ᠤᠷᠴᠢᠮ᠎ᠳᠤ ᠮᠠᠨ᠎ᠤ ᠤᠷᠤᠨ᠎ᠤ ᠡᠯ᠎ᠡ ᠭᠠᠵᠠᠷ᠎ᠤᠨ ᠨᠡᠢ᠌ᠭᠡᠮ᠎ᠤᠨ ᠠᠵᠢᠯᠲᠠᠨ᠎ᠤ ᠦᠢ᠍ᠯᠡᠴᠢᠯᠡᠭᠡᠨ᠎ᠤ ᠪᠠᠢ᠌ᠭᠤᠯᠤᠮᠵᠢ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ (ᠪᠦᠯᠬᠦᠮ)᠎ᠨᠢ ᠰᠠᠭᠤᠭ᠋ᠠᠯᠢ ᠠᠷᠠᠳ᠎ᠤᠨ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠵᠤ᠂ ᠨᠡᠢ᠌ᠭᠡᠮ ᠲᠣᠭᠣᠷᠢᠭ ᠵᠶ᠋ᠡᠷ ᠦᠢ᠍ᠯᠡᠴᠢᠯᠡᠭᠡᠨ᠎ᠤ ᠲᠠᠪᠴᠠᠩ ᠪᠤᠯᠭ᠋ᠠᠨ᠂ ᠨᠡᠢ᠌ᠭᠡᠮ ᠲᠣᠭᠣᠷᠢᠭ ᠪᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠨᠡᠢ᠌ᠭᠡᠮ᠎ᠤᠨ ᠠᠵᠢᠯᠲᠠᠨ᠂ ᠨᠢᠭᠦᠯᠡᠰᠦᠩᠭᠦᠢ ᠵᠢᠨ ᠡᠬᠢ ᠪᠠᠶᠠᠯᠢᠭ᠎ᠤᠨ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢᠨ ᠰᠢᠨ᠎ᠡ ᠵᠢ ᠡᠭᠦᠳᠴᠦ᠂ 《ᠨᠡᠢ᠌ᠭᠡᠮ᠎ᠤᠨ ᠠᠵᠢᠯᠲᠠᠨ + ᠰᠠᠢ᠌ᠨ ᠲᠤᠷᠠᠴᠤᠤᠯ》 ᠬᠣᠯᠪᠤᠭ᠋ᠠᠯᠠᠨ ᠬᠥᠳᠡᠯᠦᠯᠴᠡᠬᠦ ᠦᠢ᠍ᠯᠡᠴᠢᠯᠡᠭᠡᠨ᠎ᠤ ᠵᠠᠭᠪᠤᠷ᠎ᠢ ᠢᠳᠡᠪᠬᠢᠲᠡᠢ ᠳᠡᠯᠭᠡᠷᠡᠭᠦᠯᠦᠨ᠂ ᠨᠠᠰᠤᠲᠠᠨ ᠵᠶ᠋ᠠᠨ ᠬᠦᠨᠳᠦᠯᠡᠵᠦ ᠰᠡᠳᠬᠢᠯ᠎ᠢ᠎ᠨᠢ ᠳᠤᠯᠠᠭ᠋ᠠᠴᠠᠭᠤᠯᠬᠤ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠨᠠᠰᠤᠲᠠᠨ ᠵᠶ᠋ᠠᠨ ᠬᠦᠨᠳᠦᠯᠡᠵᠦ ᠬᠠᠢ᠌ᠷᠠᠯᠠᠬᠤ ᠤᠯᠠᠮᠵᠢᠯᠠᠯᠲᠤ ᠰᠠᠢ᠌ᠬᠠᠨ ᠰᠤᠷᠲᠠᠯ᠎ᠢ ᠪᠠᠳᠠᠷᠠᠭᠤᠯᠤᠨ᠂ ᠨᠠᠰᠤᠲᠠᠢ᠌ᠴᠤᠳ᠎ᠢ ᠬᠠᠯᠠᠮᠵᠢᠯᠠᠨ ᠬᠠᠢ᠌ᠷᠠᠯᠠᠬᠤ ᠨᠡᠢ᠌ᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠪᠠ᠃
ᠬᠥᠯᠥᠨ ᠪᠣᠶ᠋ᠢᠷ ᠬᠣᠲᠠ ᠵᠢᠨ ᠶᠠᠭᠰᠢ ᠬᠣᠲᠠ ᠵᠢᠨ ᠶᠦᠩ ᠰᠢᠩ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠡᠢ᠌ᠭᠡᠮ᠎ᠤᠨ ᠠᠵᠢᠯ᠎ᠤᠨ ᠥᠷᠲᠡᠭᠡᠨ᠎ᠤ ᠨᠡᠢ᠌ᠭᠡᠮ᠎ᠤᠨ ᠠᠵᠢᠯᠲᠠᠨ ᠬᠠᠷᠢᠶᠠᠲᠤ ᠣᠷᠣᠨ᠎ᠤ᠎ᠪᠠᠨ ᠠᠬᠠᠰᠢᠷᠠᠭ᠎ᠠ ᠨᠠᠰᠤᠲᠠᠨ᠎ᠳᠤ ᠬᠦᠷᠴᠤ ᠵᠤᠭᠤᠬᠳᠠᠬᠤ ᠵᠢᠨ ᠬᠠᠮᠳᠤ ᠣᠳᠣᠬᠠᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠲᠥᠷᠥ ᠵᠢᠨ ᠪᠣᠳᠣᠯᠭ᠎ᠠ ᠪᠠ ᠮᠡᠳᠡᠯᠭᠡ ᠵᠢ ᠲᠠᠢ᠌ᠯᠪᠤᠷᠢᠯᠠᠨ᠂ ᠵᠠᠩᠭᠢᠯᠠᠭ᠎ᠠ ᠵᠢᠨ ᠴᠠᠭ ᠬᠤᠭᠤᠴᠠᠭ᠎ᠠ ᠵᠢ ᠡᠷᠡᠭᠦᠯ ᠮᠡᠨᠳᠤ ᠲᠤᠭᠤᠯᠬᠤ᠎ᠳᠤᠨᠢ ᠲᠡᠮᠵᠢᠯᠬᠡ ᠦᠵᠡᠬᠦᠯᠦᠭᠰᠡᠨ ᠵᠶ᠋ᠡᠷ ᠪᠠᠷᠠᠬᠤ ᠦᠬᠡᠢ ᠠᠬᠠᠰᠢᠷᠠᠭ᠎ᠠ ᠨᠠᠰᠤᠲᠠᠢ᠌ᠴᠤᠳ᠎ᠲᠤ ᠢᠯᠢᠯᠭᠡ ᠬᠢᠬᠦ᠂ ᠰᠡᠳᠬᠢᠯ᠎ᠤᠨ ᠲᠠᠷᠤᠭ᠋ᠠᠰᠤ ᠵᠢ᠎ᠨᠢ ᠬᠦᠡᠭᠭᠡᠷᠡᠬᠦᠯᠬᠦ ᠵᠡᠷᠭᠡ ᠬᠠᠯᠠᠭᠤᠨ ᠲᠤᠯᠠᠭ᠋ᠠᠨ ᠬᠠᠯᠠᠮᠵᠢ ᠦᠵᠡᠬᠦᠯᠵᠤ ᠪᠠᠢ᠌ᠭ᠎ᠠ᠎ᠨᠢ
