4 ᠳ᠋ᠤᠬᠡᠷ ᠰᠠᠷ᠎ᠠ ᠵᠢᠨ 7᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠪᠦᠬᠦ ᠣᠷᠣᠨ᠎ᠤ ᠨᠠᠰᠤᠵᠢᠯ᠎ᠤᠨ ᠪᠠᠢ᠌ᠭᠤᠯᠤᠮᠵᠢ ᠵᠢᠨ ᠭᠠᠯ᠎ᠢ ᠰᠡᠷᠬᠡᠢ᠌ᠯᠡᠬᠦ ᠪᠤᠭᠤᠮᠳᠠ ᠰᠢᠪᠳᠤᠯᠤᠯᠳᠠ ᠵᠢᠨ ᠠᠵᠢᠯ᠎ᠤᠨ ᠸᠢᠳᠢᠤ᠋ ᠪᠤᠯᠪᠠᠰᠤᠷᠠᠯ ᠡᠷᠬᠢᠯᠡᠵᠤ᠂ ᠰᠢ ᠵᠢᠨ ᠫᠢᠩ ᠶᠡᠷᠦᠩᠬᠡᠢ ᠱᠦᠵᠢ ᠵᠢᠨ ᠠᠶᠤᠯ ᠦᠬᠡᠢ ᠦᠢ᠍ᠯᠡᠳᠪᠦᠷᠢᠯᠡᠯ᠎ᠤᠨ ᠲᠤᠬᠠᠢ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠬᠤᠷᠠᠯ᠎ᠤᠨ ᠵᠣᠷᠢᠭ ᠰᠠᠨᠠᠭ᠎ᠠ ᠪᠠ ᠠᠵᠢᠯ᠎ᠤᠨ ᠱᠠᠭ᠋ᠠᠷᠳᠠᠯᠭ᠎ᠠ ᠵᠢ ᠤᠯᠠᠮᠵᠢᠯᠠᠨ ᠨᠠᠢ᠌ᠳᠠᠪᠤᠷᠢᠵᠢᠭᠤᠯᠵᠤ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠭᠠᠯ᠎ᠢ ᠰᠡᠷᠬᠡᠢ᠌ᠯᠡᠬᠦ ᠪᠤᠭᠤᠮᠳᠠ ᠰᠢᠪᠲᠤᠯᠤᠯᠲᠠ ᠵᠢᠨ ᠠᠵᠢᠯᠯᠠᠭ᠎ᠠ ᠵᠢ ᠪᠠᠢ᠌ᠷᠢᠯᠠᠭᠤᠯᠵᠤ᠂ ᠠᠶᠤᠯ ᠦᠬᠡᠢ ᠦᠢ᠍ᠯᠡᠳᠪᠦᠷᠢᠯᠡᠯ᠎ᠤᠨ ᠶᠡᠬᠡ ᠵᠢᠭᠰᠠᠭ᠋ᠠᠨ ᠪᠠᠢ᠌ᠴᠠᠭ᠋ᠠᠯᠲᠠ ᠶᠡᠬᠡ ᠴᠡᠭᠴᠡᠯᠡᠨ ᠵᠠᠰᠠᠯᠲᠠ ᠵᠢ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ ᠨᠠᠷᠢᠨ ᠨᠠᠢ᠌ᠳᠠᠪᠤᠷᠢᠵᠢᠭᠤᠯᠬᠤ ᠵᠢ ᠠᠬᠢᠭᠤᠯᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠴᠧᠩ ᠬᠣᠩ ᠯᠢᠶᠠᠩ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠭᠠᠯ᠎ᠢ ᠰᠡᠷᠬᠡᠢ᠌ᠯᠡᠬᠦ ᠪᠤᠭᠤᠮᠳᠠ ᠰᠢᠪᠳᠤᠯᠤᠯᠳᠠ ᠵᠢᠨ ᠪᠣᠳᠠᠲᠠᠢ ᠠᠵᠢᠯ᠎ᠢ ᠵᠠᠷᠯᠠᠵᠤ᠂ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠯᠢᠦ ᠵᠢᠶᠠᠨ ᠬᠤᠸᠠ ᠬᠤᠷᠠᠯ᠎ᠳᠤ ᠣᠷᠣᠯᠴᠠᠭᠰᠠᠨ ᠪᠥᠭᠡᠳ ᠵᠢᠯᠤᠭᠣᠳᠬᠤ ᠶᠠᠷᠢᠶ᠎ᠠ ᠲᠠᠯᠪᠢᠵᠠᠢ᠃
ᠬᠤᠷᠠᠯ᠎ᠠᠴᠠ ᠴᠢᠬᠤᠯᠠᠴᠢᠯᠠᠬᠰᠠᠨ᠎ᠨᠢ᠂ ᠠᠶᠤᠯ ᠦᠬᠡᠢ ᠦᠢ᠍ᠯᠡᠳᠪᠦᠷᠢᠯᠡᠯ᠎ᠨᠢ ᠠᠷᠠᠳ ᠲᠦᠮᠡᠨ᠎ᠤ ᠵᠤᠯ ᠵᠢᠷᠭ᠋ᠠᠯ᠂ ᠠᠵᠤ ᠠᠬᠤᠢ ᠨᠡᠢ᠌ᠭᠡᠮ᠎ᠤᠨ ᠴᠢᠨᠠᠷᠯᠢᠭ ᠬᠥᠭᠵᠢᠯᠲᠡ ᠵᠢᠨ ᠶᠡᠬᠡ ᠲᠠᠯ᠎ᠠ᠎ᠲᠠᠢ ᠬᠣᠯᠪᠣᠭᠳᠠᠨ᠎ᠠ᠃ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠋ᠠᠨ᠎ᠳᠤ᠎ᠬᠢ ᠭᠠᠯ᠎ᠢ ᠰᠡᠷᠬᠡᠢ᠌ᠯᠡᠬᠦ ᠠᠵᠢᠯ᠎ᠢ ᠰᠠᠢ᠌ᠲᠤᠷ ᠬᠢᠬᠦ ᠪᠣᠯ ᠪᠥᠬᠥ ᠣᠷᠣᠨ᠎ᠤ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠵᠠᠪᠠᠯ ᠡᠭᠦᠷᠭᠡᠯᠡᠬᠦ ᠶᠤᠰᠤᠳᠠᠢ ᠤᠯᠤᠰ ᠲᠥᠷᠥ ᠵᠢᠨ ᠬᠠᠷᠢᠭᠤᠴᠠᠯᠭ᠎ᠠ᠂ ᠡᠷᠬᠡᠪᠰᠢ ᠰᠠᠢ᠌ᠲᠤᠷ ᠪᠡᠶᠡᠯᠡᠭᠦᠯᠬᠦ ᠬᠡᠷᠡᠭᠲᠡᠢ ᠤᠯᠤᠰ ᠲᠥᠷᠥ ᠵᠢᠨ ᠡᠭᠦᠷᠭᠡ ᠮᠥᠨ᠃ ᠠᠶᠤᠯ ᠦᠬᠡᠢ ᠦᠢ᠍ᠯᠡᠳᠪᠦᠷᠢᠯᠡᠯ ᠪᠣᠯ 《ᠤᠯᠤᠰ᠎ᠤᠨ ᠶᠡᠬᠡ ᠶᠠᠪᠤᠳᠠᠯ》 ᠪᠣᠯᠬᠤ ᠵᠢ ᠭᠦᠨᠵᠡᠭᠡᠢ ᠣᠢ᠌ᠯᠠᠭ᠋ᠠᠵᠤ᠂ ᠦᠵᠡᠯ ᠰᠠᠨᠠᠭ᠎ᠠ᠂ ᠦᠢ᠍ᠯᠡ ᠠᠵᠢᠯᠯᠠᠭ᠎ᠠ᠎ᠪᠠᠨ ᠰᠢ ᠵᠢᠨ ᠫᠢᠩ ᠤ ᠶᠡᠷᠦᠩᠬᠡᠢ ᠱᠦᠵᠢ ᠵᠢᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ᠎ᠲᠠᠢ ᠨᠢᠭᠡᠳᠬᠡᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ᠎ᠲᠠᠢ ᠨᠢᠭᠡᠳᠬᠡᠵᠦ᠂ ᠠᠮᠤᠷ ᠲᠦᠪᠰᠢᠨ᠎ᠤ ᠬᠥᠪᠴᠢ ᠵᠢ ᠴᠠᠭ ᠢᠮᠠᠭᠲᠠ ᠴᠢᠩᠭ᠋ᠠᠷᠠᠭᠤᠯᠵᠤ᠂ ᠠᠮᠤᠷ ᠲᠦᠪᠰᠢᠨ᠎ᠤ ᠬᠣᠷᠢᠭ᠎ᠠ ᠱᠤᠭᠤᠮ ᠪᠣᠯᠣᠨ ᠬᠥᠭᠵᠢᠯᠲᠡ ᠵᠢᠨ ᠤᠯᠠᠭ᠋ᠠᠨ ᠱᠤᠭᠤᠮ᠎ᠢ ᠡᠷᠡᠰ ᠪᠠᠲᠤ ᠰᠠᠬᠢᠬᠤ ᠬᠡᠷᠡᠭᠲᠡᠢ᠃
