ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦ᠎ᠨᠢ ᠴᠢᠬᠤᠯᠠ ᠠᠴᠢ ᠬᠣᠯᠪᠣᠭᠳᠠᠯ᠎ᠲᠠᠢ᠂ ᠴᠢᠬᠤᠯᠠ ᠬᠠᠷᠢᠭᠤᠴᠠᠯᠭ᠎ᠠ᠎ᠲᠠᠢ ᠶᠤᠮ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠪᠥᠬᠥ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠳᠤ 《ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠤᠨ ᠵᠣᠪᠠᠨᠢᠯ᠎ᠢ ᠰᠢᠢ᠍ᠳᠪᠦᠷᠢᠯᠡᠬᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ》 ᠬᠦᠴᠢᠷᠳᠡᠯᠲᠡᠢ ᠣᠯᠠᠨ ᠲᠦᠮᠡᠨ᠎ᠢ ᠲᠡᠳᠬᠦᠬᠦ ᠨᠠᠢ᠍ᠮᠠᠨ ᠠᠵᠢᠯᠯᠠᠭ᠎ᠠ ᠵᠢ ᠥᠷᠨᠢᠭᠦᠯᠵᠦ᠂ ᠬᠦᠴᠢᠷᠳᠡᠯᠲᠡᠢ ᠣᠯᠠᠨ ᠲᠦᠮᠡᠨ᠎ᠤ ᠡᠪᠦᠯ ᠪᠠ ᠵᠢᠯ ᠴᠠᠭ᠋ᠠᠨ ᠰᠠᠷ᠎ᠠ ᠵᠶ᠋ᠡᠨ ᠪᠠᠶᠠᠷᠲᠠᠢ ᠥᠩᠭᠡᠷᠡᠭᠦᠯᠬᠦ ᠵᠢ ᠪᠠᠲᠤᠯᠠᠵᠤ᠂ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠵᠢᠨ ᠬᠣᠷᠢᠭ᠎ᠠ ᠱᠤᠭᠤᠮ᠎ᠢ ᠪᠠᠲᠤ ᠰᠠᠬᠢᠵᠤ ᠪᠠᠢ᠌ᠨ᠎ᠠ᠃
ᠤᠷᠴᠢᠮ᠎ᠳᠤ᠂ ᠬᠥᠬᠡᠬᠣᠲᠠ᠂ ᠤᠯᠠᠭ᠋ᠠᠨᠴᠠᠪ ᠬᠣᠲᠠ᠂ ᠦᠬᠠᠢ ᠬᠣᠲᠠ 《ᠠᠷᠠᠳ᠎ᠤᠨ ᠠᠮᠢᠳᠤᠷᠠᠯ᠎ᠳᠤ ᠠᠰᠢᠭ ᠬᠦᠷᠳᠡᠬᠡᠵᠤ᠂ ᠠᠷᠠᠳ᠎ᠤᠨ ᠵᠣᠪᠠᠨᠢᠯ᠎ᠢ ᠰᠢᠢ᠍ᠳᠪᠦᠷᠢᠯᠡᠬᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ》 ᠬᠦᠴᠢᠷᠳᠡᠯᠲᠡᠢ ᠣᠯᠠᠨ ᠲᠦᠮᠡᠨ᠎ᠢ ᠲᠡᠳᠬᠦᠬᠦ ᠨᠠᠢ᠍ᠮᠠᠨ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ᠂ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠵᠢ ᠪᠦᠲᠦᠮᠵᠢᠲᠡᠶ ᠨᠠᠢ᠌ᠳᠠᠪᠤᠷᠢᠵᠢᠭᠤᠯᠪᠠ᠃
ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ᠎ᠬᠢᠨ
ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ
ᠠᠮᠢᠳᠤᠷᠠᠯ᠎ᠳᠤ᠎ᠪᠠᠨ ᠵᠦᠪ ᠦᠭᠡᠢ ᠣᠨᠴᠠ ᠬᠦᠴᠢᠷᠳᠡᠯᠲᠡᠢ ᠨᠠᠰᠤᠲᠠᠢ᠌ᠴᠤᠳ᠂ ᠭᠡᠷ᠎ᠠᠴᠠ᠎ᠪᠠᠨ ᠲᠤᠰᠠᠭ᠋ᠠᠷᠯᠠᠬᠳᠠᠬᠰᠠᠨ ᠭᠠᠭᠴᠠᠭ᠋ᠠᠷ ᠰᠠᠭᠤᠭ᠎ᠠ ᠨᠠᠰᠤᠲᠠᠢ᠌ᠴᠤᠳ᠎ᠲᠤ ᠡᠳ᠋ ᠪᠣᠳᠠᠰ᠎ᠤᠨ ᠲᠤᠰᠠᠯᠠᠮᠵᠢ ᠬᠦᠷᠳᠡᠬᠡᠵᠤ᠂ ᠬᠠᠢ᠌ᠷ᠎ᠠ ᠬᠠᠯᠠᠮᠵᠢ ᠬᠠᠡᠭᠭ᠋ᠠᠪᠠ᠃
ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠳ᠋ᠦᠩ ᠳ᠋ᠡ ᠵᠢᠩ ᠶᠤᠸᠠᠨ ᠲᠣᠭᠣᠷᠢᠭ᠎ᠲᠤ ᠰᠠᠭᠤᠵᠤ ᠪᠠᠢ᠌ᠭ᠎ᠠ ᠯᠢ ᠢᠦᠢ ᠨᠠᠰᠤᠲᠠᠨ ᠡᠯᠢᠭᠡᠨ᠎ᠤ ᠬᠠᠲᠠᠭᠤᠷᠠᠯ ᠪᠠ ᠰᠢᠬᠢᠷ ᠰᠢᠵᠢᠩ ᠡᠪᠡᠳᠴᠢᠨ᠎ᠲᠠᠢ᠂ ᠠᠮᠤ ᠲᠣᠰᠣ᠎ᠪᠠᠨ ᠰᠦᠯᠵᠢᠶᠡᠨ ᠳᠡᠭᠡᠷ᠎ᠡ᠎ᠠᠴᠠ ᠬᠤᠳᠠᠯᠳᠤᠨ ᠠᠪᠴᠤ ᠴᠢᠳᠠᠬᠤ ᠦᠭᠡᠢ ᠪᠤᠯᠬᠤᠷ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶᠠᠨ᠎ᠤ ᠲᠤᠰᠠᠯᠠᠮᠵᠢ ᠵᠢᠨ ᠤᠲᠠᠰᠤ ᠵᠢ ᠤᠳᠠᠰᠤᠳᠠᠬᠰᠠᠨ᠎ᠳᠤ ᠠᠵᠢᠯᠲᠠᠳ ᠬᠡᠷᠡᠭᠴᠡᠭᠡ ᠵᠢ ᠤᠢ᠌ᠯᠠᠭ᠋ᠠᠭ᠋ᠠᠳ ᠤᠷᠤᠢ᠎ᠨᠢ ᠠᠮᠤ ᠲᠤᠰᠤ ᠠᠪᠠᠴᠢᠵᠤ ᠦᠭᠪᠡ᠃
ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠳ᠋ᠦᠩ ᠳ᠋ᠡ ᠵᠢᠩ ᠶᠤᠸᠠᠨ ᠲᠣᠭᠣᠷᠢᠭ᠎ᠤᠨ ᠰᠠᠭᠤᠭ᠋ᠠᠯᠢ ᠠᠷᠠᠳ ᠯᠢ ᠢᠦᠢ᠄ 《ᠪᠢᠳᠡᠨ᠎ᠳᠤ ᠲᠠᠬᠢᠶᠠᠨ ᠥᠨᠳᠡᠭᠡ ᠪᠣᠯᠣᠨ ᠦᠨᠢᠶᠡᠨ ᠤ ᠰᠦ ᠬᠦᠷᠭᠡᠵᠦ ᠢᠷᠡᠭᠰᠡᠨ᠂ ᠮᠠᠨᠢ ᠢᠡᠭᠬᠢᠵᠤ ᠬᠠᠯᠠᠮᠵᠢᠯᠠᠵᠤ ᠪᠠᠢ᠌ᠬᠤ᠎ᠳᠤ ᠦᠨᠡᠬᠡᠷ ᠬᠡᠯᠡᠬᠦ ᠦᠬᠡ ᠦᠬᠡᠢ ᠪᠠᠶᠠᠷᠯᠠᠵᠤ ᠪᠠᠢ᠌ᠨ᠎ᠠ》 ᠭᠡᠵᠤ ᠬᠡᠯᠡᠪᠡ᠃
ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠠᠵᠢᠯᠲᠠᠨ ᠵᠠᠩ ᠰᠢᠤᠸᠠᠢ ᠳ᠋ᠦᠩ᠄ 《〈ᠰᠢᠨ᠎ᠡ ᠰᠠᠢ᠌ᠬᠠᠨ V〉᠂ ᠸᠢᠴᠠᠲ ᠪᠠ ᠰᠠᠢ᠌ᠬᠠᠨ ᠲᠣᠭᠣᠷᠢᠭ᠎ᠤᠨ ᠵᠠᠰᠠᠭ᠎ᠤᠨ ᠶᠠᠪᠤᠳᠠᠯ᠎ᠢ ᠢᠯᠡᠵᠢᠬᠦᠯᠬᠦ ᠲᠠᠪᠴᠠᠩ ᠵᠶ᠋ᠡᠷ ᠲᠣᠭᠣᠷᠢᠭ᠂ ᠪᠠᠯᠭ᠋ᠠᠰᠤ᠂ ᠲᠣᠰᠬᠣᠨ ᠭᠤᠷᠪᠠᠨ ᠱᠠᠲᠤᠨ᠎ᠤ ᠠᠷᠠᠳ᠎ᠤᠨ ᠶᠠᠪᠤᠳᠠᠯ᠎ᠤᠨ 239 ᠺᠠᠳ᠋ᠷ᠎ᠤᠨ ᠲᠤᠰᠠᠯᠠᠮᠵᠢ ᠵᠢᠨ ᠤᠲᠠᠰᠤ ᠵᠢ ᠨᠡᠢ᠌ᠲᠡᠯᠡᠵᠦ᠂ ᠲᠤᠰᠠᠯᠠᠮᠵᠢ ᠭᠤᠶᠤᠴᠢᠯᠠᠬᠰᠠᠳ᠎ᠲᠤ ᠤᠯᠠᠮ ᠤᠨᠤᠴᠠᠳᠠᠢ ᠦᠢ᠍ᠯᠡᠴᠢᠯᠡᠬᠦ ᠵᠢᠨ ᠲᠥᠯᠥᠭᠡ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠳᠠᠷᠤᠭ᠎ᠠ᠂ ᠬᠤᠪᠢᠳᠠᠨ ᠬᠠᠮᠢᠶᠠᠷᠴᠤ ᠪᠠᠢ᠌ᠭ᠎ᠠ ᠲᠣᠪᠴᠢᠶᠠᠨ ᠳᠠᠷᠤᠭ᠎ᠠ ᠵᠢᠨ ᠤᠲᠠᠰᠤ ᠵᠢ ᠴᠦ᠍ ᠨᠡᠢ᠌ᠲᠡᠯᠡᠪᠡ》 ᠭᠡᠵᠡᠢ᠃
ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠪᠡᠶ᠎ᠡ᠎ᠳᠤ᠎ᠪᠠᠨ ᠵᠦᠪ ᠦᠬᠡᠢ᠂ ᠤᠷᠤᠯᠭ᠎ᠠ ᠦᠭᠡᠢ ᠣᠨᠴᠠ ᠬᠦᠴᠢᠷᠳᠡᠯᠲᠡᠢ ᠨᠠᠰᠤᠲᠠᠢ᠌ᠴᠤᠳ᠎ᠲᠤ ᠲᠤᠰᠠᠯᠠᠮᠵᠢ ᠬᠠᠩᠭ᠋ᠠᠵᠤ᠂ ᠨᠠᠰᠤᠲᠠᠢ᠌ᠴᠤᠳ ᠲᠤᠰᠠᠯᠠᠮᠵᠢ ᠵᠢᠨ ᠦᠢ᠍ᠯᠡᠴᠢᠯᠡᠭᠡᠨ᠎ᠤ ᠤᠲᠠᠰᠤ᠎ᠪᠠᠷ ᠪᠤᠶᠤ ᠲᠤᠬᠠᠢ ᠵᠢᠨ ᠭᠠᠵᠠᠷ᠎ᠤᠨ ᠪᠠᠯᠭ᠋ᠠᠰᠤ᠂ ᠵᠡᠭᠡᠯᠢ ᠭᠤᠳᠤᠮᠵᠢ᠎ᠳᠤ ᠭᠤᠶᠤᠴᠢᠯᠠᠯ ᠭᠠᠷᠭ᠋ᠠᠵᠤ ᠪᠤᠯᠬᠤ ᠪᠦᠬᠡᠳ ᠨᠥᠬᠥᠴᠡᠯ᠎ᠳᠤ ᠨᠡᠢ᠌ᠴᠡᠭᠰᠡᠳᠢ ᠣᠨᠴᠠ ᠬᠦᠴᠢᠷᠳᠡᠯᠲᠡᠢ ᠬᠥᠮᠥᠰ᠎ᠢ ᠲᠤᠰᠠᠯᠠᠵᠤ ᠠᠰᠠᠷᠠᠨ ᠲᠡᠵᠢᠭᠡᠬᠦ ᠬᠡᠪᠴᠢᠶᠡᠨ᠎ᠳᠤ ᠤᠷᠤᠭᠤᠯᠪᠠ᠃
ᠲᠦᠮᠡᠳ ᠵᠡᠭᠦᠨ ᠬᠣᠰᠢᠭᠤᠤᠬᠢ
《ᠲᠦᠮᠡᠳ ᠵᠡᠭᠦᠨ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ᠎ᠤ ᠲᠤᠰᠠᠯᠠᠮᠵᠢ᠎ᠳᠤ ᠲᠤᠢ᠌ᠯ ᠵᠶ᠋ᠠᠷ ᠲᠠᠯᠠᠷᠬᠠᠵᠤ ᠪᠠᠢ᠌ᠨ᠎ᠠ᠂ ᠲᠠ ᠨᠠᠷ ᠡᠨᠡ ᠬᠣᠶᠠᠷ ᠬᠡᠮᠡᠷᠯᠢᠭ ᠲᠤᠭ᠎ᠢ ᠠᠪᠬᠤ ᠵᠢ ᠬᠦᠰᠡᠶ᠎ᠡ》᠃ 12 ᠰᠠᠷ᠎ᠠ ᠵᠢᠨ 15 ᠤ ᠡᠳᠦᠷ ᠨᠢᠬᠡᠨ ᠠᠬᠠᠰᠢᠷᠠᠭ᠎ᠠ ᠨᠠᠰᠤᠲᠠᠨ 《ᠠᠷᠠᠳ᠎ᠤᠨ ᠲᠥᠯᠥᠭᠡ ᠪᠣᠳᠠᠲᠠᠢ ᠶᠠᠪᠤᠳᠠᠯ ᠬᠢᠵᠦ ᠤᠯᠠᠨ ᠲᠦᠮᠡᠨ᠎ᠤ ᠰᠡᠳᠬᠢᠯ᠎ᠢ ᠬᠥᠳᠡᠯᠭᠡᠭᠴᠢ》 《ᠤᠯᠠᠨ ᠲᠦᠮᠡᠨ᠎ᠲᠠᠢ ᠰᠡᠳᠬᠢᠯ ᠵᠢᠷᠦᠬᠡ᠎ᠪᠠᠨ ᠬᠤᠯᠪᠤᠨ ᠪᠤᠳᠠᠳᠤ ᠶᠠᠪᠤᠳᠠᠯ ᠬᠢᠵᠤ᠂ ᠶᠠᠳᠠᠭᠤᠴᠤᠳᠢ ᠬᠠᠪᠰᠤᠷᠤᠨ ᠬᠦᠴᠢᠷᠳᠡᠯ᠎ᠢ ᠰᠢᠢ᠍ᠳᠪᠤᠷᠢᠯᠡᠨ ᠬᠥᠮᠥᠰ᠎ᠤᠨ ᠰᠡᠳᠬᠢᠯ᠎ᠢ ᠲᠤᠯᠠᠭ᠋ᠠᠴᠠᠭᠤᠯᠪᠠ》 ᠬᠡᠬᠦ ᠦᠰᠦᠭ᠎ᠲᠠᠢ ᠬᠡᠮᠡᠷᠯᠢᠭ ᠲᠤᠭ᠎ᠢ ᠲᠦᠮᠡᠳ ᠵᠡᠭᠦᠨ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠎ᠳᠤ ᠬᠦᠷᠭᠡᠵᠦ᠂ ᠨᠠᠮ ᠪᠣᠯᠣᠨ ᠵᠠᠰᠠᠭ᠎ᠤᠨ ᠣᠷᠳᠣᠨ᠎ᠳᠤ ᠲᠠᠯᠠᠷᠬᠠᠵᠤ᠂ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ᠎ᠤ ᠤᠳᠠᠭ᠋ᠠᠨ ᠵᠢᠯ ᠬᠠᠯᠠᠮᠵᠢ ᠲᠡᠮᠵᠢᠯᠬᠡ᠎ᠳᠤ ᠲᠠᠯᠠᠷᠬᠠᠪᠠ᠃
ᠡᠨᠡ ᠨᠠᠰᠤᠲᠠᠨ᠎ᠤ ᠨᠡᠷ᠎ᠡ᠎ᠨᠢ ᠶᠠᠩ ᠮᠢᠩ ᠴᠢᠶᠦ᠋ᠡᠭ ᠭᠡᠳᠡᠭ᠂ ᠡᠬᠡᠨᠡᠷ᠎ᠨᠢ ᠯᠢ ᠬᠦᠶ ᠵᠢᠨ 2009 ᠣᠨ᠎ᠳᠤ ᠲᠡᠷᠬᠡᠨ ᠡᠨᠳᠡᠯ ᠵᠶ᠋ᠡᠷ ᠨᠢᠭᠡᠳᠦᠭᠡᠷ ᠳᠡᠰ᠎ᠤᠨ ᠵᠡᠮᠳᠡᠭ ᠪᠤᠯᠤᠬᠰᠠᠨ ᠪᠤᠯᠪᠠᠴᠤ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠭᠠᠷ ᠭᠦᠢ᠍ᠴᠡᠳᠬᠡᠯ᠎ᠢ ᠰᠠᠭ᠋ᠠᠲᠠᠭ᠋ᠠᠭᠰᠠᠭ᠋ᠠᠷ ᠢᠷᠡᠵᠡᠶ᠃ ᠡᠢ᠌ᠨ ᠬᠦ᠌ ᠣᠯᠠᠨ ᠵᠢᠯ ᠤᠷᠤᠯᠭ᠎ᠠ ᠦᠬᠡᠢ ᠲᠤᠯᠨ ᠲᠦᠮᠡᠳ ᠵᠡᠭᠦᠨ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠯᠢ ᠬᠦᠶ ᠵᠢᠨ ᠨᠠᠰᠤᠲᠠᠨ᠎ᠤ ᠠᠮᠢᠳᠤᠷᠠᠯ᠎ᠤᠨ ᠪᠠᠢ᠌ᠳᠠᠯ᠎ᠢ ᠲᠤᠢ᠌ᠯ ᠵᠶ᠋ᠠᠷ ᠠᠩᠬᠠᠷᠴᠤ᠂ ᠨᠡᠢ᠌ᠭᠡᠮ᠎ᠤᠨ ᠲᠤᠰᠠᠯᠠᠮᠵᠢ ᠵᠢᠨ ᠠᠵᠢᠯᠲᠠᠨ᠎ᠢ ᠣᠯᠠᠨ ᠤᠳᠠᠭ᠎ᠠ ᠭᠡᠷ᠎ᠲᠤ᠎ᠨᠢ ᠣᠴᠢᠭᠤᠯᠵᠤ ᠪᠣᠯᠭᠣᠭ᠋ᠠᠨ ᠲᠣᠬᠣᠨᠢᠭᠤᠯᠵᠠᠢ᠃ ᠤᠤᠯ᠎ᠤᠨ ᠵᠢᠨᠴᠤᠸᠠᠨᠤ ᠨᠡᠭᠡᠭᠡᠯᠲᠡ ᠵᠢᠨ ᠲᠣᠭᠣᠷᠢᠭ᠎ᠢ ᠲᠦᠮᠡᠳ ᠵᠡᠭᠦᠨ ᠬᠣᠰᠢᠭᠤᠨ᠎ᠳᠤ ᠬᠠᠷᠢᠶᠠᠯᠠᠭᠤᠯᠤᠭᠰᠠᠨᠤ ᠳᠠᠷᠠᠭ᠎ᠠ᠂ ᠰᠢᠨ᠎ᠡ᠎ᠪᠠᠷ ᠪᠠᠢ᠌ᠭᠤᠯᠤᠭᠳᠠᠭᠰᠠᠨ ᠨᠡᠢ᠌ᠭᠡᠮ ᠲᠣᠭᠣᠷᠢᠭ᠎ᠲᠤ ᠵᠢᠩᠬᠢᠨᠢ ᠣᠷᠣᠨ ᠬᠤᠪᠢᠶᠠᠷᠢᠯᠠᠯ᠎ᠤᠨ ᠲᠡᠮᠳᠡᠭ ᠪᠠ ᠵᠣᠬᠢᠴᠠᠩᠭᠤᠢ ᠡᠭᠦᠷᠭᠡ ᠴᠢᠳᠠᠪᠤᠷᠢ ᠪᠠᠢ᠌ᠬᠤ ᠦᠭᠡᠢ ᠤᠴᠢᠷ᠎ᠠᠴᠠ ᠨᠡᠢ᠌ᠭᠡᠮ᠎ᠤᠨ ᠲᠤᠰᠠᠯᠠᠮᠵᠢ ᠵᠢᠨ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠵᠦ ᠪᠣᠯᠬᠤ ᠦᠭᠡᠢ ᠪᠤᠯᠬᠤᠷ ᠲᠦᠮᠡᠳ ᠵᠡᠭᠦᠨ ᠬᠣᠰᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠲᠠᠢ ᠢᠳᠡᠪᠬᠢᠲᠡᠢ ᠵᠣᠬᠢᠴᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠰᠢᠰᠲ᠋ᠧᠮ᠎ᠤᠨ ᠳᠣᠲᠣᠷ᠎ᠠ ᠵᠣᠬᠢᠬᠤ ᠬᠡᠰᠡᠭ ᠨᠡᠮᠡᠵᠦ᠂ ᠰᠢᠨ᠎ᠡ᠎ᠪᠠᠷ ᠪᠠᠢ᠌ᠭᠤᠯᠤᠭᠰᠠᠨ ᠭᠤᠷᠪᠠᠨ ᠲᠥᠪ᠎ᠤᠨ ᠲᠤᠰᠠᠯᠠᠮᠵᠢ ᠵᠢᠨ ᠲᠤᠬᠠᠢ᠌ᠯᠠᠭᠰᠠᠨ ᠠᠵᠢᠯ᠎ᠢ ᠲᠦᠷ ᠴᠠᠭ ᠲᠠᠢ᠌ᠭ᠎ᠠ ᠮᠤᠳᠤ (台阁牧) ᠪᠠᠯᠭ᠋ᠠᠰᠤ ᠣᠷᠣᠯᠠᠨ ᠬᠠᠮᠢᠶᠠᠷᠬᠤ ᠪᠤᠯᠭ᠋ᠠᠬᠰᠠᠨ ᠵᠶ᠋ᠡᠷ ᠯᠢ ᠬᠦᠶ ᠵᠢᠨ ᠨᠠᠰᠤᠲᠠᠨ᠎ᠢ ᠤᠳᠤ ᠨᠢᠭᠡᠨᠲᠡ ᠪᠠᠲᠤᠯᠠᠭ᠎ᠠ ᠵᠢᠨ ᠬᠡᠪᠴᠢᠶᠡᠨ᠎ᠳᠤ ᠤᠷᠤᠭᠤᠯᠤᠬᠰᠠᠨ ᠪᠠᠢ᠌ᠨ᠎ᠠ᠃
ᠤᠯᠠᠭ᠋ᠠᠨᠴᠠᠪ ᠬᠤᠳᠠ ᠵᠢᠨ᠎ᠬᠢᠨ
ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠬᠣᠯᠪᠣᠭᠳᠠᠯ ᠪᠦᠬᠦᠢ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠ ᠤᠯᠠᠭ᠋ᠠᠨᠴᠠᠪ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ ᠨᠠᠢ᠌ᠳᠠᠪᠤᠷᠢᠵᠢᠭᠤᠯᠬᠤ ᠵᠢᠨ ᠲᠦᠯᠤᠬᠡ᠂ ᠵᠠᠩᠭᠢᠯᠠᠭ᠎ᠠ ᠵᠢᠨ ᠦᠶ᠎ᠡ᠎ᠳᠤ ᠬᠦᠴᠢᠷᠳᠡᠯᠲᠡᠢ ᠣᠯᠠᠨ ᠲᠦᠮᠡᠨ ᠵᠡᠷᠭᠡ ᠣᠨᠴᠣᠭᠤᠢ ᠬᠦᠴᠢᠷᠳᠡᠯᠲᠡᠢ ᠬᠦᠮᠦᠰ᠎ᠤᠨ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢ ᠴᠢᠷᠮᠠᠢ᠌ᠨ ᠰᠠᠢ᠌ᠲᠤᠷ ᠬᠢᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ᠎ᠤ ᠳᠠᠷᠤᠮᠠᠯᠯᠠᠨ ᠲᠠᠷᠬᠠᠭ᠋ᠠᠭᠰᠠᠨ 《ᠪᠥᠬᠥ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠤᠨ ᠵᠣᠪᠠᠨᠢᠯ᠎ᠢ ᠰᠢᠢ᠍ᠳᠪᠦᠷᠢᠯᠡᠬᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ ᠬᠦᠴᠢᠷᠳᠡᠯᠲᠡᠢ ᠣᠯᠠᠨ ᠲᠦᠮᠡᠨ᠎ᠢ ᠬᠠᠯᠠᠮᠵᠢᠯᠠᠨ ᠲᠡᠳᠬᠦᠬᠦ ᠨᠠᠢ᠍ᠮᠠᠨ ᠠᠵᠢᠯᠯᠠᠭ᠎ᠠ ᠵᠢᠨ ᠠᠵᠢᠯ᠎ᠤᠨ ᠲᠥᠰᠥᠯ》 ᠶᠣᠰᠣᠭ᠋ᠠᠷ᠂ 《ᠰᠠᠭᠤᠷᠢ ᠵᠢ ᠰᠠᠢ᠌ᠲᠤᠷ ᠪᠠᠲᠤᠯᠠᠬᠤ》 ᠬᠠᠷᠠᠯᠲᠠ ᠱᠠᠭ᠋ᠠᠷᠳᠠᠯᠭ᠎ᠠ ᠵᠢᠨ ᠲᠣᠭᠣᠷᠢᠨ᠎ᠳᠤ᠂ ᠬᠦᠴᠢᠷᠳᠡᠯᠲᠡᠢ ᠣᠯᠠᠨ ᠲᠦᠮᠡᠨ᠎ᠢ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ ᠲᠣᠭᠲᠠᠴᠠ ᠵᠢ ᠦᠷᠭᠦᠯᠵᠢᠯᠡᠨ ᠪᠦᠷᠢᠨᠰᠢᠭᠦᠯᠵᠦ᠂ 《ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠤᠨ ᠵᠣᠪᠠᠨᠢᠯ᠎ᠢ ᠰᠢᠢ᠍ᠳᠪᠦᠷᠢᠯᠡᠬᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ》 ᠬᠦᠴᠢᠷᠳᠡᠯᠲᠡᠢ ᠣᠯᠠᠨ ᠲᠦᠮᠡᠨ᠎ᠢ ᠬᠠᠯᠠᠮᠵᠢᠯᠠᠨ ᠲ᠋ᠡᠳᠬᠦᠬᠦ ᠨᠠᠢ᠍ᠮᠠᠨ ᠠᠵᠢᠯᠯᠠᠭ᠎ᠠ ᠵᠢ ᠬᠢᠨᠠᠮᠠᠭ᠋ᠠᠢ ᠥᠷᠨᠢᠭᠦᠯᠵᠦ᠂ ᠬᠦᠴᠢᠷᠳᠡᠯᠲᠡᠢ ᠣᠯᠠᠨ ᠲᠦᠮᠡᠨ᠎ᠤ ᠪᠠᠴᠢᠮᠳᠠᠯ ᠬᠦᠴᠢᠷᠳᠡᠯ ᠵᠤᠪᠠᠨᠢᠯ᠎ᠢ ᠬᠦᠴᠦᠯᠡᠨ ᠰᠢᠢ᠍ᠳᠪᠦᠷᠢᠯᠡᠵᠦ᠂ ᠬᠦᠴᠢᠷᠳᠡᠯᠲᠡᠢ ᠣᠯᠠᠨ ᠲᠦᠮᠡᠨ᠎ᠤ ᠡᠪᠦᠯ ᠪᠠ ᠰᠠᠷ᠎ᠠ ᠰᠢᠨ᠎ᠡ ᠵᠢ ᠠᠮᠤᠷ ᠲᠦᠪᠰᠢᠨ᠂ ᠬᠠᠯᠠᠭᠤᠨ ᠳᠤᠯᠠᠭ᠋ᠠᠨ᠂ ᠪᠠᠶᠠᠷ ᠬᠦᠷ᠎ᠲᠠᠢ ᠥᠩᠭᠡᠷᠡᠭᠦᠯᠬᠦ ᠵᠢ ᠦᠨᠡᠨ ᠬᠦ᠌ ᠪᠠᠳᠤᠯᠠᠪᠠ᠃
ᠨᠢᠭᠡ᠎ᠳᠤ᠂ ᠵᠢᠷᠭᠤᠭ᠋ᠠᠨ ᠰᠠᠯᠠᠭ᠎ᠠ ᠮᠥᠴᠢᠷ᠎ᠲᠠᠢ ᠬᠠᠮᠲᠤᠷᠠᠨ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ ᠲᠣᠭᠲᠠᠴᠠ ᠵᠢ ᠪᠠᠢ᠌ᠭᠤᠯᠪᠠ᠃ ᠨᠡᠢ᠌ᠭᠡᠮ ᠲᠣᠭᠣᠷᠢᠭ (ᠭᠠᠴᠠᠭ᠎ᠠ ᠲᠣᠰᠬᠣᠨ)᠎ᠤᠨ ᠨᠡᠢ᠌ᠭᠡᠮ᠎ᠤᠨ ᠲᠤᠰᠠᠯᠠᠮᠵᠢ ᠵᠢᠨ ᠲᠤᠰᠠᠯᠠᠭᠴᠢ᠂ ᠰᠦᠯᠵᠢᠶᠡᠨ᠎ᠤ ᠠᠵᠢᠯᠲᠠᠨ ᠪᠤᠯᠤᠨ ᠬᠠᠮᠢᠶ᠎ᠠ ᠪᠦᠬᠦᠢ ᠬᠢᠨᠠᠯᠳᠠ ᠵᠢᠨ ᠲᠠᠪᠴᠠᠩ᠎ᠤᠨ ᠦᠢ᠍ᠯᠡᠳᠦᠯ᠎ᠢ ᠪᠠᠳᠠᠷᠠᠭᠤᠯᠵᠤ᠂ ᠰᠠᠨᠠᠭ᠋ᠠᠴᠢᠯᠠᠭ᠎ᠠ᠎ᠠᠴᠠ᠎ᠪᠠᠨ ᠰᠤᠳᠤᠯᠤᠨ ᠮᠠᠭ᠋ᠠᠳᠯᠠᠵᠤ᠂ ᠴᠠᠭ ᠲᠤᠬᠠᠢ ᠣᠷᠣᠯᠴᠠᠵᠤ᠂ ᠲᠥᠷᠥᠯ ᠬᠤᠪᠢᠶᠠᠨ ᠲᠡᠳᠬᠦᠬᠦ ᠠᠷᠭ᠎ᠠ ᠵᠢ ᠲᠤᠳᠤᠷᠬᠠᠢ᠌ᠯᠠᠪᠠ᠃ ᠬᠠᠷᠢᠶᠠᠲᠤ ᠣᠷᠣᠨ᠎ᠤ ᠳᠣᠲᠣᠷᠠᠬᠢ ᠬᠢᠵᠢᠭ᠎ᠤᠨ᠎ᠠᠴᠠ ᠪᠣᠯᠵᠤ ᠠᠮᠢᠳᠤᠷᠠᠯ᠎ᠨᠢ ᠬᠦᠴᠢᠷᠳᠡᠯᠳᠡᠢ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠳᠡᠢ ᠬᠥᠮᠥᠰ᠂ ᠵᠡᠮᠳᠡᠭᠴᠦᠳ᠂ ᠮᠡᠳᠡᠷᠡᠯ᠎ᠤᠨ ᠡᠪᠡᠳᠴᠢᠲᠡᠨ᠂ ᠭᠠᠭᠴᠠᠭ᠋ᠠᠷ ᠰᠠᠭᠤᠭ᠎ᠠ ᠨᠠᠰᠤᠲᠠᠨ᠂ ᠭᠡᠷ᠎ᠲᠤ᠎ᠪᠠᠨ ᠬᠣᠴᠣᠷᠤᠭᠰᠠᠨ ᠨᠠᠰᠤᠲᠠᠢ᠌ᠴᠤᠳ᠎ᠢ ᠪᠦᠬᠦ ᠲᠠᠯ᠎ᠠ ᠪᠠᠷ ᠪᠠᠢ᠌ᠴᠠᠭ᠋ᠠᠨ ᠤᠢ᠌ᠯᠠᠭ᠋ᠠᠵᠤ᠂ ᠥᠨᠥᠴᠢᠨ ᠬᠡᠦᠬᠡᠳ᠂ ᠪᠤᠳᠠᠳᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠬᠥᠳᠡᠭᠡ ᠲᠣᠰᠬᠣᠨ᠎ᠤ ᠭᠡᠷ᠎ᠲᠤ᠎ᠪᠠᠨ ᠬᠣᠴᠣᠷᠤᠭᠰᠠᠨ ᠬᠡᠦᠬᠡᠳ᠂ ᠲᠡᠨᠦᠭᠦᠴᠢᠯᠡᠨ ᠭᠤᠢ᠌ᠷᠠᠨᠴᠢᠯᠠᠵᠤ ᠪᠠᠢ᠌ᠭ᠎ᠠ ᠬᠥᠮᠥᠰ᠂ ᠴᠡᠷᠢᠭ᠎ᠠᠴᠠ ᠬᠠᠯᠠᠭᠳᠠᠭᠰᠠᠳ᠂ ᠠᠮᠢᠳᠤᠷᠠᠯ᠎ᠨᠢ ᠬᠦᠴᠢᠷᠳᠡᠯᠳᠡᠢ ᠠᠵᠢᠯ ᠣᠯᠣᠭ᠋ᠠᠳᠤᠢ ᠣᠶᠤᠲᠠᠳ ᠪᠠ ᠠᠵᠢᠯ᠎ᠤᠨ ᠪᠠᠢ᠌ᠷᠢ᠎ᠳᠤ᠎ᠪᠠᠨ ᠪᠤᠴᠠᠵᠤ ᠲᠡᠢ᠌ᠯᠬᠦ ᠠᠷᠭ᠎ᠠ ᠦᠭᠡᠢ᠂ ᠭᠤᠷᠪᠠᠨ ᠰᠠᠷ᠎ᠠ ᠳᠠᠷᠠᠭ᠋ᠠᠯᠠᠨ ᠣᠷᠣᠯᠭ᠎ᠠ ᠦᠭᠡᠢ᠂ ᠠᠮᠢᠳᠤᠷᠠᠯ᠎ᠨᠢ ᠬᠦᠴᠢᠷᠳᠡᠯᠳᠡᠢ ᠮᠥᠷᠲᠡᠭᠡᠨ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ᠎ᠳᠤ ᠬᠠᠮᠤᠷᠠᠬᠳᠠᠬᠤ ᠦᠭᠡᠢ ᠬᠥᠯᠥᠰᠦᠨ ᠠᠵᠢᠯᠴᠢᠨ ᠵᠡᠷᠭᠡ ᠳᠠᠭ᠋ᠠᠳᠬᠠᠯ᠎ᠳᠤ ᠣᠷᠣᠯᠴᠠᠭᠰᠠᠨ ᠦᠭᠡᠢ ᠠᠵᠢᠯ ᠠᠯᠳᠠᠭᠰᠠᠳ ᠵᠡᠷᠭᠡ ᠣᠨᠴᠣᠭᠤᠢ ᠬᠦᠴᠢᠷᠳᠡᠯᠳᠡᠢ ᠬᠦᠮᠦᠰ᠎ᠤᠨ ᠲᠤᠳᠤᠷᠠᠬᠢ ᠲᠤᠰᠠᠯᠠᠮᠵᠢ ᠵᠢᠨ ᠨᠥᠬᠥᠴᠡᠯ᠎ᠳᠤ ᠨᠡᠢ᠌ᠴᠡᠭᠰᠡᠨ᠎ᠢ᠎ᠨᠢ ᠴᠠᠭ ᠲᠤᠬᠠᠢ᠎ᠳᠤ ᠲᠤᠰᠠᠯᠠᠬᠤ᠎ᠳᠤ᠎ᠪᠠᠨ ᠡᠷᠲᠡ᠎ᠠᠴᠠ ᠢᠯᠡᠷᠡᠭᠦᠯᠵᠦ᠂ ᠡᠷᠲᠡ᠎ᠠᠴᠠ ᠣᠷᠣᠯᠴᠠᠵᠤ᠂ ᠡᠷᠲᠡ᠎ᠠᠴᠠ ᠲᠤᠰᠠᠯᠠᠬᠤ ᠵᠢ ᠪᠡᠶᠡᠯᠡᠬᠦᠯᠵᠡᠢ᠃
ᠬᠣᠶᠠᠷ᠎ᠲᠤ᠂ ᠰᠢᠢ᠍ᠳᠪᠦᠷᠢᠯᠡᠬᠦ ᠶᠠᠪᠤᠴᠠ ᠵᠢ ᠲᠦᠬᠦᠮᠴᠢᠯᠡᠪᠡ᠃ 《ᠤᠨᠴᠠᠭ᠋ᠠᠢ ᠬᠡᠷᠡᠭ᠎ᠢ ᠤᠨᠴᠠᠭ᠋ᠠᠢ ᠰᠢᠢ᠍ᠳᠪᠦᠷᠢᠯᠡᠬᠦ᠂ ᠤᠷᠢᠳ ᠵᠶ᠋ᠡᠷ ᠣᠷᠣᠭᠤᠯᠬᠤ》 ᠵᠠᠷᠴᠢᠮ ᠵᠶ᠋ᠡᠷ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠰᠢᠨ᠎ᠡ᠎ᠪᠠᠷ ᠭᠤᠶᠤᠴᠢᠯᠠᠭᠰᠠᠨ ᠣᠨᠴᠠ ᠬᠦᠴᠢᠷᠳᠡᠯᠲᠡᠢ ᠬᠥᠮᠥᠰ᠎ᠢ ᠪᠠᠢ᠌ᠳᠠᠯ᠎ᠢ᠎ᠨᠢ ᠦᠵᠡᠵᠦ ᠪᠠᠢ᠌ᠭ᠋ᠠᠳ ᠲᠤᠰᠠᠯᠠᠮᠵᠢ ᠵᠢᠨ ᠲᠠᠰ ᠳᠠᠷᠠᠭ᠋ᠠᠯᠠᠯ᠎ᠢ ᠵᠣᠬᠢᠬᠤ ᠬᠡᠮᠵᠢᠶ᠎ᠡ᠎ᠪᠠᠷ ᠳᠥᠭᠥᠮᠴᠢᠯᠡᠵᠦ᠂ 《ᠰᠠᠭ᠋ᠠᠳ ᠦᠭᠡᠢ ᠨᠡᠪᠲᠡᠷᠡᠬᠦ ᠵᠠᠮ》᠎ᠢ ᠪᠠᠢ᠌ᠭᠤᠯᠤᠨ᠂ ᠨᠡᠢ᠌ᠭᠡᠮ᠎ᠤᠨ ᠲᠤᠰᠠᠯᠠᠮᠵᠢ ᠵᠢᠨ ᠪᠥᠬᠥ ᠶᠠᠪᠤᠴᠨ ᠵᠢ ᠰᠦᠯᠵᠢᠶᠡᠨ ᠳᠡᠭᠡᠷ᠎ᠡ ᠭᠦᠢ᠍ᠴᠡᠳᠬᠡᠬᠦ ᠵᠢ ᠢᠳᠡᠪᠬᠢᠲᠡᠢ ᠬᠡᠷᠡᠭᠵᠢᠭᠦᠯᠵᠦ᠂ ᠮᠡᠳᠡᠭᠡ ᠵᠠᠩᠭᠢᠵᠢᠯᠲᠠ ᠵᠢᠨ ᠠᠷᠭ᠎ᠠ᠎ᠪᠠᠷ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠭᠤᠶᠤᠴᠢᠯᠠᠬᠤ᠂ ᠦᠨᠡᠯᠡᠬᠦ᠂ ᠬᠠᠷᠭᠤᠭᠤᠯᠵᠤ᠂ ᠨᠤᠲᠠᠯᠠᠬᠤ ᠵᠢ ᠴᠠᠭ᠋ᠠᠰᠤ ᠬᠡᠷᠡᠭᠯᠡᠬᠦ ᠦᠭᠡᠢ ᠪᠤᠯᠭ᠋ᠠᠵᠤ᠂ ᠭᠦᠢ᠍ᠴᠡᠳᠬᠡᠬᠦ ᠬᠤᠷᠳᠤᠴᠠ ᠵᠢ ᠲᠦᠷᠬᠡᠳᠬᠡᠪᠡ᠃ ᠡᠷᠦᠬᠡ ᠠᠮᠠ ᠵᠢᠨ ᠲᠠᠩᠰᠠ ᠦᠭᠡᠢ ᠭᠠᠵᠠᠷ᠎ᠲᠤ ᠬᠢᠵᠢᠭ᠎ᠤᠨ ᠨᠥᠯᠥᠭᠡ᠎ᠠᠴᠠ ᠪᠣᠯᠵᠤ ᠦᠨᠳᠦᠰᠦᠨ ᠠᠮᠢᠳᠤᠷᠠᠯ᠎ᠨᠢ ᠬᠦᠴᠢᠷᠳᠡᠯ᠎ᠳᠤ ᠲᠤᠯᠭ᠋ᠠᠷᠠᠭᠰᠠᠨ ᠣᠯᠠᠨ ᠲᠦᠮᠡᠨ᠎ᠳᠤ ᠪᠠᠴᠢᠮ ᠬᠦᠴᠢᠷᠳᠡᠯ ᠡᠭᠦᠰᠦᠭᠰᠡᠨ ᠭᠠᠵᠠᠷ᠎ᠠᠴᠠ᠎ᠨᠢ ᠰᠢᠭᠤᠳ ᠲᠦᠷ ᠲᠤᠰᠠᠯᠠᠵᠤ᠂ ᠪᠠᠭ᠎ᠠ ᠲᠣᠭ᠋ᠠᠨ᠎ᠤ ᠲᠤᠰᠠᠯᠠᠮᠵᠢ ᠵᠢ ᠲᠤᠰᠠᠯᠠᠭᠰᠠᠨ᠎ᠤ ᠬᠤᠢ᠌ᠨ᠎ᠠ ᠨᠦᠬᠦᠵᠤ ᠲᠤᠳᠤᠷᠬᠠᠢ᠌ᠯᠠᠪᠠ᠃ ᠶᠡᠬᠡ ᠲᠤᠭ᠋ᠠᠨ ᠲᠤᠰᠠᠯᠠᠮᠵᠢ᠎ᠳᠤ ᠬᠦᠴᠢᠷᠳᠡᠯᠲᠡᠢ ᠣᠯᠠᠨ ᠲᠦᠮᠡᠨ᠎ᠤ ᠠᠮᠢᠳᠤᠷᠠᠯ᠎ᠤᠨ ᠦᠨᠳᠦᠰᠦᠨ ᠪᠠᠲᠤᠯᠠᠭ᠎ᠠ ᠵᠢᠨ ᠠᠵᠢᠯ᠎ᠤᠨ ᠵᠣᠬᠢᠴᠠᠭᠤᠯᠬᠤ ᠲᠣᠭᠲᠠᠴᠠ ᠵᠢ ᠴᠠᠭ ᠲᠤᠬᠠᠢᠳᠤᠨᠢ ᠡᠬᠢᠯᠡᠭᠦᠯᠵᠦ᠂ 《ᠨᠢᠭᠡ ᠬᠡᠷᠡᠭ᠎ᠢ ᠨᠢᠭᠡ ᠵᠥᠪᠯᠡᠬᠦ》 ᠶᠣᠰᠣᠭ᠋ᠠᠷ ᠲᠤᠰᠠᠯᠠᠪᠠ᠃
