ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠮᠠᠨ᠎ᠤ ᠣᠷᠣᠨ᠎ᠤ ᠡᠯ᠎ᠡ ᠭᠠᠵᠠᠷ᠎ᠤᠨ᠎ᠬᠢᠨ ᠤᠯᠠᠨ ᠤᠯᠤᠰ᠎ᠤᠨ ᠰᠠᠢ᠌ᠨ ᠲᠤᠷᠠᠴᠤᠤᠯ᠎ᠤᠨ ᠡᠳᠦᠷ᠎ᠤᠨ ᠭᠤᠤᠯ ᠰᠡᠳᠤᠪᠳᠤ ᠤᠬᠠᠭᠤᠯᠭ᠎ᠠ ᠦᠷᠨᠢᠬᠦᠯᠪᠡ
ᠨᠡᠶᠢᠲᠡᠯᠡᠭᠰᠡᠨ ᠴᠠᠭ᠄ 2022-12-28

    《ᠬᠤᠪᠢ ᠨᠡᠮᠡᠷᠢ ᠦᠵᠡᠭᠦᠯᠬᠦ᠂ ᠨᠥᠬᠥᠷᠰᠡᠭ ᠬᠠᠢ᠌ᠷ᠎ᠠ ᠎ᠲᠠᠢ ᠪᠠᠢ᠌ᠬᠤ᠂ ᠬᠠᠪᠰᠤᠷᠤᠯᠴᠠᠬᠤ᠂ ᠳᠠᠪᠰᠢᠬᠤ》 ᠰᠠᠢ᠌ᠨ  ᠲᠤᠷᠠᠴᠤᠤᠯ᠎ᠤᠨ ᠵᠣᠷᠢᠭ ᠰᠠᠨᠠᠭ᠎ᠠ ᠵᠢ ᠤᠯᠠᠮ ᠪᠠᠳᠠᠷᠠᠭᠤᠯᠬᠤ ᠵᠢᠨ ᠲᠥᠯᠥᠭᠡ᠂ ᠤᠯᠠᠨ ᠤᠯᠤᠰ᠎ᠤᠨ ᠰᠠᠢ᠌ᠨ ᠲᠤᠷᠠᠴᠤᠤᠯ᠎ᠤᠨ ᠡᠳᠦᠷ᠎ᠤᠨ ᠡᠮᠦᠨ᠎ᠡ ᠬᠣᠢ᠌ᠨ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠡᠯ᠎ᠡ ᠭᠠᠵᠠᠷ᠎ᠤᠨ ᠨᠡᠢ᠌ᠭᠡᠮ᠎ᠤᠨ ᠠᠵᠢᠯᠲᠠᠨ ᠪᠠ ᠰᠠᠢ᠌ᠨ ᠲᠤᠷᠠᠴᠤᠤᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠪᠠᠶᠠᠯᠢᠭ ᠠᠭᠤᠯᠭ᠎ᠠ᠎ᠲᠠᠢ ᠤᠯᠠᠨ ᠶᠠᠩᠵᠤ ᠵᠢᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠲᠤᠷᠠᠴᠤᠤᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ 《ᠪᠢ ᠬᠥᠮᠥᠨ ᠪᠦᠬᠦᠨ᠎ᠤ ᠲᠥᠯᠥᠭᠡ᠂ ᠬᠥᠮᠥᠨ ᠪᠦᠬᠦᠨ ᠮᠢᠨᠤ ᠲᠥᠯᠥᠭᠡ》 ᠬᠢᠬᠦ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠭᠤᠷ ᠠᠮᠢᠰᠬᠤᠯ᠎ᠢ ᠴᠢᠷᠮᠠᠢ᠌ᠨ ᠪᠤᠢ ᠪᠣᠯᠭ᠋ᠠᠵᠤ᠂ ᠥᠭᠡᠳᠡᠯᠡᠨ ᠲᠠᠪᠰᠢᠬᠤ ᠢᠳᠡᠪᠬᠢ ᠬᠦᠴᠦᠨ᠎ᠢ ᠳᠠᠮᠵᠢᠭᠤᠯᠪᠠ᠃
W020221215595533146636.png 
    

     ᠬᠥᠯᠥᠨ ᠪᠤᠢ᠍ᠢ᠍ᠷ ᠬᠤᠳᠠ ᠵᠢᠨ ᠵᠠᠯᠠᠨ ᠠᠢ᠌ᠯ ᠬᠤᠳᠠ ᠵᠢᠨ ᠴᠧᠨ ᠰᠢ ᡁᠢ ᠭᠤᠸᠠᠩ ᠨᠡᠶ᠋ᠢᠲᠡ ᠵᠢᠨ ᠠᠰᠠᠷᠠᠮᠵᠢ ᠵᠢᠨ ᠨᠡᠢ᠌ᠭᠡᠮᠯᠢᠭ᠎ᠤᠨ᠎ᠬᠢᠨ ᠵᠡᠮᠳᠡᠭ ᠬᠥᠮᠥᠨ ᠰᠢᠶᠣᠣ ᠬᠦᠢ ᠵᠢᠶᠸ ᠵᠢᠨ᠎ᠳᠤ ᠠᠮᠤ ᠲᠣᠰᠣ᠂ ᠲᠠᠬᠢᠶᠠᠨ᠎ᠤ ᠥᠨᠳᠡᠭᠡ᠂ ᠦᠨᠢᠶᠡᠨ᠎ᠤ ᠰᠦ  ᠬᠦᠷᠭᠡᠵᠤ᠂ ᠡᠪᠦᠯ᠎ᠤᠨ ᠬᠠᠬᠢᠷ ᠬᠦᠢ᠍ᠳᠡᠨ᠎ᠳᠤ ᠬᠠᠯᠠᠭᠤᠨ ᠳᠤᠯᠠᠭ᠋ᠠᠨ ᠠᠭᠤᠷ ᠠᠮᠢᠰᠬᠤᠯ ᠵᠶ᠋ᠡᠷ ᠰᠢᠶᠣᠣ ᠬᠦᠶ ᠵᠢᠶᠧ ᠵᠢᠨ᠎ᠬᠢᠨ᠎ᠤ ᠰᠡᠳᠬᠢᠯ᠎ᠢ ᠲᠤᠯᠠᠭ᠋ᠠᠴᠠᠭᠤᠯᠵᠤ᠂ ᠳᠣᠲᠣᠨᠣᠰᠤᠭ ᠵᠶ᠋ᠠᠷ ᠶᠠᠷᠢᠯᠴᠠᠵᠤ᠂ ᠣᠢ᠌ᠷ᠎ᠠ ᠵᠢᠨ ᠬᠤᠭᠤᠴᠠᠭ᠋ᠠᠨ᠎ᠤ ᠠᠮᠢᠳᠤᠷᠠᠯ᠎ᠤᠨ ᠪᠠᠢ᠌ᠳᠠᠯ ᠪᠠ  ᠬᠦᠴᠢᠷᠳᠡᠯ᠎ᠢ᠎ᠨᠢ ᠨᠠᠷᠢᠨ ᠠᠰᠠᠭᠤᠬᠰᠠᠨ᠎ᠤ ᠬᠠᠮᠳᠤ  ᠪᠡᠶ᠎ᠡ᠎ᠪᠠᠨ ᠰᠠᠢ᠌ᠲᠤᠷ ᠬᠠᠮᠠᠭ᠋ᠠᠯᠠᠵᠤ᠂ ᠬᠦᠢ᠍ᠲᠡᠨ ᠨᠤᠢ᠌ᠳᠠᠨ᠎ᠳᠤ ᠲᠠᠭ᠋ᠠᠷᠠᠵᠤ ᠪᠡᠬᠡᠷᠡᠬᠦ ᠵᠢ ᠠᠡᠭᠬᠠᠷᠤᠨ᠂ ᠬᠢᠵᠢᠭ᠎ᠤᠨ ᠪᠠᠢ᠌ᠳᠠᠯ᠎ᠤᠨ ᠬᠤᠭᠤᠴᠠᠭ᠋ᠠᠨ᠎ᠳᠤ ᠭᠠᠳᠠᠭᠰᠢ ᠭᠠᠷᠬᠤ᠎ᠳᠤ᠎ᠪᠠᠨ ᠵᠠᠪᠠᠯ ᠠᠮᠠᠪᠴᠢ ᠵᠡᠭᠦᠵᠦ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠬᠢᠵᠢᠭ ᠬᠠᠯᠳᠠᠪᠤᠷᠢᠯᠠᠬᠤ᠎ᠠᠴᠠ ᠰᠠᠢ᠌ᠳᠤᠷ ᠬᠠᠮᠠᠭ᠋ᠠᠯᠠᠬᠤ᠎ᠠᠴᠠ ᠬᠡᠷᠡᠭᠲᠡᠢ ᠭᠡᠵᠦ  ᠰᠠᠨᠠᠭᠤᠯᠤᠨ᠂ ᠠᠮᠢᠳᠤᠷᠠᠯ᠎ᠤᠨ ᠬᠦᠴᠢᠷᠳᠡᠯ᠎ᠤᠨ ᠡᠮᠦᠨ᠎ᠡ ᠢᠲᠡᠭᠡᠯ ᠵᠤᠷᠢᠭ᠎ᠲᠠᠢ᠂ ᠰᠡᠳᠬᠢᠯ ᠪᠠᠶᠠᠰᠤᠩᠭᠤᠢ ᠪᠠᠢ᠌ᠭ᠋ᠠᠷᠠᠢ ᠭᠡᠵᠦ ᠵᠤᠷᠢᠬ᠍ᠵᠢᠭᠤᠯᠤᠬᠰᠠᠨ ᠪᠠᠢ᠌ᠨ᠎ᠠ᠃
 W020221215595533162643.png    

     ᠲᠦᠩᠯᠢᠶᠣᠣ ᠬᠣᠲᠠ ᠵᠢᠨ ᠮᠤ᠌ ᠶᠠᠡᠭ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠵᠢᠨ 446 ᠰᠠᠢ᠌ᠨ ᠲᠤᠷᠠᠴᠤᠤᠯ ᠢᠳᠡᠪᠬᠢᠲᠡᠢ᠎ᠪᠠᠷ ᠨᠡᠷ᠎ᠡ ᠮᠡᠳᠡᠭᠦᠯᠵᠦ᠂ ᠣᠢ᠌ᠷ᠎ᠠ ᠬᠠᠪᠢ᠎ᠳᠤ᠎ᠪᠠᠨ ᠲᠤᠰᠠᠯᠠᠬᠤ ᠵᠠᠷᠴᠢᠮ ᠵᠶ᠋ᠡᠷ ᠨᠡᠢ᠌ᠭᠡᠮ ᠲᠣᠭᠣᠷᠢᠭ᠎ᠤᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂  ᠦᠢ᠍ᠪᠡᠷᠰᠡᠳ᠎ᠤᠨ ᠨᠡᠢ᠌ᠭᠡᠮ ᠲᠣᠭᠣᠷᠢᠭ᠎ᠲᠤ ᠎ᠪᠠᠨ ᠦᠢ᠍ᠯᠡᠴᠢᠯᠡᠵᠦ᠂ ᠪᠥᠭᠡᠮ ᠬᠦᠴᠢᠯ᠎ᠤᠨ  ᠪᠠᠢ᠌ᠴᠠᠭ᠋ᠠᠯᠳᠠ ᠵᠢᠨ ᠴᠡᠭ ᠲᠡᠬᠡᠷ᠎ᠡ ᠪᠥᠭᠡᠮ ᠬᠦᠴᠢᠯ᠎ᠤᠨ ᠪᠠᠢ᠌ᠴᠠᠭ᠋ᠠᠯᠳᠠ ᠵᠢᠨ ᠥᠯᠢᠭᠡᠷ ᠠᠪᠬᠤ᠂ ᠮᠡᠳᠡᠭᠡ ᠵᠠᠩᠭᠢ ᠣᠷᠣᠭᠤᠯᠬᠤ᠂ ᠡᠮᠬᠢ ᠳᠢᠭᠯᠢᠮ᠎ᠢ ᠬᠠᠮᠠᠭ᠋ᠠᠯᠠᠬᠤ᠂ ᠡᠳ᠋ ᠪᠣᠳᠠᠰ ᠬᠦᠷᠭᠡᠬᠦ᠂  ᠡᠮᠦᠨ᠎ᠡ ᠹᠷᠣᠨᠲ᠎ᠤᠨ ᠬᠥᠮᠥᠰ᠎ᠤᠨ ᠬᠣᠭᠣᠯᠠ ᠤᠮᠳᠠ ᠵᠢ ᠪᠡᠯᠡᠳᠬᠦ ᠵᠡᠷᠭᠡ ᠰᠡᠳᠬᠢᠯ᠎ᠢ ᠳᠤᠯᠠᠭ᠋ᠠᠴᠠᠭᠤᠯᠬᠤ ᠦᠢ᠍ᠯᠡᠴᠢᠯᠡᠭᠡᠨ᠎ᠳᠤ ᠣᠷᠣᠯᠴᠠᠵᠤ᠂ ᠡᠯ᠎ᠡ ᠨᠡᠢ᠌ᠭᠡᠮ ᠲᠣᠭᠣᠷᠢᠭ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ ᠥᠷᠨᠢᠭᠦᠯᠬᠦ᠎ᠳᠤ ᠬᠦᠴᠦᠨ ᠨᠡᠮᠡᠷᠢᠯᠡᠪᠡ᠃ ᠮᠤ᠌ ᠶᠠᠡᠭ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠪ᠎ᠤᠨ᠎ᠬᠢᠨ ᠤᠳᠤ ᠪᠤᠯᠳᠠᠯ᠎ᠠ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠳᠤ 25 ᠡᠳᠦᠷ ᠣᠷᠣᠯᠴᠠᠵᠤ᠂ ᠦᠢ᠍ᠯᠡᠴᠢᠯᠡᠭᠡᠨ᠎ᠤ ᠴᠡᠭ 80 ᠭᠠᠷᠤᠢ ᠪᠣᠯᠵᠤ᠂ 446 ᠰᠠᠢ᠌ᠨ ᠲᠤᠷᠠᠴᠤᠤᠯ ᠰᠠᠢ᠌ᠨ ᠲᠤᠷ᠎ᠠ ᠵᠢᠨ ᠠᠵᠢᠯᠯᠠᠭ᠎ᠠ᠎ᠳᠤ ᠤᠷᠤᠯᠴᠠᠨ ᠂ ᠨᠡᠢ᠌ᠳᠡ 55750 ᠭᠠᠷᠤᠢ ᠴᠠᠭ ᠦᠢ᠍ᠯᠡᠴᠢᠯᠡᠭᠰᠡᠨ ᠪᠠᠢ᠌ᠨ᠎ᠠ᠃
 W020221215595533189412.png 

    《ᠰᠢᠯᠢ ᠵᠢᠨ ᠭᠣᠣᠯ ᠠᠢ᠌ᠮᠠᠭ᠎ᠤᠨ ᠴᠠᠭ ᠦᠶ᠎ᠡ ᠵᠢᠨ ᠬᠣᠰᠢᠭᠤᠴᠢ ᠨᠡᠶ᠋ᠢᠲᠡ ᠵᠢᠨ ᠠᠰᠠᠷᠠᠮᠵᠢ ᠵᠢᠨ ᠨᠡᠢ᠌ᠭᠡᠮᠯᠢᠭ》᠎ᠤᠨ᠎ᠬᠢᠨ ᠰᠢᠯᠢ ᠵᠢᠨ ᠭᠣᠣᠯ ᠠᠢ᠌ᠮᠠᠭ᠎ᠤᠨ ᠴᠢᠰᠤᠨ᠎ᠤ ᠭᠣᠣᠯ ᠦᠷᠳᠡᠭᠡ᠎ᠳᠤ ᠬᠦᠷᠴᠦ᠂ ᠦᠨ᠎ᠡ ᠲᠥᠯᠥᠪᠦᠷᠢ ᠦᠭᠡᠢ᠎ᠪᠠᠷ ᠴᠢᠰᠤ᠎ᠪᠠᠨ  ᠡᠷᠬᠦᠬᠦ ᠰᠠᠢ᠌ᠨ ᠲᠤᠷᠠᠴᠤᠤᠯ᠎ᠤᠨ ᠪᠠᠶᠠᠷ᠎ᠤᠨ ᠡᠳᠦᠷ᠎ᠢ ᠪᠡᠯᠡᠭᠯᠡᠬᠡᠵᠡᠪᠡ᠃ ᠣᠯᠠᠩᠬᠢ ᠰᠠᠢ᠌ᠨ ᠲᠤᠷᠠᠴᠤᠤᠯ ᠪᠣᠯ ᠴᠥᠮ ᠭᠤᠷᠪᠠᠳᠤᠭ᠋ᠠᠷ ᠤᠳᠠᠭ᠋ᠠᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠳᠤ ᠰᠠᠶᠢᠬᠠᠨ ᠣᠷᠣᠯᠴᠠᠭᠰᠠᠨ ᠰᠠᠢ᠌ᠨ ᠳᠤᠷ᠎ᠠ ᠵᠢᠨ ᠠᠵᠢᠯᠯᠠᠭᠰᠠᠳ ᠮᠥᠨ᠂ ᠬᠢᠵᠢᠭ᠎ᠤᠨ ᠬᠤᠭᠤᠴᠠᠭ᠋ᠠᠨ᠎ᠳᠤ ᠲᠡᠳᠡ ᠬᠠᠮᠠᠭ᠋ᠠᠯᠠᠯᠳᠠ ᠵᠢᠨ ᠬᠤᠪᠴᠠᠰᠤ ᠡᠮᠦᠰᠴᠦ᠂ ᠠᠶᠤᠯ ᠲᠦᠭᠰᠢᠭᠦᠷᠢ᠎ᠠᠴᠠ ᠠᠶᠤᠬᠤ ᠦᠭᠡᠢ᠎ᠪᠠᠷ ᠡᠷᠡᠯᠬᠡᠭ ᠵᠶ᠋ᠡᠷ ᠤᠷᠤᠭᠰᠢᠯᠠᠵᠤ᠂ ᠡᠮᠦᠨ᠎ᠡ᠎ᠨᠢ ᠭᠠᠪᠰᠢᠭ᠋ᠠᠢ᠌ᠯᠠᠵᠤ ᠪᠠᠢ᠌ᠯ᠎ᠠ᠃ ᡽ ᠨᠡᠢ᠌ᠭᠡᠮ᠎ᠤᠨ ᠲᠠᠯ᠎ᠠ ᠵᠢᠨ ᠪᠢᠲᠡᠭᠦᠮᠵᠢᠯᠡᠯ᠎ᠢ ᠬᠦᠴᠦᠨ ᠦᠭᠡᠢ ᠪᠣᠯᠭ᠋ᠠᠭᠰᠠᠨ᠎ᠤ ᠳᠠᠷᠠᠭ᠎ᠠ ᠲᠡᠳᠡ ᠪᠠᠰᠠ ᠢᠳᠡᠪᠬᠢᠲᠡᠢ᠎ᠪᠠᠷ ᠨᠡᠷ᠎ᠡ ᠮᠡᠳᠡᠭᠦᠯᠵᠦ᠂ ᠦᠨ᠎ᠡ ᠲᠥᠯᠥᠪᠦᠷᠢ ᠦᠭᠡᠢ᠎ᠪᠠᠷ ᠴᠢᠰᠤ᠎ᠪᠠᠨ ᠡᠷᠬᠦᠬᠦ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠪᠠ᠃ ᠲᠣᠰ ᠤᠳᠠᠭ᠎ᠠ ᠨᠡᠶ᠋ᠢᠲᠡ 37 ᠬᠥᠮᠥᠨ ᠴᠢᠰᠤ ᠬᠠᠨᠳᠢᠪᠯᠡᠬᠤ ᠠᠵᠢᠯᠯᠠᠭ᠎ᠠ᠎ᠳᠤ ᠤᠷᠤᠯᠴᠠᠬᠰᠠᠨ᠎ᠤ ᠳᠣᠲᠣᠷ᠎ᠠ 28 ᠬᠥᠮᠥᠨ ᠴᠢᠰᠤ᠎ᠪᠠᠨ ᠬᠠᠨᠳᠢᠪᠯᠠᠬᠤ ᠨᠦᠬᠦᠴᠡᠯ᠎ᠳᠤ ᠨᠡᠢ᠌ᠴᠡᠵᠤ᠂ ᠨᠡᠶ᠋ᠢᠲᠡ 7800ml ᠴᠢᠰᠤ ᠬᠠᠨᠳᠢᠪᠯᠠᠨ᠂ 2 ᠬᠥᠮᠥᠨ ᠴᠢᠰᠤᠨ᠎ᠤ ᠢᠯᠲᠠᠰᠤ ᠬᠠᠨᠳᠢᠪᠯᠡᠵᠠᠢ᠃ ᠴᠢᠰᠤ ᠬᠠᠨᠳᠢᠪᠯᠡᠬᠤ ᠶᠠᠪᠤᠳᠠᠯ ᠪᠠᠰᠠ ᠦᠷᠭᠦᠯᠵᠢᠯᠡᠭᠰᠡᠭᠡᠷ᠂ ᠲᠣᠭ᠎ᠠ ᠪᠠᠷᠢᠮᠲᠠ ᠬᠤᠪᠢᠷᠠᠭᠰᠠᠭ᠋ᠠᠷ ᠪᠤᠯᠪᠠᠴᠤ ᠰᠠᠢ᠌ᠨ ᠳᠤᠷ᠎ᠠ ᠵᠢᠨ ᠦᠢ᠍ᠯᠡᠴᠢᠯᠡᠭᠡ ᠵᠢᠨ ᠎ᠬᠢᠨ᠎ᠤ ᠤᠭ ᠰᠠᠨᠠᠭ᠎ᠠ ᠢᠮᠠᠭᠲᠠ ᠬᠡᠪ ᠵᠶ᠋ᠡᠷ ᠵᠶ᠋ᠡᠨ ᠪᠠᠢ᠌ᠬᠰᠠᠭ᠋ᠠᠷ ᠪᠢᠯᠨ ᠃
W020221215595533208774.png 