ᠬᠤᠷᠠᠯ᠎ᠠᠴᠠ ᠴᠢᠬᠤᠯᠠᠴᠢᠯᠠᠭᠰᠠᠨ᠎ᠨᠢ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠦᠢ᠍ᠯᠡᠴᠢᠯᠡᠬᠡ ᠬᠦᠷᠳᠡᠭᠰᠡᠳ᠎ᠤᠨ ᠠᠮᠢ ᠨᠠᠰᠤᠨ᠎ᠤ ᠠᠮᠤᠷ ᠲᠦᠪᠰᠢᠨ᠎ᠳᠤ ᠳᠡᠭᠡᠳᠦ ᠬᠡᠮᠵᠢᠶ᠎ᠡ᠎ᠪᠠᠷ ᠬᠠᠷᠢᠭᠤᠴᠠᠬᠤ ᠣᠪᠣᠷ ᠵᠶ᠋ᠠᠷ ᠭᠠᠯ᠎ᠢ ᠰᠡᠷᠬᠡᠢ᠌ᠯᠡᠬᠦ ᠪᠤᠭᠤᠮᠳᠠ ᠰᠢᠪᠳᠤᠯᠤᠯᠳᠠ ᠵᠢᠨ ᠠᠵᠢᠯᠯᠠᠭ᠎ᠠ ᠵᠢ ᠥᠨᠳᠥᠷ ᠪᠠᠷᠢᠮᠵᠢᠶ᠎ᠠ᠂ ᠴᠢᠨᠠᠷᠵᠢᠭᠤᠨ᠂ ᠥᠨᠳᠥᠷ ᠪᠦᠳᠦᠮᠵᠢᠳᠠᠢ ᠠᠬᠢᠭᠤᠯᠵᠤ᠂ ᠡᠯ᠎ᠡ ᠵᠦᠢ᠍ᠯ᠎ᠤᠨ ᠠᠵᠢᠯ᠎ᠢ ᠲᠦᠷᠭᠡᠨ ᠨᠠᠢ᠌ᠳᠠᠪᠤᠷᠢᠵᠢᠭᠤᠯᠵᠤ᠂ ᠡᠷᠳᠡᠬᠡᠨ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠬᠡᠮ ᠰᠣᠭᠣᠭ᠎ᠤᠨ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠴᠡᠭᠴᠡᠯᠡᠨ ᠰᠠᠢ᠌ᠵᠢᠷᠠᠭᠤᠯᠬᠤ ᠵᠢ ᠠᠳᠬᠤᠵᠤ᠂ ᠠᠰᠠᠭᠤᠳᠠᠯ᠎ᠤᠨ ᠨᠠᠷᠢᠨ ᠲᠠᠩᠰᠠ᠎ᠲᠠᠢ ᠬᠠᠷᠢᠴᠠᠭᠤᠯᠤᠨ᠂ ᠬᠤᠷᠴᠠ ᠴᠢᠳᠠᠮᠠᠭ᠋ᠠᠢ ᠲᠤᠰᠬᠠᠢ ᠮᠡᠷᠭᠡᠵᠢᠯ᠎ᠤᠨ ᠬᠦᠴᠦᠨ᠎ᠢ ᠵᠣᠬᠢᠶᠠᠨ ᠪᠠᠢ᠌ᠭᠤᠯᠵᠤ᠂ ᠪᠠᠢ᠌ᠭᠤᠯᠤᠮᠵᠢ ᠪᠤᠯᠭ᠋ᠠᠨ ᠲᠤᠬᠠᠢ ᠵᠢᠨ ᠲᠠᠯᠠᠪᠤᠷᠲᠤᠨᠢ ᠬᠠᠢ᠌ᠨ ᠪᠠᠢ᠌ᠴᠠᠭ᠋ᠠᠵᠤ ᠰᠤᠳᠤᠯᠤᠨ ᠮᠠᠭ᠋ᠠᠳᠯᠠᠬᠤ ᠠᠵᠢᠯ᠎ᠢ ᠥᠷᠨᠢᠭᠦᠯᠵᠦ᠂ ᠨᠢᠭᠡ ᠪᠠᠢ᠌ᠭᠤᠯᠤᠮᠵᠢ᠎ᠳᠤ ᠨᠢᠭᠡ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠰᠢᠯᠭ᠋ᠠᠨ ᠪᠠᠷᠢᠮᠵᠢᠶ᠎ᠠ᠎ᠳᠤ ᠬᠦᠷᠦᠭᠰᠡᠨ ᠨᠢᠬᠡ ᠪᠦᠯᠦᠭ᠎ᠢ᠎ᠨᠢ ᠰᠢᠯᠭ᠋ᠠᠵᠤ ᠬᠦᠯᠢᠶᠡᠨ ᠠᠪᠬᠤ᠂ ᠬᠢᠷᠢ ᠲᠡᠩᠴᠡᠭᠦ ᠨᠢᠬᠡ ᠪᠦᠯᠦᠭ᠎ᠢ᠎ᠨᠢ ᠰᠢᠯᠭ᠋ᠠᠨ ᠦᠨᠡᠯᠡᠬᠦ᠂ ᠨᠢᠭᠡ ᠪᠦᠯᠦᠭ᠎ᠢ᠎ᠨᠢ ᠴᠡᠭᠴᠡᠯᠡᠨ ᠰᠠᠢ᠌ᠵᠢᠷᠠᠭᠤᠯᠵᠤ ