ᠎ᠪᠠᠨ ᠰᠠᠯᠭ᠋ᠠᠭᠰᠠᠨ᠎ᠤ ᠳᠠᠷᠠᠭ᠋ᠠᠬᠢ ᠠᠵᠢᠯ ᠲᠥᠷᠥᠯ᠎ᠤᠨ ᠨᠡᠢ᠌ᠭᠡᠮᠯᠢᠭ᠂ ᠬᠤᠳᠠᠯᠳᠤᠭ᠋ᠠᠴᠢᠨ᠎ᠤ ᠡᠪᠯᠡᠯ ᠪᠠ ᠰᠢᠭᠤᠳ ᠳᠠᠩᠰᠠᠯᠠᠭᠤᠯᠤᠭᠰᠠᠨ ᠠᠵᠢᠯ ᠲᠥᠷᠥᠯ᠎ᠤᠨ ᠨᠡᠢ᠌ᠭᠡᠮᠯᠢᠭ᠂ ᠬᠤᠳᠠᠯᠳᠤᠭ᠋ᠠᠴᠢᠨ᠎ᠤ ᠡᠪᠯᠡᠯ᠎ᠤᠨ ᠠᠵᠢᠯᠯᠠᠭ᠎ᠠ ᠵᠢ ᠵᠢᠷᠤᠮᠵᠢᠭᠤᠯᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠪᠠ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠲᠠᠢ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠤᠨ ᠨᠡᠢ᠌ᠭᠡᠮᠯᠢᠭ᠂ ᠬᠤᠳᠠᠯᠳᠤᠭ᠋ᠠᠴᠢᠨ᠎ᠤ ᠡᠪᠯᠡᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠠᠷᠭ᠎ᠠ (ᠲᠤᠷᠰᠢᠨ ᠬᠡᠷᠡᠭᠵᠢᠭᠦᠯᠬᠦ) ᠵᠢ ᠲᠤᠬᠳᠠᠭ᠋ᠠᠪᠠ᠃
《ᠠᠷᠭ᠎ᠠ》᠎ᠳᠤ ᠱᠠᠭ᠋ᠠᠷᠳᠠᠭᠰᠠᠨ᠎ᠨᠢ᠄ ᠵᠠᠰᠠᠭ ᠵᠠᠬᠢᠷᠭ᠋ᠠᠨ᠎ᠤ ᠪᠠᠢ᠌ᠭᠤᠯᠤᠯᠭ᠎ᠠ ᠬᠢᠭᠡᠳ ᠠᠵᠢᠯ ᠲᠥᠷᠥᠯ᠎ᠤᠨ ᠨᠡᠢ᠌ᠭᠡᠮᠯᠢᠭ᠂ ᠬᠤᠳᠠᠯᠳᠤᠭ᠋ᠠᠴᠢᠨ᠎ᠤ ᠡᠪᠯᠡᠯ᠎ᠤᠨ ᠡᠭᠦᠷᠭᠡ ᠴᠢᠳᠠᠪᠤᠷᠢ ᠵᠢᠨ ᠵᠠᠭ᠋ᠠᠭ ᠬᠢᠵᠠᠭ᠋ᠠᠷ᠎ᠢ ᠲᠣᠳᠣᠷᠬᠠᠢ ᠪᠣᠯᠭ᠋ᠠᠵᠤ᠂ ᠵᠠᠰᠠᠭ ᠵᠠᠬᠢᠷᠭ᠋ᠠᠨᠴᠢᠯᠠᠭᠰᠠᠨ ᠬᠠᠮᠢᠶᠠᠷᠤᠯᠲᠠ ᠵᠢᠨ ᠠᠷᠭ᠎ᠠ ᠵᠢ ᠬᠤᠪᠢᠷᠠᠭᠤᠯᠵᠤ᠂ ᠲᠤᠰᠬᠠᠢ᠌ᠵᠢᠭᠰᠠᠨ᠂ ᠬᠠᠮᠵᠢᠯᠴᠠᠭᠰᠠᠨ᠂ ᠨᠡᠢ᠌ᠭᠡᠮᠴᠢᠯᠡᠭᠰᠡᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠦᠨ᠂ ᠵᠠᠰᠠᠭ᠎ᠤᠨ ᠣᠷᠳᠣᠨ᠎ᠤ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠰᠢᠰᠲᠸᠮ᠎ᠢ ᠲᠡᠬᠦᠯᠳᠡᠷᠵᠢᠬᠦᠯᠤᠨ᠂ 《ᠬᠡᠨ ᠭᠣᠣᠯᠴᠢᠯᠠᠨ ᠬᠠᠮᠢᠶᠠᠷᠪᠠᠯ ᠬᠡᠨ ᠬᠠᠷᠢᠭᠤᠴᠠᠬᠤ》 ᠵᠠᠷᠴᠢᠮ᠎ᠢ ᠨᠠᠢ᠌ᠳᠠᠪᠤᠷᠢᠵᠢᠭᠤᠯᠬᠤ ᠬᠡᠷᠡᠭᠲᠡᠢ᠃ ᠠᠵᠢᠯ ᠲᠦᠷᠦᠯ᠎ᠤᠨ ᠨᠡᠢ᠌ᠭᠡᠮᠯᠢᠭ᠂ ᠬᠤᠳᠠᠯᠳᠤᠭ᠋ᠠᠴᠢᠨ᠎ᠤ ᠡᠪᠯᠡᠯ᠎ᠤᠨ ᠨᠠᠮ᠎ᠤᠨ ᠪᠠᠢ᠌ᠭᠤᠯᠤᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠨᠠᠮ᠎ᠤᠨ ᠵᠣᠬᠢᠶᠠᠨ ᠪᠠᠢ᠌ᠭᠤᠯᠤᠯᠲᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠯᠤᠰ ᠲᠦᠷᠦ ᠵᠢᠨ ᠭᠣᠣᠯᠯᠠᠬᠤ ᠦᠢ᠍ᠯᠡᠳᠦᠯ᠎ᠢ ᠪᠠᠳᠠᠷᠠᠭᠤᠯᠤᠨ᠎ᠠ᠃ ᠠᠵᠢᠯᠲᠠᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠲᠡᠳᠬᠦᠪᠤᠷᠢ᠎ᠳᠤ ᠭᠠᠷᠤᠬᠰᠠᠨ ᠨᠠᠮ ᠵᠠᠰᠠᠭ᠎ᠤᠨ ᠤᠳᠤᠷᠢᠳᠬᠤ ᠺᠠᠳ᠋ᠷᠴᠤᠳ᠎ᠤᠨ ᠠᠵᠢᠯ ᠲᠥᠷᠥᠯ᠎ᠤᠨ ᠨᠡᠢ᠌ᠭᠡᠮᠯᠢᠭ᠂ ᠬᠤᠳᠠᠯᠳᠤᠭ᠋ᠠᠴᠢᠨ᠎ᠤ ᠡᠪᠯᠡᠯ᠎ᠳᠤ ᠲᠤᠰᠢᠶᠠᠯ ᠬᠠᠪᠰᠤᠷᠭ᠋ᠠᠬᠤ ᠠᠵᠢᠯᠯᠠᠭ᠎ᠠ ᠵᠢ ᠲᠦᠷᠢᠮᠵᠢᠬᠦᠯᠤᠨ᠎ᠡ᠃ ᠬᠠᠤᠯᠢ ᠵᠢᠨ ᠡᠷᠬᠡᠳᠡᠨᠢ ᠵᠠᠰᠠᠬᠤ ᠲᠤᠬᠳᠠᠴᠨ ᠵᠢ ᠲᠡᠬᠦᠯᠳᠡᠷᠵᠢᠬᠦᠯᠤᠨ᠂ ᠭᠣᠣᠯ ᠬᠠᠷᠢᠭᠤᠴᠠᠯᠭ᠋ᠠᠲᠠᠨ᠎ᠤ ᠠᠵᠢᠯ᠎ᠤᠨ ᠮᠡᠳᠡᠭᠦᠯᠦᠯᠲᠡ ᠵᠢᠨ ᠳᠦᠷᠢᠮ᠂ ᠠᠷᠠᠳᠴᠢᠯᠠᠯ ᠵᠶ᠋ᠠᠷ ᠵᠥᠪᠳᠡᠯᠴᠡᠬᠦ ᠪᠠ ᠳᠣᠲᠣᠭ᠋ᠠᠳᠤ ᠵᠢᠨ ᠵᠥᠷᠢᠴᠡᠯ᠎ᠢ ᠡᠶᠡᠳᠡᠭᠦᠯᠬᠦ ᠳᠦᠷᠢᠮ᠎ᠢ ᠪᠠᠢ᠌ᠭᠤᠯᠤᠨ᠎ᠠ᠃ ᠠᠵᠢᠯ ᠲᠥᠷᠥᠯ᠎ᠤᠨ ᠨᠡᠢ᠌ᠭᠡᠮᠯᠢᠭ᠂ ᠬᠤᠳᠠᠯᠳᠤᠭ᠋ᠠᠴᠢᠨ᠎ᠤ ᠡᠪᠯᠡᠯ᠎ᠤᠨ ᠡᠳ᠋ ᠬᠥᠷᠥᠩᠭᠡ᠂ ᠡᠳ᠋᠎ᠤᠨ ᠵᠠᠰᠠᠭ᠂ ᠭᠠᠢ᠌ᠯᠢ ᠵᠢᠨ ᠬᠢᠨᠠᠯᠲᠠ ᠬᠠᠮᠢᠶᠠᠷᠤᠯᠲᠠ᠂ ᠲᠤᠬᠠᠢ᠌ᠯᠠᠭᠰᠠᠨ ᠠᠵᠢᠯ᠎ᠤᠨ ᠠᠵᠢᠯᠯᠠᠭ᠎ᠠ ᠵᠢᠨ ᠬᠢᠨᠠᠯᠲᠠ ᠬᠠᠮᠢᠶᠠᠷᠤᠯᠲᠠ ᠪᠠ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠤᠨ ᠲᠢᠩᠬᠢᠮ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠳᠦᠷᠢᠮ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠵᠢᠯ ᠲᠥᠷᠥᠯ᠎ᠤᠨ ᠨᠡᠢ᠌ᠭᠡᠮᠯᠢᠭ᠂ ᠬᠤᠳᠠᠯᠳᠤᠭ᠋ᠠᠴᠢᠨ᠎ᠤ ᠡᠪᠯᠡᠯ᠎ᠤᠨ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠪᠠᠢ᠌ᠴᠠᠭ᠋ᠠᠨ ᠰᠢᠢ᠍ᠳᠪᠦᠷᠢᠯᠡᠬᠦ ᠡᠷᠴᠢᠮ᠎ᠢ ᠴᠢᠩᠭ᠋ᠠᠷᠠᠭᠤᠯᠤᠨ᠎ᠠ᠃ ᠠᠵᠢᠯ ᠲᠦᠷᠦᠯ᠎ᠤᠨ ᠨᠡᠢ᠌ᠭᠡᠮᠯᠢᠭ᠂ ᠬᠤᠳᠠᠯᠳᠤᠭ᠋ᠠᠴᠢᠨ᠎ᠤᠨ ᠡᠪᠯᠡᠯ᠎ᠢ ᠢᠳᠡᠪᠬᠢᠲᠡᠢ᠎ᠪᠠᠷ ᠬᠥᠲᠥᠯᠥᠨ ᠵᠢᠯᠤᠭᠣᠳᠴᠤ ᠪᠠᠢ᠌ᠭ᠋ᠠᠳ ᠤᠯᠤᠰ ᠣᠷᠣᠨ᠎ᠳᠤ ᠦᠢ᠍ᠯᠡᠴᠢᠯᠡᠬᠦ᠂ ᠨᠡᠢ᠌ᠭᠡᠮ᠎ᠳᠤ ᠦᠢ᠍ᠯᠡᠴᠢᠯᠡᠬᠦ᠂ ᠤᠯᠠᠨ ᠲᠦᠮᠡᠨ᠎ᠳᠤ ᠦᠢ᠍ᠯᠡᠴᠢᠯᠡᠬᠦ᠂ ᠠᠵᠢᠯ ᠲᠦᠷᠦᠯ᠎ᠳᠤ ᠦᠢ᠍ᠯᠡᠴᠢᠯᠡᠬᠦ ᠦᠢ᠍ᠯᠡᠳᠦᠯ᠎ᠢ᠎ᠨᠢ ᠪᠠᠳᠠᠷᠠᠭᠤᠯᠤᠨ᠎ᠠ᠃