ᠭᠤᠷᠪᠠ᠎ᠳᠤ᠂ ᠨᠡᠢ᠌ᠭᠡᠮ᠎ᠤᠨ ᠲᠤᠰᠠᠯᠠᠮᠵᠢ ᠵᠢᠨ ᠪᠠᠢ᠌ᠡᠭᠭᠤ ᠵᠢᠨ ᠤᠲᠠᠰᠤ ᠪᠠ 《12345》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠡᠭᠭᠤ ᠵᠢᠨ ᠤᠲᠠᠰᠤ ᠵᠢ ᠵᠢᠵᠢᠬᠦᠷᠯᠡᠬᠦ ᠠᠵᠢᠯ᠎ᠢ ᠴᠢᠩᠭ᠋ᠠᠳᠬᠠᠵᠤ᠂ ᠬᠦᠴᠢᠷᠳᠡᠯᠲᠡᠢ ᠣᠯᠠᠨ ᠲᠦᠮᠡᠨ᠎ᠤ ᠲᠤᠰᠠᠯᠠᠮᠵᠢ ᠵᠢᠨ ᠭᠤᠶᠤᠴᠢᠯᠠᠯ᠎ᠢ ᠴᠠᠭ ᠲᠤᠬᠠᠢᠳᠤᠨᠢ ᠭᠥᠯᠢᠶᠡᠨ ᠠᠪᠴᠤ ᠰᠢᠢ᠍ᠳᠪᠦᠷᠢᠯᠡᠨ᠂ 《ᠤᠯᠠᠭ᠋ᠠᠨᠴᠠᠪ ᠬᠣᠲᠠ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠬᠤᠭᠤᠴᠠᠭ᠋ᠠᠨ᠎ᠳᠤ᠎ᠬᠢ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢ ᠬᠠᠷᠢᠭᠤᠯᠬᠤ ᠭᠠᠷ ᠳᠡᠪᠲᠡᠷ》᠎ᠢ ᠳᠠᠷᠤᠮᠠᠯᠯᠠᠨ ᠲᠠᠷᠬᠠᠭ᠋ᠠᠵᠤ᠂ ᠬᠦᠴᠢᠷᠳᠡᠯᠲᠡᠢ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ᠎ᠳᠤ ᠬᠠᠯᠠᠭᠤᠨ ᠳᠤᠯᠠᠭ᠋ᠠᠨ ᠬᠠᠷᠢᠭᠤᠯᠲᠠ ᠥᠭᠪᠡ᠃ ᠰᠢᠯᠵᠢᠭᠦᠯᠦᠨ ᠲᠠᠨᠢᠯᠴᠠᠭᠤᠯᠬᠤ ᠲᠣᠭᠲᠠᠴᠠ ᠵᠢ ᠪᠦᠷᠢᠨᠰᠢᠭᠦᠯᠦᠨ᠂ ᠭᠣᠣᠯ ᠴᠣᠭᠴᠠ ᠵᠢᠨ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠠᠷᠭ᠎ᠠ ᠵᠢ ᠤᠯᠠᠮ ᠨᠠᠷᠢᠯᠢᠭᠵᠢᠭᠤᠯᠵᠤ᠂ ᠨᠢᠭᠡᠳᠦᠯᠲᠡᠢ ᠲᠥᠯᠥᠪᠯᠡᠨ ᠰᠤᠳᠤᠯᠵᠤ᠂ ᠵᠡᠷᠭᠡ᠎ᠪᠠᠷ ᠠᠬᠢᠭᠤᠯᠤᠨ ᠬᠠᠮᠵᠢᠯᠴᠠᠵᠤ᠂ ᠬᠦᠴᠢᠷᠳᠡᠯᠲᠡᠢ ᠣᠯᠠᠨ ᠲᠦᠮᠡᠨ᠎ᠢ ᠬᠠᠯᠠᠮᠵᠢᠯᠠᠨ ᠲᠡᠳᠬᠦᠬᠦ ᠠᠵᠢᠯ᠎ᠢ ᠰᠠᠢ᠌ᠲᠤᠷ ᠬᠢᠵᠦ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠳᠤᠯᠠᠪᠠ᠃
ᠦᠬᠠᠢ ᠬᠤᠳᠠ ᠵᠢᠨ᠎ᠬᠢᠨ
ᠦᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠨᠠᠢ᠌ᠳᠠᠪᠤᠷᠢᠵᠢᠭᠤᠯᠵᠤ᠂ 《ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠤᠨ ᠵᠤᠪᠠᠨᠢᠯ ᠢ ᠰᠢᠢ᠍ᠳᠪᠦᠷᠢᠯᠡᠬᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ》 ᠬᠦᠴᠢᠷᠳᠡᠯᠲᠡᠢ ᠣᠯᠠᠨ ᠲᠦᠮᠡᠨ᠎ᠢ ᠬᠠᠯᠠᠮᠵᠢᠯᠠᠨ ᠲᠡᠳᠬᠦᠬᠦ ᠨᠠᠢ᠍ᠮᠠᠨ ᠠᠵᠢᠯᠯᠠᠭ᠎ᠠ ᠵᠢ ᠨᠠᠢ᠌ᠳᠠᠪᠤᠷᠢᠵᠢᠭᠤᠯᠬᠤ᠎ᠪᠠᠷ ᠪᠠᠷᠢᠴᠨ ᠪᠣᠯᠭ᠋ᠠᠵᠤ᠂ ᠨᠡᠢ᠌ᠭᠡᠮ᠎ᠤᠨ ᠲᠤᠰᠠᠯᠠᠮᠵᠢ ᠵᠢᠨ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠨᠠᠷᠢᠨ ᠨᠠᠢ᠌ᠳᠠᠪᠤᠷᠢᠵᠢᠭᠤᠯᠤᠨ᠂ ᠣᠯᠠᠨ ᠲᠠᠯ᠎ᠠ᠎ᠪᠠᠷ ᠬᠦᠴᠦᠯᠡᠵᠦ᠂ ᠣᠯᠠᠨ ᠠᠷᠭ᠎ᠠ᠎ᠪᠠᠷ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠵᠦ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠵᠤ᠂ ᠬᠦᠴᠢᠷᠳᠡᠯᠲᠡᠢ ᠣᠯᠠᠨ ᠲᠦᠮᠡᠨ᠎ᠤ ᠳᠤᠯᠠᠭ᠋ᠠᠨ ᠪᠦᠯᠢᠶᠡᠨ ᠡᠪᠦᠯᠵᠢᠬᠦ ᠵᠢ ᠦᠨᠡᠨ ᠬᠦ᠌ ᠪᠠᠳᠤᠯᠠᠪᠠ᠃
ᠲᠤᠰᠠᠯᠠᠮᠵᠢ ᠵᠢᠨ ᠪᠡᠯᠡ ᠮᠥᠩᠭᠥ ᠵᠢ ᠴᠠᠭ ᠲᠤᠬᠠᠢᠳᠤᠨᠢ ᠲᠠᠷᠬᠠᠭ᠋ᠠᠵᠤ᠂ ᠤᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠳᠤᠯᠠᠪᠠ᠃ ᠬᠦᠴᠢᠷᠳᠡᠯᠲᠡᠢ ᠣᠯᠠᠨ ᠲᠦᠮᠡᠨ᠎ᠤ ᠠᠷᠠᠳ᠎ᠲᠤ ᠠᠰᠢᠭ ᠬᠦᠷᠲᠡᠭᠡᠬᠦ ᠪᠠᠲᠤᠯᠠᠭ᠎ᠠ ᠵᠢᠨ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ᠎ᠢ ᠠᠰᠠᠷᠠᠨ ᠲᠡᠵᠢᠭᠡᠬᠦ ᠪᠡᠯᠡ ᠮᠥᠩᠭᠥ ᠵᠢ ᠰᠠᠷ᠎ᠠ ᠪᠦᠷᠢ ᠵᠢᠨ 10᠎ᠤ ᠡᠳᠦᠷ᠎ᠠᠴᠠ ᠡᠮᠦᠨ᠎ᠡ ᠲᠣᠭ᠎ᠠ ᠶᠣᠰᠣᠭ᠋ᠠᠷ ᠭᠦᠢ᠍ᠴᠡᠳ ᠣᠯᠭᠣᠬᠤ ᠵᠢ ᠪᠠᠲᠤᠯᠠᠵᠤ᠂ ᠣᠲᠣ ᠪᠣᠯᠲᠠᠯ᠎ᠠ ᠨᠡᠶ᠋ᠢᠲᠡ 7275.36 ᠲᠦᠮᠡᠨ ᠲᠥᠭᠥᠷᠢᠭ ᠲᠠᠷᠬᠠᠭ᠋ᠠᠪᠠ᠃ ᠬᠦᠴᠢᠷᠳᠡᠯᠲᠡᠢ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠎ᠢ ᠨᠡᠮᠡᠭᠳᠡᠭᠦᠯᠬᠦ ᠵᠢᠨ ᠲᠥᠯᠥᠭᠡ᠂ 7 ᠰᠠᠷ᠎ᠠ᠎ᠳᠤ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠬᠦᠷᠳᠡᠭᠰᠡᠳ᠂ ᠣᠨᠴᠠ ᠬᠦᠴᠢᠷᠳᠡᠯᠲᠡᠢ ᠠᠰᠠᠷᠠᠨ ᠲᠡᠵᠢᠭᠡᠭᠳᠡᠭᠰᠡᠳ᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠲᠤ ᠨᠢᠭᠡ ᠯᠨ ᠤᠳᠠᠭ᠎ᠠ ᠦᠭᠭᠦ ᠠᠮᠢᠳᠤᠷᠠᠯ᠎ᠤᠨ ᠨᠥᠬᠥᠪᠦᠷᠢ 70.91 ᠲᠦᠮᠡᠨ ᠲᠥᠭᠥᠷᠢᠭ ᠨᠡᠮᠡᠵᠦ ᠣᠯᠭᠣᠪᠠ᠃ 10 ᠳ᠋ᠤᠭ᠋ᠠᠷ ᠰᠠᠷ᠎ᠠ᠎ᠳᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠵᠦ ᠪᠠᠢ᠌ᠭ᠎ᠠ ᠭᠡᠷ ᠪᠦᠯᠢ᠎ᠳᠤ 616.58 ᠲᠦᠮᠡᠨ ᠲᠥᠭᠥᠷᠢᠭ᠎ᠤᠨ ᠳᠤᠯᠠᠭ᠋ᠠᠯᠠᠭ᠎ᠠ ᠵᠢᠨ ᠨᠥᠬᠥᠪᠦᠷᠢ ᠣᠯᠭᠣᠪᠠ᠃ 11 ᠳ᠋ᠤᠬᠡᠷ ᠰᠠᠷ᠎ᠠ᠎ᠳᠤ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠬᠦᠷᠳᠡᠭᠰᠡᠳ᠂ ᠣᠨᠴᠠ ᠬᠦᠴᠢᠷᠳᠡᠯᠲᠡᠢ ᠠᠰᠠᠷᠠᠨ ᠲᠡᠵᠢᠭᠡᠭᠳᠡᠭᠰᠡᠳ᠂ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠬᠦᠮᠦᠰ᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠲᠤ 9᠂ 10 ᠳ᠋ᠤᠭ᠋ᠠᠷ ᠰᠠᠷ᠎ᠠ ᠵᠢᠨ ᠦᠨ᠎ᠡ ᠬᠠᠩᠰᠢ ᠵᠢᠨ ᠲᠦᠷ ᠴᠠᠭ᠎ᠤᠨ ᠨᠥᠬᠥᠪᠦᠷᠢ 66.06 ᠲᠦᠮᠡᠨ ᠲᠥᠭᠥᠷᠢᠭ ᠤᠯᠭᠤᠪᠠ᠃ 12 ᠰᠠᠷ᠎ᠠ᠎ᠳᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠵᠦ ᠪᠠᠢ᠌ᠭ᠎ᠠ ᠭᠡᠷ ᠪᠦᠯᠢ᠎ᠳᠤ ᠨᠢᠭᠡ ᠤᠳᠠᠭ᠎ᠠ ᠵᠢᠨ ᠴᠢᠨᠠᠷᠲᠠᠢ ᠠᠮᠢᠳᠤᠷᠠᠯ᠎ᠤᠨ ᠨᠥᠬᠥᠪᠦᠷᠢ 445.7 ᠲᠦᠮᠡᠨ ᠲᠥᠭᠥᠷᠢᠭ ᠲᠠᠷᠬᠠᠭ᠋ᠠᠪᠠ᠃
ᠲᠦᠷ ᠴᠠᠭ᠎ᠤᠨ ᠲᠤᠰᠠᠯᠠᠮᠵᠢ ᠵᠢᠨ ᠠᠵᠢᠯ᠎ᠢ ᠴᠠᠭ ᠲᠤᠬᠠᠢᠳᠤᠨᠢ ᠥᠷᠨᠢᠭᠦᠯᠵᠦ᠂ ᠤᠯᠠᠨ ᠲᠦᠮᠡᠨ᠎ᠤ ᠪᠠᠴᠢᠮᠳᠠᠯ ᠬᠦᠴᠢᠷᠳᠡᠯ ᠵᠤᠪᠠᠨᠢᠯ᠎ᠢ ᠰᠢᠢ᠍ᠳᠪᠦᠷᠢᠯᠡᠪᠡ᠃ ᠬᠢᠵᠢᠭ᠎ᠠᠴᠠ ᠪᠣᠯᠵᠤ ᠬᠦᠴᠢᠷᠳᠡᠯ᠎ᠳᠤ ᠲᠤᠯᠭ᠋ᠠᠷᠠᠭᠰᠠᠨ ᠣᠯᠠᠨ ᠲᠦᠮᠡᠨ᠎ᠢ ᠲᠤᠰᠠᠯᠠᠬᠤ ᠠᠵᠢᠯᠯᠠᠭ᠎ᠠ ᠵᠢ ᠥᠷᠨᠢᠭᠦᠯᠬᠦ᠎ᠲᠠᠢ ᠤᠶᠠᠯᠳᠤᠭᠤᠯᠤᠨ᠂ ᠬᠦᠴᠢᠷᠳᠡᠯᠳᠡᠢ ᠣᠯᠠᠨ ᠲᠦᠮᠡᠨ᠎ᠤ ᠲᠦᠷ ᠴᠠᠭ ᠲᠤᠰᠠᠯᠠᠮᠨᠵᠢ ᠵᠢᠨ ᠠᠵᠢᠯ᠎ᠢ ᠰᠠᠢ᠌ᠲᠤᠷ ᠬᠢᠪᠡ᠃ ᠡᠷᠦᠬᠡ ᠠᠮᠠ ᠵᠢᠨ ᠲᠠᠩᠰᠠ ᠵᠢᠨ ᠪᠠᠢ᠌ᠭ᠎ᠠ ᠭᠠᠵᠠᠷ᠂ ᠰᠠᠭᠤᠭ᠎ᠠ ᠭᠠᠵᠠᠷ᠎ᠤᠨ ᠬᠢᠵᠠᠭ᠋ᠠᠷᠯᠠᠯ᠎ᠢ ᠬᠦᠴᠦᠨ ᠦᠭᠡᠢ ᠪᠣᠯᠭ᠋ᠠᠵᠤ᠂ ᠪᠠᠴᠢᠮ ᠬᠦᠴᠢᠷᠳᠡᠯ ᠭᠠᠷᠤᠭᠰᠠᠨ ᠭᠠᠵᠠᠷ᠎ᠲᠤ ᠰᠢᠭᠤᠳ ᠲᠦᠷ ᠴᠠᠭ᠎ᠤᠨ ᠠᠪᠤᠷᠠᠨ ᠲᠤᠰᠠᠯᠠᠯᠲᠠ ᠬᠢᠬᠦ ᠵᠢ ᠣᠨᠴᠠᠭ᠋ᠠᠢ᠌ᠯᠠᠨ ᠬᠡᠷᠡᠭᠵᠢᠭᠦᠯᠬᠦ ᠵᠢᠨ ᠬᠠᠮᠲᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠬᠤᠭᠤᠴᠠᠭ᠋ᠠᠨ᠎ᠳᠤ᠎ᠬᠢ ᠲᠦᠷ ᠴᠠᠭ᠎ᠤᠨ ᠲᠤᠰᠠᠯᠠᠮᠵᠢ ᠵᠢᠨ ᠪᠡᠯᠡᠳᠬᠡᠯ ᠮᠥᠩᠭᠥ ᠵᠢᠨ ᠬᠡᠮᠵᠢᠶ᠎ᠡ ᠵᠢ ᠳᠡᠭᠡᠭᠰᠢᠯᠡᠭᠦᠯᠵᠦ᠂ ᠲᠦᠷ ᠴᠠᠭ᠎ᠤᠨ ᠲᠤᠰᠠᠯᠠᠮᠵᠢ ᠵᠢ ᠭᠥᠯᠢᠶᠡᠨ ᠠᠪᠴᠤ ᠰᠢᠢ᠍ᠳᠪᠦᠷᠢᠯᠡᠬᠦ ᠲᠠᠰ ᠳᠠᠷᠠᠭ᠋ᠠᠯᠠᠯ᠎ᠢ ᠳᠥᠭᠥᠮᠴᠢᠯᠡᠨ᠂ 《ᠤᠷᠢᠳ ᠵᠶ᠋ᠡᠷ ᠲᠤᠰᠠᠯᠠᠬᠤ》 ᠵᠢ ᠪᠦᠲᠦᠮᠵᠢᠲᠡᠶ ᠨᠠᠢ᠌ᠳᠠᠪᠤᠷᠢᠵᠢᠭᠤᠯᠪᠠ᠃ ᠬᠢᠵᠢᠭ᠎ᠤᠨ ᠬᠠᠷᠠᠭ᠎ᠠ᠎ᠪᠠᠷ ᠬᠦᠴᠢᠷᠳᠡᠯ᠎ᠳᠤ ᠲᠤᠯᠭ᠋ᠠᠷᠠᠭᠰᠠᠨ ᠭᠤᠷᠪᠠᠳᠤᠭ᠋ᠠᠷ ᠲᠦᠷᠦᠯ᠎ᠤᠨ ᠬᠥᠮᠥᠰ᠎ᠲᠤ ᠨᠢᠭᠡ ᠯᠨ ᠤᠳᠠᠭ᠎ᠠ ᠲᠤᠰᠠᠯᠠᠬᠤ ᠲᠦᠷ ᠴᠠᠭ᠎ᠤᠨ ᠲᠤᠰᠠᠯᠠᠮᠵᠢ ᠵᠢᠨ ᠮᠥᠩᠭᠥ ᠣᠯᠭᠣᠵᠤ᠂ ᠠᠮᠢᠳᠤᠷᠠᠯ᠎ᠤᠨ ᠲᠠᠪᠠᠭ᠎ᠠ ᠵᠢ ᠲᠤᠭᠤᠯᠬᠤ᠎ᠳᠤᠨᠢ ᠲᠤᠰᠨ ᠪᠤᠯᠪᠠ᠃ ᠣᠲᠣ ᠪᠣᠯᠲᠠᠯ᠎ᠠ ᠲᠦᠷ ᠴᠠᠭ᠎ᠤᠨ ᠲᠤᠰᠠᠯᠠᠮᠵᠢ ᠵᠢ 648 ᠤᠳᠠᠭ᠎ᠠ ᠥᠷᠨᠢᠭᠦᠯᠵᠦ᠂ 177.33 ᠲᠦᠮᠡᠨ ᠲᠥᠭᠥᠷᠢᠭ ᠵᠠᠷᠤᠴᠠᠭᠤᠯᠤᠬᠰᠠᠨ ᠪᠠᠢ᠌ᠨ᠎ᠠ᠃
ᠣᠯᠠᠨ ᠲᠠᠯ᠎ᠠ ᠵᠢᠨ᠎ᠬᠢᠨ᠎ᠤ ᠬᠠᠮᠵᠢᠯᠴᠠᠭ᠎ᠠ ᠵᠢ ᠴᠢᠩᠭ᠋ᠠᠳᠬᠠᠵᠤ᠂ ᠨᠡᠢ᠌ᠭᠡᠮ᠎ᠤᠨ ᠲᠤᠰᠠᠯᠠᠮᠵᠢ ᠵᠢᠨ ᠬᠠᠮ ᠬᠦᠴᠦᠨ᠎ᠢ ᠨᠢᠬᠳᠠᠷᠠᠭᠤᠯᠪᠠ᠃ ᠬᠦᠴᠢᠷᠳᠡᠯᠲᠡᠢ ᠣᠯᠠᠨ ᠲᠦᠮᠡᠨ᠎ᠢ ᠰᠤᠷᠪᠤᠯᠵᠢᠯᠠᠨ ᠲᠣᠬᠣᠨᠢᠭᠤᠯᠬᠤ ᠠᠵᠢᠯᠯᠠᠭ᠎ᠠ ᠵᠢ ᠪᠥᠬᠥ ᠲᠠᠯ᠎ᠠ᠎ᠪᠠᠷ ᠥᠷᠨᠢᠭᠦᠯᠵᠦ᠂ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠬᠤ ᠠᠵᠢᠯ᠎ᠢ ᠰᠠᠢ᠌ᠲᠤᠷ ᠬᠢᠪᠡ᠃ ᠦᠬᠠᠢ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠡᠯ᠎ᠡ ᠰᠠᠯᠠᠭ᠎ᠠ ᠮᠥᠴᠢᠷ᠎ᠢ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠭᠤᠯᠵᠤ᠂ ᠪᠣᠳᠠᠰ ᠵᠶ᠋ᠠᠷ ᠲᠤᠰᠠᠯᠠᠬᠤ ᠠᠵᠢᠯ᠎ᠢ ᠬᠦᠴᠦ᠎ᠪᠠᠨ ᠬᠠᠮᠲᠤᠳᠬᠠᠨ ᠰᠠᠢ᠌ᠲᠤᠷ ᠬᠢᠵᠦ᠂ ᠬᠦᠴᠢᠷᠳᠡᠯᠲᠡᠢ ᠤᠯᠠᠨ ᠲᠦᠮᠡᠨ᠎ᠳᠤ ᠠᠮᠤ ᠲᠤᠰᠤ᠂ ᠢᠳᠡᠰᠢᠨ ᠨᠣᠭᠣᠭ᠎ᠠ᠂ ᠰᠦ ᠠᠪᠴᠤ ᠪᠤᠯᠬᠤ ᠺᠠᠷᠲ᠎ᠢ 2979 ᠲᠦᠭᠡᠭᠡᠵᠦ᠂ ᠵᠣᠭᠣᠰ ᠵᠶ᠋ᠠᠷ ᠪᠤᠳᠤᠪᠠᠯ 32.2 ᠲᠦᠮᠡᠨ ᠲᠥᠭᠥᠷᠢᠭ᠎ᠲᠤ ᠬᠦᠷᠴᠦ᠂ ᠬᠦᠴᠢᠷᠳᠡᠯᠲᠡᠢ ᠤᠯᠠᠨ ᠲᠦᠮᠡᠨ᠎ᠤ ᠠᠮᠢᠳᠤᠷᠠᠯ᠎ᠤᠨ ᠡᠳ᠋ ᠪᠣᠳᠠᠰ ᠲᠤᠲᠠᠭᠳᠠᠵᠤ ᠪᠠᠢ᠌ᠭ᠎ᠠ ᠠᠰᠠᠭᠤᠳᠠᠯ᠎ᠢ ᠴᠠᠭ ᠲᠤᠬᠠᠢ ᠳᠤᠨᠢ ᠰᠢᠢ᠍ᠳᠪᠦᠷᠢᠯᠡᠪᠡ᠃ ᠦᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠢ ᠵᠤᠬᠢᠶᠠᠨ ᠪᠠᠢ᠌ᠭᠤᠯᠵᠤ ᠨᠢᠭᠦᠯᠡᠰᠦᠩᠭᠦᠢ ᠵᠢᠨ ᠦᠢ᠍ᠯᠡᠰ᠎ᠤᠨ ᠲᠤᠰᠠᠯᠠᠮᠵᠢ ᠵᠢᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠭᠤᠯᠵᠤ᠂ 28 ᠬᠦᠴᠢᠷᠳᠡᠯᠲᠡᠢ ᠣᠯᠠᠨ ᠲᠦᠮᠡᠨ᠎ᠢ ᠬᠠᠪᠰᠤᠷᠤᠨ ᠲᠡᠳᠬᠦᠵᠦ᠂ ᠬᠠᠢ᠌ᠷ᠎ᠠ ᠬᠠᠯᠠᠮᠵᠢ ᠵᠢ ᠬᠦᠷᠭᠡᠵᠡᠢ᠃