     ᠰᠢᠯᠢ ᠵᠢᠨ ᠭᠣᠣᠯ ᠠᠢ᠌ᠮᠠᠭ᠎ᠤᠨ ᠰᠠᠨ ᠺᠤᠸᠠᠨ ᠶᠤᠸᠠᠨ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠨᠡᠢ᠌ᠭᠡᠮ ᠲᠤᠭᠤᠷᠢᠭ᠎ᠤᠨ ᠦᠢ᠍ᠯᠡᠴᠢᠯᠡᠭᠡᠨ᠎ᠤ ᠲᠥᠪ᠎ᠤᠨ ᠨᠡᠢ᠌ᠭᠡᠮ᠎ᠤᠨ ᠠᠵᠢᠯᠲᠠᠳ ᠡᠪᠤᠯ᠎ᠤᠨ ᠬᠠᠬᠢᠷ ᠬᠦᠢ᠍ᠲᠡᠨ᠎ᠢ ᠬᠠᠢ᠌ᠬᠤᠷᠤᠯ ᠦᠬᠡᠢ᠎ᠪᠠᠷ ᠡᠷᠬᠢᠨ ᠲᠣᠭᠣᠷᠢᠨ᠎ᠤ ᠰᠠᠭᠤᠭ᠋ᠠᠯᠢ ᠠᠷᠠᠳ᠎ᠲᠤ 《ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠬᠠᠤᠯᠢ》᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠦᠴᠢᠷᠳᠡᠯ᠎ᠳᠤ ᠲᠤᠯᠭ᠋ᠠᠷᠠᠭᠰᠠᠨ ᠲᠥᠷᠥᠯᠬᠢ ᠵᠢᠷᠦᠬᠡᠨ ᠡᠪᠡᠳᠴᠢᠨ᠎ᠲᠠᠢ ᠬᠡᠦᠬᠡᠳ᠎ᠲᠤ ᠮᠡᠰᠡ ᠵᠠᠰᠠᠯ ᠬᠢᠬᠦ 《ᠵᠢᠭᠦᠷ ᠤᠷᠭᠤᠭᠤᠯᠬᠤ ᠲᠥᠯᠥᠪᠯᠡᠭᠡ》 ᠵᠡᠷᠭᠡ ᠬᠠᠮᠢᠶ᠎ᠠ ᠪᠦᠬᠦᠢ ᠤᠬᠠᠭᠤᠯᠭ᠎ᠠ ᠵᠢᠨ ᠬᠠᠭᠤᠳᠠᠰᠤ ᠵᠢ ᠲᠠᠷᠬᠠᠭ᠋ᠠᠵᠤ ᠪᠠᠢ᠌ᠭ᠎ᠠ᠎ᠨᠢ
W020221215595533221053.png  
     ᠣᠷᠳᠣᠰ ᠬᠣᠲᠠ ᠵᠢᠨ ᠬᠢᠶ᠎ᠠ ᠪᠠᠭᠰᠢ ᠲᠣᠭᠣᠷᠢᠭ᠎ᠤᠨ ᠪᠢᠨ ᠾᠧ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠡᠢ᠌ᠭᠡᠮ᠎ᠤᠨ ᠠᠵᠢᠯ᠎ᠤᠨ ᠥᠷᠲᠡᠭᠡᠨ᠎ᠳᠤ 《ᠰᠠᠭᠤᠭ᠋ᠠᠯᠢ ᠠᠷᠠᠳ᠎ᠤᠨ ᠠᠮᠤᠷ ᠲᠦᠪᠰᠢᠨ᠎ᠳᠤ ᠪᠠᠭ᠎ᠠ ᠤᠴᠢᠷ ᠦᠭᠡᠢ ᠲᠠᠪᠤᠨ  ᠨᠡᠢ᠌ᠬᠡᠮ᠎ᠤᠨ᠎ᠬᠢᠨ ᠬᠦᠴᠦᠨ ᠵᠶ᠋ᠡᠨ ᠲᠥᠪᠯᠡᠷᠡᠭᠦᠯᠦᠨ ᠠᠰᠠᠷᠠᠮᠵᠢ ᠵᠢᠨ ᠠᠵᠢᠯᠯᠠᠭ᠎ᠠ᠎ᠳᠤ ᠢᠳᠡᠪᠬᠢᠳᠡᠢ ᠤᠷᠤᠯᠴᠠᠶ᠎ᠠ》 ᠬᠡᠬᠦ ᠰᠠᠢ᠌ᠨ ᠳᠤᠷ᠎ᠠ ᠵᠢᠨ ᠦᠢ᠍ᠯᠡᠴᠢᠯᠡᠭᠡ ᠥᠷᠨᠢᠭᠦᠯᠵᠦ᠂ ᠨᠢᠩ ᠰᠢᠨ ᠨᠡᠢ᠌ᠭᠡᠮ ᠲᠣᠭᠣᠷᠢᠭ᠎ᠤᠨ ᠶᠠᠳᠠᠭᠤ ᠬᠦᠴᠢᠷᠳᠡᠯᠲᠡᠢ ᠨᠠᠰᠤᠲᠠᠢ᠌ᠴᠤᠳ᠎ᠲᠤ ᠪᠠᠢ᠌ᠭ᠋ᠠᠯᠢ ᠵᠢᠨ ᠰᠢᠲᠠᠮᠠᠬᠠᠢ ᠬᠡᠢ ᠵᠢᠨ ᠲᠦᠭᠰᠢᠭᠦᠷᠢ ᠵᠢ ᠮᠡᠳᠡᠭᠡᠯᠡᠬᠦ ᠮᠠᠰᠢᠨ  ᠤᠬᠰᠠᠷᠠᠨ ᠦᠭᠴᠤ᠂ ᠳᠤᠮᠳᠠᠳᠤ ᠵᠢᠨ ᠦᠨᠳᠦᠰᠦᠲᠡᠨ᠎ᠤ ᠨᠠᠰᠤᠲᠠᠢ᠌ᠴᠤᠳ ᠵᠶ᠋ᠠᠨ ᠬᠦᠨᠳᠦᠯᠡᠬᠦ᠂ ᠨᠠᠰᠤᠲᠠᠢ᠌ᠴᠤᠳ ᠵᠶ᠋ᠠᠨ ᠬᠠᠢ᠌ᠷᠠᠯᠠᠬᠤ ᠤᠯᠠᠮᠵᠢᠯᠠᠯᠲᠤ ᠰᠠᠢ᠌ᠬᠠᠨ ᠰᠤᠷᠲᠠᠯ᠎ᠢ ᠪᠠᠳᠠᠷᠠᠭᠤᠯᠵᠤ᠂   ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠨᠠᠰᠤᠲᠠᠢ᠌ᠴᠤᠳ᠎ᠢ ᠬᠠᠯᠠᠮᠵᠢᠯᠠᠨ ᠬᠠᠢ᠌ᠷᠠᠯᠠᠵᠤ ᠪᠠᠢ᠌ᠬᠤ ᠵᠢ ᠪᠣᠳᠠᠲᠤ ᠠᠵᠢᠯᠯᠠᠭ᠎ᠠ᠎ᠪᠠᠷ ᠵᠶ᠋ᠠᠨ  ᠮᠡᠳᠡᠷᠡᠬᠦᠯᠪᠡ᠃
W020221215595533243538.png 

     ᠪᠠᠶᠠᠨᠨᠠᠭᠤᠷ ᠬᠤᠳᠠ ᠵᠢᠨ ᠰᠡᠳᠬᠢᠯ᠎ᠢ ᠳᠤᠯᠠᠭ᠋ᠠᠴᠠᠭᠤᠯᠬᠤ ᠰᠠᠢ᠌ᠨ ᠳᠤᠷ᠎ᠠ ᠵᠢᠨ ᠦᠢ᠍ᠯᠡᠴᠢᠯᠡᠭᠴᠢᠳ᠎ᠤᠨ ᠨᠡᠢ᠌ᠭᠡᠮᠯᠢᠭ᠎ᠤᠨ 14 ᠰᠠᠢ᠌ᠨ  ᠲᠤᠷᠠᠴᠤᠤᠯ ᠡᠩᠬᠡ ᠲᠠᠢ᠌ᠪᠤᠩ ᠨᠡᠢ᠌ᠭᠡᠮ ᠲᠣᠭᠣᠷᠢᠭ ᠎ᠤᠨ᠎ᠬᠢᠨ᠎ᠲᠠᠢ ᠬᠠᠮᠲᠤᠷᠠᠨ 《ᠥᠨᠥᠴᠢᠨ ᠪᠡᠯᠪᠡᠰᠦᠨ ᠨᠠᠰᠤᠲᠠᠨ᠎ᠢ ᠲᠣᠬᠣᠨᠢᠭᠤᠯᠵᠤ᠂ ᠬᠠᠢ᠌ᠷ᠎ᠠ ᠰᠡᠳᠬᠢᠯᠭᠡ ᠵᠢ ᠳᠠᠮᠵᠢᠭᠤᠯᠬᠤ》 ᠠᠵᠢᠯᠯᠠᠭ᠎ᠠ ᠵᠢ ᠥᠷᠨᠢᠭᠦᠯᠵᠦ᠂  ᠬᠠᠷᠢᠶ᠎ᠠ ᠲᠣᠭᠣᠷᠢᠭ᠎ᠤᠨ ᠠᠮᠢᠳᠤᠷᠠᠯ᠎ᠨᠢ ᠬᠦᠴᠢᠷᠳᠡᠯᠲᠡᠢ ᠬᠥᠮᠥᠰ᠂ ᠥᠨᠥᠴᠢᠨ ᠪᠡᠯᠪᠡᠰᠦᠨ ᠨᠠᠰᠤᠲᠠᠨ ᠵᠡᠷᠭᠡ 20  ᠣᠨᠴᠠᠭ᠋ᠠᠢ ᠬᠥᠮᠥᠰ᠎ᠲᠤ ᠱᠠᠬᠠᠢ᠂ ᠤᠯᠠᠪᠴᠢ ᠵᠡᠷᠭᠡ ᠲᠣᠬᠣᠨᠢᠭᠤᠯᠬᠤ ᠪᠣᠳᠠᠰ᠎ᠢ ᠲᠦᠭᠡᠭᠡᠵᠦ᠂ ᠳᠡᠳᠡᠨ᠎ᠳᠤ ᠨᠡᠢ᠌ᠬᠡᠮ᠎ᠤᠨ ᠬᠠᠢ᠌ᠷ᠎ᠠ ᠬᠠᠯᠠᠮᠵᠢ ᠵᠢ ᠬᠦᠷᠭᠡᠭᠰᠡᠨ ᠪᠠᠢ᠌ᠨ᠎ᠠ᠃ 
W020221215595533266788.png 

     ᠠᠯᠠᠱ᠌ᠠ ᠠᠢ᠌ᠮᠠᠭ᠎ᠤᠨ ᠡᠵᠡᠨ᠎ᠡ ᠬᠣᠰᠢᠭᠤᠨ᠎ᠤ ᠭᠡᠷ᠎ᠲᠤ᠎ᠪᠠᠨ ᠰᠠᠭᠤᠵᠤ ᠪᠠᠢ᠌ᠭ᠎ᠠ ᠨᠠᠰᠤᠲᠠᠢ᠌ᠴᠤᠳ᠎ᠢ ᠠᠰᠠᠷᠠᠬᠤ ᠦᠢ᠍ᠯᠡᠴᠢᠯᠡᠭᠡᠨ᠎ᠤ ᠥᠷᠲᠡᠭᠡ᠎ᠳᠤ 《ᠡᠪᠤᠯ᠎ᠤᠨ ᠬᠦᠢ᠍ᠳᠡᠨ᠎ᠳᠤ ᠬᠠᠯᠠᠭᠤᠨ ᠲᠤᠯᠠᠭ᠋ᠠᠨ ᠬᠠᠢ᠌ᠷ᠎ᠠ ᠬᠠᠯᠠᠮᠵᠢ ᠬᠦᠷᠭᠡᠵᠦ᠂ ᠨᠠᠰᠤᠲᠠᠢ᠌ᠴᠤᠳ᠎ᠢ ᠬᠠᠯᠠᠮᠵᠢᠯᠠᠨ ᠬᠠᠢ᠌ᠷᠠᠯᠠᠬᠤ》 ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠪᠡ᠃ ᠨᠡᠢ᠌ᠭᠡᠮ᠎ᠤᠨ ᠠᠵᠢᠯᠲᠠᠨ ᠪᠠ ᠨᠡᠢ᠌ᠭᠡᠮ ᠲᠣᠭᠣᠷᠢᠭ᠎ᠤᠨ ᠰᠠᠢ᠌ᠨ ᠲᠤᠷᠠᠴᠤᠤᠯ ᠬᠦᠴᠢᠷᠳᠡᠯᠳᠡᠢ ᠨᠠᠰᠤᠳᠠᠢ᠌ᠴᠤᠳ᠎ᠤᠨ ᠬᠡᠷ᠎ᠲᠤ᠎ᠨᠢ ᠬᠦᠷᠴᠦ ᠰᠤᠷᠪᠤᠯᠵᠢᠯᠠᠬᠤ ᠵᠢᠨ ᠬᠠᠮᠲᠤ ᠨᠠᠰᠤᠲᠠᠳ᠎ᠤᠨ ᠨᠠᠷᠠᠪᠴᠢ ᠵᠢᠨ ᠰᠢᠯ᠎ᠢ ᠵᠦᠯᠭᠦᠵᠦ᠂ ᠲᠣᠭᠣᠭ᠋ᠠᠨ ᠭᠡᠷ᠎ᠤᠨ ᠲᠤᠰᠤ ᠭ᠋ᠭᠢᠷ᠎ᠢ᠎ᠨᠢ ᠴᠡᠪᠡᠷᠯᠡᠨ᠂ ᠭᠡᠷ᠎ᠢ᠎ᠨᠢ  ᠱᠦᠬᠦᠷᠳᠡᠵᠤ ᠨᠢᠬᠡ ᠦᠶ᠎ᠡ ᠪᠤᠵᠢᠬᠢᠨᠠᠬᠰᠠᠨ᠎ᠤ ᠳᠠᠷᠠᠭ᠎ᠠ ᠨᠠᠰᠤᠳᠠᠳ᠎ᠤᠨ ᠦᠷᠤᠬᠡ ᠬᠡᠷ ᠬᠢᠯ ᠴᠢᠯ ᠪᠤᠯᠵᠤ᠂ ᠲᠠᠪᠠᠯᠠᠭᠤᠨᠨ ᠲᠤᠬᠢᠯᠢᠭ ᠪᠤᠯᠵᠠᠢ᠃ 
W020221215595533291208.png 
      ᠮᠠᠨᠵᠤᠤᠷ ᠬᠤᠳᠠ ᠵᠢᠨ ᠵᠠᠯᠠᠢ᠍ᠢ᠍ᠨᠠᠭᠤᠷ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠵᠠᠯᠠᠢ᠍ᠢ᠍ᠨᠠᠭᠤᠷ ᠲᠣᠭᠣᠷᠢᠭ᠎ᠤᠨ ᠬᠠᠤᠯᠢ ᠴᠠᠭ᠋ᠠᠵᠠ ᠵᠢᠨ ᠲᠣᠪᠴᠢᠶ᠎ᠠ᠂ ᠵᠠᠯᠠᠢ᠍ᠢ᠍ᠨᠠᠭᠤᠷ ᠲᠣᠭᠣᠷᠢᠭ᠎ᠤᠨ ᠰᠣᠶᠣᠯ ᠪᠡᠶ᠎ᠡ ᠵᠢᠨ ᠲᠠᠮᠢᠷ ᠵᠤᠭ᠋ᠠᠴᠠᠯ ᠷᠠᠳᠢᠣ᠋ ᠲᠧᠯᠸᠢᠰ᠎ᠤᠨ ᠲᠣᠪᠴᠢᠶ᠎ᠠ ᠵᠡᠷᠭᠡ ᠨᠢᠬᠡᠴᠢ ᠵᠢᠨ᠎ᠬᠢᠨ᠎ᠲᠠᠢ ᠬᠠᠮᠲᠤᠷᠠᠨ 《ᠰᠢᠨ᠎ᠡ ᠴᠠᠭ ᠦᠶ᠎ᠡ᠂ ᠰᠢᠨ᠎ᠡ ᠠᠶᠠᠨ᠂ ᠬᠦᠰᠡᠯ ᠡᠷᠡᠮᠡᠯᠵᠡᠯ》 ᠭᠡᠬᠦ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠡᠢ᠃ ᠨᠡᠢ᠌ᠭᠡᠮ᠎ᠤᠨ ᠠᠵᠢᠯᠲᠠᠳ ᠤᠯᠠᠨ ᠲᠦᠮᠡᠨ᠎ᠤ ᠠᠵᠢᠯ᠎ᠤᠨ ᠪᠣᠳᠠᠲᠤ ᠪᠠᠢ᠌ᠳᠠᠯ᠎ᠳᠤ ᠪᠡᠶ᠎ᠡ᠎ᠪᠠᠷ ᠵᠶ᠋ᠡᠨ ᠦᠢ᠍ᠯᠡᠴᠢᠯᠡᠬᠦ ᠵᠢ ᠤᠶᠠᠯᠳᠤᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ 《ᠠᠷᠠᠳ ᠲᠦᠮᠡᠨ ᠵᠶ᠋ᠡᠷ ᠭᠣᠣᠯ ᠪᠣᠯᠭ᠋ᠠᠵᠤ᠂ ᠠᠷᠠᠳ ᠲᠦᠮᠡᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠬᠡᠷᠡᠭᠴᠡᠭᠡ ᠵᠢ ᠲᠠᠰᠤᠷᠠᠯᠳᠡ ᠦᠭᠡᠢ ᠪᠡᠶᠡᠯᠡᠭᠦᠯᠬᠦ》 ᠭᠣᠣᠯ ᠠᠭᠤᠯᠭ᠎ᠠ ᠵᠢ ᠪᠤᠳᠠᠳᠤ ᠠᠵᠢᠯᠯᠠᠭ᠎ᠠ᠎ᠪᠠᠷ ᠵᠶ᠋ᠡᠨ ᠨᠡᠢ᠌ᠭᠡᠮ ᠲᠣᠭᠣᠷᠢᠭ᠎ᠲᠤ᠂ ᠠᠷᠠᠳ ᠤᠯᠠᠨ᠎ᠤ ᠰᠡᠳᠬᠢᠯ᠎ᠳᠤ ᠬᠦᠷᠬᠡᠵᠤ ᠴᠢᠳᠠᠬᠰᠠᠨ ᠪᠠᠢ᠌ᠨ᠎ᠠ᠃



 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ ᠠᠵᠢᠯ ᠲᠥᠷᠥᠯ᠎ᠤᠨ ᠨᠡᠢ᠌ᠭᠡᠮᠯᠢᠭ᠂ ᠬᠤᠳᠠᠯᠳᠤᠭ᠋ᠠᠴᠢᠨ᠎ᠤ ᠡᠪᠯᠡᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠠᠷᠭ᠎ᠠ ᠵᠢ ᠲᠤᠬᠳᠠᠭ᠋ᠠᠪᠠ
ᠪᠥᠬᠥ ᠣᠷᠣᠨ᠎ᠤ 《ᠲᠠᠪᠤᠨ ᠨᠡᠢ᠌ᠬᠡᠮ ᠬᠣᠯᠪᠤᠭ᠋ᠠᠯᠠᠨ ᠬᠥᠳᠡᠯᠦᠯᠴᠡᠬᠦ》 ᠵᠢ ᠠᠬᠢᠭᠤᠯᠵᠤ 《ᠦᠳᠡᠬᠦᠰ ᠪᠠ ᠬᠡᠤᠬᠡᠳ》᠎ᠢ ᠬᠠᠯᠠᠮᠵᠢᠯᠠᠬᠤ ᠲᠤᠰᠬᠠᠢ ᠰᠡᠳᠦᠪᠲᠦ ᠰᠢᠷᠢᠰ ᠮᠡᠳᠡᠭᠡᠯᠡᠯ (ᠬᠣᠶᠠᠷ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠰᠦᠯᠵᠢᠶᠡᠨ᠎ᠤ ᠠᠮᠤᠷ ᠲᠦᠪᠰᠢᠨ᠎ᠤ ᠬᠦᠮᠤᠵᠢᠯ᠎ᠤᠨ ᠪᠤᠯᠪᠠᠰᠤᠷᠠᠯ ᠡᠷᠬᠢᠯᠡᠪᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2023 ᠣᠨ᠎ᠤ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ᠎ᠬᠢᠨ᠎ᠤ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ ᠵᠢ ᠴᠡᠭᠴᠡᠯᠡᠬᠦ ᠠᠵᠢᠯᠯᠠᠭ᠎ᠠ ᠦᠷᠨᠢᠬᠦᠯᠪᠡ
ᠲᠢᠡᠭᠭᠢᠮ᠎ᠤᠨ ᠤᠳᠤᠷᠢᠳᠤᠯᠭ᠎ᠠ ᠬᠦᠬᠡᠬᠤᠳᠠ᠎ᠳᠤ ᠬᠠᠩᠰᠢ ᠵᠢᠨ ᠲᠠᠬᠢᠯᠭ᠎ᠠ ᠵᠡᠷᠬᠡ ᠠᠵᠢᠯ᠎ᠢ ᠪᠠᠢ᠌ᠴᠠᠭ᠋ᠠᠨ ᠵᠢᠯᠣᠭᠣᠳᠪᠠ
 
            