ᠬᠢᠩᠭ᠋ᠠᠨ ᠠᠢ᠌ᠮᠠᠭ᠎ᠤᠨ ᠨᠡᠢ᠌ᠭᠡᠮ᠎ᠤᠨ ᠠᠵᠢᠯ᠎ᠤᠨ ᠨᠡᠢ᠌ᠭᠡᠮᠯᠢᠭ᠎ᠤᠨ᠎ᠬᠢᠨ ᠬᠣᠷᠴᠢᠨ ᠪᠠᠯᠭ᠋ᠠᠰᠤ ᠵᠢᠨ ᠶᠤᠸᠠᠨ ᠰᠢᠨ ᠲᠣᠰᠬᠣᠨ᠎ᠳᠤ 《ᠦᠳᠡᠯᠤᠬᠡ ᠨᠠᠰᠤᠨ᠎ᠤ ᠰᠡᠳᠬᠢᠴᠨ ᠵᠢ ᠠᠷᠭ᠋ᠠᠴᠠᠭ᠋ᠠᠬᠤ》 ᠭᠣᠣᠯ ᠰᠡᠳᠦᠪᠲᠦ ᠰᠢᠷᠢᠰ ᠠᠵᠢᠯᠯᠠᠭ᠎ᠠ ᠦᠷᠨᠢᠬᠦᠯᠬᠦ᠎ᠳᠤ᠎ᠪᠠᠨ ᠨᠠᠰᠤᠲᠠᠢ᠌ᠴᠤᠳ᠎ᠤᠨ ᠣᠶᠣᠨ ᠰᠠᠨᠠᠭ᠎ᠠ᠂ ᠪᠣᠳᠠᠰ᠎ᠤᠨ ᠠᠮᠢᠳᠤᠷᠠᠯ᠎ᠢ ᠪᠠᠶᠠᠯᠢᠭᠵᠢᠭᠤᠯᠬᠤ᠎ᠪᠠᠷ ᠬᠠᠷᠠᠯᠲᠠ ᠪᠣᠯᠭ᠋ᠠᠨ᠂ ᠲᠣᠭᠯᠠᠭ᠋ᠠᠮ᠎ᠤᠨ ᠬᠡᠯᠪᠡᠷᠢ᠎ᠪᠠᠷ ᠨᠠᠰᠤᠲᠠᠢ᠌ᠴᠤᠳ᠎ᠤᠨ ᠪᠡᠶ᠎ᠡ ᠰᠡᠳᠬᠢᠯ᠎ᠢ ᠳᠠᠪᠲᠠᠨ ᠪᠣᠯᠪᠠᠰᠤᠷᠠᠭᠤᠯᠬᠤ ᠵᠢᠨ ᠬᠠᠮᠳᠤ ᠦᠳᠡᠯᠤᠬᠡ ᠨᠠᠰᠤ᠎ᠪᠠᠨ ᠡᠷᠡᠬᠦᠯ ᠰᠠᠷᠠᠭᠤᠯ ᠦᠡᠭᠭᠡᠷᠡᠬᠦᠯᠬᠦ ᠤᠷᠮ᠎ᠠ ᠵᠢ᠎ᠨᠢ ᠲᠡᠳᠬᠦᠵᠤ᠂ ᠨᠠᠰᠤᠲᠠᠢ᠌ᠴᠤᠳ᠎ᠤᠨ ᠵᠠᠯᠠᠭᠤ ᠵᠢᠨ ᠴᠣᠭ ᠵᠢᠪᠬᠤᠭ᠎ᠠ ᠵᠢ᠎ᠨᠢ ᠬᠢᠯᠠᠯᠵᠠᠭᠤᠯᠵᠤ ᠪᠠᠢ᠌ᠭ᠎ᠠ᠎ᠨᠢ
ᠤᠯᠠᠭ᠋ᠠᠨᠬᠠᠳᠠ ᠬᠤᠳᠠ ᠵᠢᠨ ᠣᠩᠨᠢᠭᠤᠳ ᠬᠣᠰᠢᠭᠤᠨ᠎ᠤ ᠨᠡᠢ᠌ᠭᠡᠮ᠎ᠤᠨ ᠠᠵᠢᠯᠲᠠᠳ ᠬᠦᠴᠢᠷᠳᠡᠯ᠎ᠳᠤ ᠲᠤᠯᠭ᠋ᠠᠷᠠᠭ᠋ᠠᠳ ᠪᠠᠢ᠌ᠭ᠎ᠠ ᠭᠡᠷ᠎ᠲᠤ᠎ᠪᠠᠨ ᠬᠣᠴᠣᠷᠤᠭᠰᠠᠨ ᠨᠠᠰᠤᠳᠠᠳ᠎ᠤᠨ ᠪᠡᠶ᠎ᠡ ᠵᠢᠨ ᠪᠠᠢ᠌ᠳᠠᠯ᠂ ᠢᠳᠡᠭᠡᠨ ᠤᠮᠳᠠᠭ᠋ᠠᠨ᠎ᠤ ᠪᠠᠢ᠌ᠳᠠᠯ᠂ ᠡᠩ᠎ᠤᠨ ᠦᠶ᠎ᠡ ᠵᠢᠨ ᠠᠵᠢᠯᠯᠠᠭ᠎ᠠ ᠵᠡᠷᠭᠡ ᠵᠢ ᠨᠠᠷᠢᠨ ᠯᠠᠪᠯᠠᠬᠤ ᠵᠢᠨ ᠬᠠᠮᠲᠤ ᠨᠠᠰᠤᠳᠠᠳ᠎ᠤᠨ ᠤᠷᠮ᠎ᠠ ᠰᠡᠳᠬᠢᠯᠭᠡ ᠵᠢ ᠵᠥᠪ ᠣᠨᠣᠪᠴᠢᠲᠠᠢ ᠢᠯᠭ᠋ᠠᠨ ᠲᠠᠨᠢᠵᠤ᠂ ᠤᠷᠮ᠎ᠠ ᠦᠬᠡᠢ ᠪᠠᠢ᠌ᠭ᠎ᠠ ᠨᠠᠰᠤᠳᠠᠢ᠌ᠴᠤᠳ᠎ᠤᠨ ᠤᠷᠮ᠎ᠠ ᠵᠢ ᠰᠡᠷᠬᠦᠬᠡᠵᠤ᠂ ᠵᠣᠪᠠᠨᠢᠯ᠎ᠢ᠎ᠨᠢ ᠨᠠᠮᠳᠠᠭᠤᠯᠬᠤ ᠵᠢ ᠬᠥᠲᠥᠯᠥᠨ ᠵᠢᠯᠤᠭᠤᠳᠬᠤ ᠵᠢᠨ ᠬᠠᠮᠳᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠮᠥᠨ ᠰᠠᠢ᠌ᠲᠤᠷ ᠬᠢᠬᠦ ᠬᠡᠷᠡᠭᠳᠡᠢ ᠬᠡᠳᠡᠭ᠎ᠢ ᠨᠠᠰᠤᠲᠠᠢ᠌ᠴᠤᠳ᠎ᠲᠤ ᠰᠠᠨᠠᠭᠤᠯᠵᠤ ᠪᠠᠢ᠌ᠭ᠎ᠠ᠎ᠨᠢ
ᠪᠠᠶᠠᠨᠨᠠᠭᠤᠷ ᠬᠣᠲᠠ ᠵᠢᠨ ᠷᠧᠨ ᠠᠢ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠪ ᠯᠢᠨ ᠾᠧ ᠲᠤᠭᠤᠷᠢᠭ᠎ᠤᠨ ᠴᠢᠯᠦᠭᠡᠯᠡᠯᠲᠡ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ᠂ ᠪᠠᠶᠠᠨᠨᠠᠭᠤᠷ ᠬᠣᠲᠠ ᠵᠢᠨ ᠨᠢᠭᠦᠯᠡᠰᠦᠩᠭᠦᠢ ᠵᠢᠨ ᠡᠮᠨᠡᠯᠭᠡ ᠵᠢᠨ ᠬᠣᠷᠢᠶ᠎ᠠ᠎ᠲᠠᠢ ᠬᠠᠮᠲᠤ᠎ᠪᠠᠷ 《ᠨᠠᠰᠤᠲᠠᠢ᠌ᠴᠤᠳ᠎ᠤᠨ ᠴᠢᠬᠢ᠂ ᠬᠠᠮᠠᠷ᠂ ᠬᠣᠭᠣᠯᠠᠢ ᠵᠢ ᠬᠠᠮᠠᠭ᠋ᠠᠯᠠᠵᠤ᠂ ᠠᠮᠢᠰᠬᠤᠯ᠎ᠤᠨ ᠵᠠᠮ᠎ᠤᠨ ᠡᠷᠡᠭᠦᠯ ᠮᠡᠨᠳᠦ ᠵᠢ ᠬᠠᠮᠠᠭ᠋ᠠᠯᠠᠬᠤ》 ᠡᠷᠡᠭᠦᠯ ᠮᠡᠨᠳᠦ ᠵᠢᠨ ᠰᠤᠪᠢᠯᠠᠯᠲᠠ ᠵᠢᠨ ᠲᠠᠢ᠌ᠯᠤᠮᠵᠢ ᠥᠷᠨᠢᠭᠦᠯᠵᠦ᠂ ᠡᠮᠴᠢ ᠰᠤᠪᠢᠯᠠᠭᠴᠢ ᠵᠢᠨ ᠰᠠᠢ᠌ᠨ ᠲᠤᠷᠠᠴᠤᠤᠯ PPT ᠪᠠ ᠵᠢᠷᠤᠭ ᠵᠶ᠋ᠡᠷ ᠴᠢᠬᠢ᠂ ᠬᠠᠮᠠᠷ᠂ ᠬᠣᠭᠣᠯᠠᠢ ᠵᠢᠨ ᠡᠷᠡᠭᠦᠯ ᠮᠡᠨᠳᠦ ᠵᠢ ᠬᠠᠮᠠᠭ᠋ᠠᠯᠠᠬᠤ ᠮᠡᠳᠡᠯᠭᠡ ᠵᠢ ᠶᠦᠮᠦᠷᠯᠢᠭ ᠵᠶ᠋ᠡᠷ ᠲᠠᠢ᠌ᠯᠪᠤᠷᠢᠯᠠᠬᠤ᠎ᠳᠤ᠎ᠪᠠᠨ ᠨᠠᠰᠤᠲᠠᠢ᠌ᠴᠤᠳ᠎ᠤᠨ ᠬᠠᠮᠠᠷ᠎ᠠᠴᠠ ᠴᠢᠰᠤ ᠭᠠᠷᠬᠤ ᠪᠠ ᠴᠢᠬᠢ ᠱᠤᠤᠭᠢᠵᠤ ᠴᠢᠬᠢ ᠳᠦᠯᠡᠢ᠌ᠷᠡᠬᠦ ᠵᠡᠷᠭᠡ ᠡᠪᠡᠳᠴᠢᠨ᠎ᠤ ᠰᠢᠯᠲᠠᠭ᠋ᠠᠨ᠎ᠢ ᠨᠠᠷᠢᠨ ᠲᠠᠢ᠌ᠯᠪᠤᠷᠢᠯᠠᠵᠤ ᠪᠠᠢ᠌ᠭ᠎ᠠ᠎ᠨᠢ
ᠠᠯᠠᠱ᠌ᠠ ᠠᠢ᠌ᠮᠠᠭ᠎ᠤᠨ ᠦᠬᠡᠯᠡᠳ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠡᠢ᠌ᠭᠡᠮ᠎ᠤᠨ ᠠᠵᠢᠯᠲᠠᠳ᠎ᠤᠨ ᠬᠠᠮᠲᠤᠷᠠᠭᠰᠠᠨ ᠨᠡᠢ᠌ᠭᠡᠮ ᠲᠣᠭᠣᠷᠢᠭ᠎ᠤᠨ ᠬᠡᠰᠡᠭ ᠳᠠᠭ᠋ᠠᠭ᠋ᠠᠴᠢᠯᠠᠭᠰᠠᠨ ᠺᠠᠳ᠋ᠷ᠂ ᠰᠠᠢ᠌ᠨ ᠲᠤᠷᠠᠴᠤᠤᠯ ᠡᠪᠡᠳᠴᠢᠨ᠎ᠲᠠᠢ ᠠᠬᠠᠰᠢᠷᠠᠭ᠎ᠠ ᠨᠠᠰᠤᠲᠠᠢ᠌ᠴᠤᠳ᠎ᠢ ᠬᠠᠪᠰᠤᠷᠤᠨ ᠲᠡᠳᠬᠦᠵᠦ᠂ ᠬᠠᠢ᠌ᠷ᠎ᠠ ᠬᠠᠯᠠᠮᠵᠢ ᠵᠢᠨ ᠲᠤᠰᠠᠯᠠᠮᠵᠢ ᠵᠢᠨ ᠮᠥᠩᠭᠥ ᠬᠦᠷᠭᠡᠨ ᠥᠭᠴᠦ᠂ ᠨᠠᠰᠤᠲᠠᠢ᠌ᠴᠤᠳ᠎ᠤᠨ ᠪᠠᠲᠤ ᠢᠲᠡᠭᠡᠯ ᠵᠶ᠋ᠡᠷ ᠠᠮᠢᠳᠤᠷᠠᠯ᠎ᠤᠨ ᠲᠠᠯ᠎ᠠ᠎ᠪᠠᠷ᠎ᠬᠢ ᠬᠦᠴᠢᠷᠳᠡᠯ᠎ᠢ ᠵᠣᠷᠢᠭᠲᠠᠢ᠎ᠪᠠᠷ ᠢᠯᠠᠨ ᠳᠠᠪᠠᠬᠤ ᠵᠢ ᠵᠣᠷᠢᠭᠵᠢᠭᠤᠯᠵᠤ ᠪᠠᠢ᠌ᠭ᠎ᠠ᠎ᠨᠢ

