ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠲᠢᠡᠭᠭᠢᠮ᠎ᠤᠨ ᠤᠳᠤᠷᠢᠳᠤᠯᠭ᠎ᠠ ᠬᠦᠬᠡᠬᠤᠳᠠ᠎ᠳᠤ ᠬᠠᠩᠰᠢ ᠵᠢᠨ ᠲᠠᠬᠢᠯᠭ᠎ᠠ ᠵᠡᠷᠬᠡ ᠠᠵᠢᠯ᠎ᠢ ᠪᠠᠢ᠌ᠴᠠᠭ᠋ᠠᠨ ᠵᠢᠯᠣᠭᠣᠳᠪᠠ
ᠨᠡᠶᠢᠲᠡᠯᠡᠭᠰᠡᠨ ᠴᠠᠭ᠄ 2023-04-06

    4 ᠳ᠋ᠤᠬᠡᠷ ᠰᠠᠷ᠎ᠠ ᠵᠢᠨ 4᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠤᠳᠤᠷᠢᠳᠤᠯᠭ᠎ᠠ ᠬᠥᠬᠡᠬᠣᠲᠠ᠎ᠳᠤ ᠬᠠᠩᠰᠢ ᠵᠢᠨ ᠲᠠᠬᠢᠯᠭ᠎ᠠ ᠵᠡᠷᠭᠡ ᠠᠵᠢᠯ᠎ᠢ ᠪᠠᠢ᠌ᠴᠠᠭ᠋ᠠᠨ ᠵᠢᠯᠣᠭᠣᠳᠪᠠ᠂ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠵᠣᠣ ᠴᠢᠩ ᠯᠦ᠍ ᠪᠣᠯᠣᠨ ᠬᠣᠯᠪᠣᠭᠳᠠᠯ ᠪᠦᠬᠦᠢ ᠭᠠᠵᠠᠷ ᠲᠠᠰᠤᠭ᠎ᠤᠨ ᠬᠠᠷᠢᠭᠤᠴᠠᠯᠭ᠋ᠠᠲᠠᠨ᠂ ᠬᠥᠬᠡᠬᠣᠲᠠ᠎ᠶᠢᠨ ᠳᠡᠳ᠋ ᠳᠠᠷᠤᠭ᠎ᠠ ᠮᠠ ᠪᠢᠩ ᠴᠢᠤᠸᠠᠨ᠂ ᠬᠦᠬᠡᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠳᠠᠷᠤᠭ᠎ᠠ ᠦ᠋ ᠴᠧᠩ ᠢ ᠬᠠᠮᠳᠤ ᠪᠠᠢ᠌ᠴᠠᠭ᠋ᠠᠵᠠᠢ᠃
     ᠲᠢᠡᠭᠭᠢᠮ᠎ᠤᠨ ᠤᠳᠤᠷᠢᠳᠤᠯᠭ᠎ᠠ ᠬᠤᠳᠤᠡᠭ ᠠᠷᠠᠳ᠎ᠤᠨ ᠲᠣᠭᠣᠷᠢᠭ᠎ᠤᠨ ᠭᠦ᠋ ᠯᠢᠨ᠎ᠤ ᠰᠣᠶᠣᠯ ᠢᠷᠭᠡᠨᠰᠢᠯ᠎ᠤᠨ ᠳᠤᠷᠠᠰᠬᠠᠯ᠎ᠤᠨ ᠬᠦᠷᠢᠶᠡᠯᠡᠡᠭ᠎ᠳᠤ ᠲᠠᠬᠢᠯᠭ᠎ᠠ ᠵᠢᠨ ᠠᠵᠢᠯ᠎ᠤᠨ ᠲᠣᠬᠢᠷᠠᠭᠤᠯᠤᠯᠲᠠ ᠵᠢ ᠬᠢᠨᠠᠮᠠᠭ᠋ᠠᠢ ᠪᠠᠢ᠌ᠴᠠᠭ᠋ᠠᠨ᠂ ᠬᠠᠮᠢᠶ᠎ᠠ ᠪᠦᠬᠦᠢ ᠲᠥᠬᠦᠭᠡᠷᠦᠮᠵᠢ ᠵᠢ ᠪᠠᠢ᠌ᠴᠠᠭ᠋ᠠᠵᠤ᠂ ᠪᠠᠴᠢᠮ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠨᠢᠮᠪᠠᠢ ᠠᠰᠠᠭᠤᠨ᠂  ᠵᠢᠵᠢᠬᠦᠷᠯᠡᠬᠦ ᠪᠠ ᠮᠡᠳᠡᠭᠡ ᠵᠠᠩᠭᠢ ᠵᠢ  ᠮᠡᠳᠡᠬᠦᠯᠬᠦ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠴᠢᠬᠤᠯᠠ ᠶᠡᠬᠡ ᠠᠰᠠᠭᠤᠳᠠᠯ ᠲᠤᠯᠭ᠋ᠠᠷᠠᠪᠠᠯ ᠬᠦᠬᠡᠬᠤᠳᠠ ᠵᠢᠨ ᠬᠤᠳᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠣᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠲᠠᠷᠤᠢ ᠮᠡᠳᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃ ᠤᠯᠤᠰ ᠲᠥᠷᠥ ᠵᠢᠨ ᠬᠠᠷᠢᠭᠤᠴᠠᠯᠭ᠋ᠠᠲᠤ ᠰᠡᠳᠬᠢᠯᠭᠡ᠎ᠪᠠᠨ ᠦᠨᠡᠨ ᠬᠦ᠌ ᠴᠢᠩᠭ᠋ᠠᠳᠬᠠᠵᠤ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ᠂ ᠬᠠᠩᠰᠢ ᠬᠤᠭᠤᠴᠠᠭ᠋ᠠᠨ᠎ᠳᠤ᠎ᠬᠢ ᠠᠶᠤᠯ ᠲᠦᠭᠰᠢᠭᠦᠷᠢ ᠵᠢᠨ ᠬᠡᠮ ᠰᠣᠭᠣᠭ᠎ᠢ ᠰᠡᠷᠭᠡᠢ᠌ᠯᠡᠨ ᠠᠷᠢᠯᠭ᠋ᠠᠬᠤ ᠠᠵᠢᠯ᠎ᠢ ᠥᠴᠥᠬᠡᠨ ᠴᠦ᠍ ᠰᠤᠯᠠᠷᠠᠭᠤᠯᠤᠯ ᠦᠭᠡᠢ ᠰᠠᠢ᠌ᠲᠤᠷ ᠬᠢᠵᠦ᠂ ᠬᠠᠩᠰᠢ ᠵᠢᠨ ᠲᠠᠬᠢᠯᠭ᠎ᠠ ᠵᠢᠨ ᠠᠮᠤᠷ ᠲᠦᠪᠰᠢᠨ ᠪᠣᠯᠪᠠᠰᠤᠨ ᠡᠮᠬᠢ ᠵᠢᠷᠤᠮ᠎ᠲᠠᠢ ᠪᠠᠢ᠌ᠬᠤ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
    ᠲᠢᠡᠭᠭᠢᠮ᠎ᠤᠨ ᠤᠳᠤᠷᠢᠳᠤᠯᠭ᠎ᠠ  ᠲᠦᠮᠡᠳ ᠵᠡᠭᠦᠨ ᠬᠣᠰᠢᠭᠤᠨ᠎ᠤ ᠹᠦ᠋ ᠺᠠᠩ ᠨᠠᠰᠤᠲᠠᠢ᠌ᠴᠤᠳ᠎ᠤᠨ ᠨᠡᠶ᠋ᠢᠲᠡ ᠵᠢᠨ ᠪᠠᠢ᠌ᠷᠢ᠎ᠳᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢ ᠪᠠᠢ᠌ᠴᠠᠭ᠋ᠠᠨ᠂ ᠲᠡᠨᠳᠡ ᠰᠠᠭᠤᠭ᠎ᠠ ᠨᠠᠰᠤᠲᠠᠢ᠌ᠴᠤᠳ᠎ᠢ ᠪᠣᠯᠭᠣᠭ᠋ᠠᠨ ᠦᠵᠡᠵᠦ᠂ ᠭᠠᠯ᠎ᠤᠨ ᠠᠶᠤᠯ᠎ᠢ ᠰᠡᠷᠬᠡᠢ᠌ᠯᠡᠬᠦ᠂ ᠡᠮᠴᠢᠯᠡᠬᠡ ᠰᠤᠪᠢᠯᠠᠯᠳᠠ ᠰᠤᠪᠢᠯᠠᠬᠤ ᠵᠢ ᠤᠶᠠᠯᠳᠤᠭᠤᠯᠤᠭᠰᠠᠨ᠂ ᠨᠠᠰᠤᠲᠠᠢ᠌ᠴᠤᠳ ᠨᠡᠢ᠌ᠳᠡ ᠵᠢᠨ ᠪᠠᠢ᠌ᠷᠢ᠎ᠳᠤ ᠢᠷᠡᠵᠤ ᠰᠠᠭᠤᠬᠤ ᠵᠢ ᠦᠨᠡᠯᠡᠭᠰᠡᠨ ᠵᠡᠷᠭᠡ ᠪᠠᠢ᠌ᠳᠠᠯ᠎ᠢ ᠨᠠᠷᠢᠯᠢᠭ ᠠᠰᠠᠭᠤᠪᠠ᠃
     ᠲᠢᠡᠭᠭᠢᠮ᠎ᠤᠨ ᠤᠳᠤᠷᠢᠳᠤᠯᠭ᠎ᠠ   ᠴᠢᠬᠤᠯᠠᠴᠢᠯᠠᠬᠰᠠᠨ᠎ᠨᠢ᠂ ᠦᠢ᠍ᠯᠡᠴᠢᠯᠡᠭᠡᠨ᠎ᠤ ᠤᠬᠠᠮᠰᠠᠷ ᠵᠶ᠋ᠠᠨ ᠴᠢᠩᠭ᠋ᠠᠳᠬᠠᠵᠤ᠂ ᠨᠠᠰᠤᠲᠠᠢ᠌ᠴᠤᠳ᠎ᠢ ᠬᠠᠯᠠᠮᠵᠢᠯᠠᠬᠤ ᠵᠢ ᠰᠠᠨᠠᠭ᠋ᠠᠴᠢᠯᠠᠭ᠎ᠠ᠎ᠠᠴᠠ᠎ᠪᠠᠨ ᠴᠢᠩᠭ᠋ᠠᠳᠬᠠᠵᠤ᠂ ᠳᠣᠲᠣᠭ᠋ᠠᠳᠤ ᠵᠢᠨ ᠠᠶᠤᠯ ᠦᠬᠡᠢ ᠵᠢᠨ ᠬᠠᠮᠢᠶᠠᠷᠤᠯᠲᠠ᠎ᠪᠠᠨ ᠦᠨᠡᠨ ᠬᠦ᠌ ᠰᠠᠢ᠌ᠲᠤᠷ ᠠᠳᠬᠤᠵᠤ᠂ ᠭᠠᠯ ᠤᠨᠲᠠᠷᠠᠭ᠋ᠠᠬᠤ᠂ ᠢᠳᠡᠭᠡᠨ᠎ᠤ ᠠᠮᠤᠷ ᠲᠦᠪᠰᠢᠨ᠎ᠤ ᠠᠵᠢᠯ᠎ᠢ ᠰᠠᠢ᠌ᠲᠤᠷ ᠠᠳᠬᠤᠵᠤ᠂  ᠦᠢ᠍ᠯᠡᠴᠢᠯᠡᠬᠡ ᠬᠦᠷᠳᠡᠭᠰᠡᠳ ᠵᠶ᠋ᠡᠨ ᠠᠮᠤᠷ ᠲᠠᠢ᠌ᠪᠤᠩ᠂ ᠲᠠᠭ᠋ᠠᠯᠠᠮᠵᠢᠲᠠᠢ ᠠᠮᠢᠳᠤᠷᠠᠭᠤᠯᠬᠤ᠎ᠪᠠᠷ ᠴᠢᠷᠮᠠᠢ᠌ᠬᠤ ᠬᠡᠷᠡᠭᠲᠡᠢ᠃
    ᠲᠢᠡᠭᠭᠢᠮ᠎ᠤᠨ ᠤᠳᠤᠷᠢᠳᠤᠯᠭ᠎ᠠ ᠰᠢᠨ᠎ᠡ ᠬᠣᠲᠠ ᠲᠣᠭᠣᠷᠢᠭ᠎ᠤᠨ ᠯᠢ ᠶᠤᠸᠠᠨ ᠨᠡᠢ᠌ᠭᠡᠮ ᠲᠣᠭᠣᠷᠢᠭ᠎ᠲᠤ ᠨᠡᠢ᠌ᠭᠡᠮ ᠲᠣᠭᠣᠷᠢᠭ᠎ᠤᠨ ᠵᠠᠰᠠᠯᠳᠠ᠂ ᠡᠮᠴᠢᠯᠡᠬᠡ ᠰᠤᠪᠢᠯᠠᠯᠳᠠ ᠵᠢ ᠤᠶᠠᠯᠳᠤᠭᠤᠯᠬᠤ᠂ ᠵᠠᠰᠠᠭ᠎ᠤᠨ ᠣᠷᠳᠣᠨ᠎ᠤ ᠬᠤᠳᠠᠯᠳᠤᠨ ᠠᠪᠴᠤ ᠦᠭᠭᠦ ᠦᠢ᠍ᠯᠡᠴᠢᠯᠡᠭᠡᠨ᠎ᠤ ᠨᠥᠬᠥᠪᠦᠷᠢ᠂ ᠳᠡᠭᠡᠭᠰᠢᠯᠡᠭᠦᠯᠬᠦ ᠠᠵᠢᠯᠯᠠᠭ᠎ᠠ ᠵᠢᠨ ᠲᠥᠷᠥᠯ ᠵᠦᠢ᠍ᠯ᠎ᠤᠨ ᠠᠬᠢᠴᠠ᠂ ᠨᠠᠰᠤᠵᠢᠬᠤ᠎ᠳᠤ ᠲᠣᠬᠢᠷᠠᠬᠤ ᠡᠷᠦᠬᠡ ᠵᠢᠨ ᠲᠣᠭ᠎ᠠ᠂ ᠬᠣᠭᠣᠯᠠ ᠤᠮᠳᠠ᠎ᠳᠤ ᠲᠤᠰᠠᠯᠠᠬᠤ ᠵᠡᠷᠭᠡ ᠠᠵᠢᠯ᠎ᠤᠨ ᠪᠠᠢ᠌ᠳᠠᠯ᠎ᠢ ᠨᠠᠷᠢᠨ ᠤᠢ᠌ᠯᠠᠭ᠋ᠠᠬᠰᠠᠨ᠎ᠤ ᠲᠠᠷᠠᠭ᠎ᠠ ᠴᠢᠬᠤᠯᠠᠴᠢᠯᠠᠬᠰᠠᠨ᠎ᠨᠢ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠵᠠᠰᠠᠯᠲᠠ ᠵᠢᠨ ᠰᠢᠨ᠎ᠡ ᠵᠢ ᠡᠭᠦᠳᠬᠦ ᠲᠤᠷᠰᠢᠯᠲᠠ ᠵᠢ ᠢᠳᠡᠪᠬᠢᠲᠡᠢ ᠠᠬᠢᠭᠤᠯᠵᠤ᠂ ᠦᠨᠳᠦᠰᠦᠨ ᠱᠠᠲᠤᠨ᠎ᠤ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠵᠤ᠂  ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠠᠵᠢᠯ᠎ᠢ ᠴᠢᠩᠭ᠋ᠠᠳᠬᠠᠵᠤ᠂ ᠡᠮᠴᠢᠯᠡᠬᠡ ᠰᠤᠪᠢᠯᠠᠯᠳᠠ ᠵᠢ ᠤᠶᠠᠯᠳᠤᠭᠤᠯᠬᠤ ᠠᠵᠢᠯ᠎ᠢ ᠭᠦᠨᠵᠡᠭᠡᠢ ᠥᠷᠨᠢᠭᠦᠯᠵᠦ᠂ ᠨᠠᠰᠤᠲᠠᠢ᠌ᠴᠤᠳ᠎ᠲᠤ ᠬᠣᠭᠣᠯᠠ ᠢᠳᠡᠭᠦᠯᠬᠦ ᠦᠢ᠍ᠯᠡᠴᠢᠯᠡᠭᠡ ᠪᠠ ᠬᠠᠩᠭ᠋ᠠᠯᠭ᠎ᠠ ᠵᠢᠨ ᠲᠦᠪᠰᠢᠨ᠎ᠢ ᠤᠯᠠᠨ ᠠᠷᠭ᠎ᠠ᠎ᠪᠠᠷ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠠᠯᠠᠪᠤᠷ᠎ᠤᠨ ᠪᠦᠲᠦᠭᠡᠨ ᠪᠠᠢ᠌ᠭᠤᠯᠤᠯᠲᠠ ᠵᠢ ᠱᠠᠯᠠᠪᠳᠠᠨ ᠬᠡᠷᠡᠭᠵᠢᠭᠦᠯᠵᠦ᠂ ᠨᠠᠰᠤᠲᠠᠢ᠌ᠴᠤᠳ᠎ᠤᠨ ᠤᠯᠠᠨ  ᠶᠠᠡᠭᠵᠤ ᠵᠢᠨ᠂ ᠤᠯᠠᠨ ᠳᠠᠪᠬᠤᠷᠭ᠎ᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠡᠷᠡᠭᠴᠡᠭᠡ ᠵᠢ ᠴᠢᠷᠮᠠᠢ᠌ᠨ ᠬᠠᠡᠭᠭ᠋ᠠᠬᠤ ᠬᠡᠷᠡᠭᠳᠡᠢ᠃

 


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠰᠢᠰᠲ᠋ᠧᠮ᠎ᠤᠨ ᠺᠠᠳ᠋ᠷ ᠠᠵᠢᠯᠳᠠᠳ ᠸᠠᠩ ᠰᠧ ᠪᠢᠨ ᠫᠷᠤᠹᠧᠰᠰᠤᠷ᠎ᠤᠨ ᠬᠥᠬᠡᠬᠣᠲᠠ᠎ᠳᠤ ᠥᠷᠨᠢᠭᠦᠯᠦᠭᠰᠡᠨ ᠨᠡᠢ᠌ᠭᠡᠮ᠎ᠤᠨ ᠠᠵᠢᠯ᠎ᠤᠨ ᠲᠤᠰᠬᠠᠢ ᠰᠡᠳᠦᠪᠲᠦ ᠡᠷᠳᠡᠮ ᠰᠢᠨᠵᠢᠯᠡᠭᠡᠨ᠎ᠤ ᠲᠠᠢ᠌ᠯᠤᠮᠵᠢ ᠵᠢ ᠰᠤᠨᠤᠰᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠰᠢᠰᠲ᠋ᠧᠮ᠎ᠤᠨ ᠺᠠᠳ᠋ᠷ ᠠᠵᠢᠯᠳᠠᠳ ᠸᠠᠩ ᠰᠧ ᠪᠢᠨ ᠫᠷᠤᠹᠧᠰᠰᠤᠷ᠎ᠤᠨ ᠬᠥᠬᠡᠬᠣᠲᠠ᠎ᠳᠤ ᠥᠷᠨᠢᠭᠦᠯᠦᠭᠰᠡᠨ ᠨᠡᠢ᠌ᠭᠡᠮ᠎ᠤᠨ ᠠᠵᠢᠯ᠎ᠤᠨ ᠲᠤᠰᠬᠠᠢ ᠰᠡᠳᠦᠪᠲᠦ ᠡᠷᠳᠡᠮ ᠰᠢᠨᠵᠢᠯᠡᠭᠡᠨ᠎ᠤ ᠲᠠᠢ᠌ᠯᠤᠮᠵᠢ ᠵᠢ ᠰᠤᠨᠤᠰᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠬᠢᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠭᠠᠯ᠎ᠢ ᠰᠡᠷᠬᠡᠢ᠌ᠯᠡᠬᠦ ᠪᠤᠭᠤᠮᠳᠠ ᠰᠢᠪᠳᠤᠯᠤᠯᠳᠠ ᠵᠢᠨ ᠠᠵᠢᠯᠯᠠᠭ᠎ᠠ ᠦᠷᠨᠢᠬᠦᠯᠪᠡ
ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠤᠷᠢᠶᠠᠯᠠᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠎ᠳᠤ ᠬᠦᠴᠦᠨ ᠨᠡᠮᠡᠷᠢᠯᠡᠵᠤ ᠪᠠᠢ᠌ᠨ᠎ᠠ
ᠮᠠᠨ᠎ᠤ ᠣᠷᠣᠨ᠎ᠤ 《ᠲᠠᠪᠤᠨ ᠨᠡᠢ᠌ᠬᠡᠮ ᠬᠣᠯᠪᠤᠭ᠋ᠠᠯᠠᠨ ᠬᠥᠳᠡᠯᠦᠯᠴᠡᠬᠦ》 ᠵᠢ ᠠᠬᠢᠭᠤᠯᠵᠤ 《ᠨᠠᠰᠤᠳᠠᠳ ᠪᠠ ᠬᠡᠤᠬᠡᠳ》᠎ᠢ ᠬᠠᠯᠠᠮᠵᠢᠯᠠᠬᠤ ᠰᠢᠷᠢᠰ ᠲᠤᠰᠬᠠᠢ ᠰᠡᠳᠦᠪᠲᠦ ᠮᠡᠳᠡᠭᠡᠯᠡᠯ (ᠵᠢᠷᠭᠤᠭ᠎ᠠ)
 
            