ᠮᠠᠨᠵᠤᠤᠷ ᠬᠤᠳᠠ ᠵᠢᠨ ᠭᠤᠤ ᠶᠤᠸᠠᠨ ᠨᠡᠢ᠌ᠭᠡᠮ ᠲᠣᠭᠣᠷᠢᠭ᠎ᠤᠨ ᠨᠡᠢ᠌ᠬᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠪ᠎ᠤᠨ᠎ᠬᠢᠨ 《ᠲᠠᠪᠤᠨ ᠨᠡᠢ᠌ᠬᠡᠮ ᠬᠣᠯᠪᠤᠭ᠋ᠠᠯᠠᠨ ᠬᠥᠳᠡᠯᠦᠯᠴᠡᠬᠦ》 ᠲᠤᠷᠰᠢᠯᠲᠠ ᠵᠢᠨ ᠴᠡᠭ᠎ᠤᠨ ᠲᠦᠷᠦᠯ ᠵᠦᠢ᠍ᠯ᠎ᠢ ᠨᠠᠢ᠌ᠳᠠᠪᠤᠷᠢᠵᠢᠭᠤᠯᠵᠤ ᠪᠠᠢ᠌ᠴᠠᠭ᠋ᠠᠬᠤ᠎ᠳᠤ᠎ᠪᠠᠨ ᠬᠠᠷᠢᠶᠠᠲᠤ ᠣᠷᠣᠨ᠎ᠤ ᠶᠠᠳᠠᠭᠤ ᠬᠦᠴᠢᠷᠳᠡᠯᠲᠡᠢ᠂ ᠡᠪᠡᠳᠴᠢᠨ᠎ᠠᠴᠠ ᠪᠣᠯᠵᠤ ᠵᠡᠮᠳᠡᠭᠷᠡᠭᠰᠡᠨ᠂ ᠬᠥᠳᠡᠯᠵᠦ ᠪᠠᠷᠢᠬᠤ᠎ᠳᠤ ᠳᠥᠭᠥᠮ ᠦᠭᠡᠢ ᠣᠯᠠᠩᠬᠢ ᠨᠠᠰᠤᠲᠠᠢ᠌ᠴᠤᠳ ᠬᠡᠵᠢᠬᠡ ᠦᠰᠤ᠎ᠪᠠᠨ ᠵᠠᠰᠠᠭᠤᠯᠬᠤ᠎ᠳᠤ ᠬᠦᠴᠢᠷᠲᠡᠢ ᠪᠠᠢ᠌ᠭ᠎ᠠ ᠵᠢ ᠮᠡᠳᠡᠭᠰᠡᠨ᠎ᠤ ᠲᠠᠷᠠᠭ᠎ᠠ᠂ ᠭᠣᠸ᠋ ᠶᠤᠸᠠᠨ ᠨᠡᠢ᠌ᠭᠡᠮ ᠲᠣᠭᠣᠷᠢᠭ᠎ᠤᠨ ᠠᠵᠢᠯ᠎ᠤᠨ ᠦᠢ᠍ᠯᠡᠴᠢᠯᠡᠭᠡᠨ᠎ᠤ ᠲᠥᠪ᠎ᠤᠨ᠎ᠬᠢᠨ ᠰᠸ ᠢ ᠮᠸᠢ ᠶᠸ ᠦᠰᠤ ᠬᠡᠵᠢᠬᠡ ᠶᠠᠡᠭᠵᠤᠯᠠᠬᠤ ᠭᠠᠵᠠᠷ᠎ᠤᠨ᠎ᠬᠢᠨ᠎ᠲᠠᠢ ᠵᠦᠪᠯᠡᠵᠤ᠂ ᠰᠢᠩ ᠬᠤᠸᠠ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠬᠠᠷᠢᠶᠠᠲᠤ ᠣᠷᠣᠨ᠎ᠳᠤ 《ᠬᠠᠢ᠌ᠷ᠎ᠠ ᠬᠠᠯᠠᠮᠵᠢ ᠠᠯᠪᠠᠨ ᠵᠢᠷᠤᠮ᠎ᠤᠨ ᠬᠠᠢ᠌ᠴᠢ᠎ᠪᠠᠷ ᠨᠡᠢ᠌ᠭᠡᠮ ᠲᠣᠭᠣᠷᠢᠭᠤᠨᠬᠢᠨᠤ ᠰᠡᠳᠬᠢᠯ᠎ᠢ ᠲᠤᠯᠠᠭ᠋ᠠᠴᠠᠭᠤᠯᠬᠤ》 ᠲᠦᠯᠪᠤᠷᠢ ᠦᠬᠡᠢ᠎ᠪᠠᠷ ᠦᠰᠤ ᠬᠡᠵᠢᠬᠡ ᠵᠠᠰᠠᠵᠤ ᠦᠭᠭᠦ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠵᠢ ᠦᠷᠨᠢᠬᠦᠯᠵᠤ ᠪᠠᠢ᠌ᠭ᠎ᠠ᠎ᠨᠢ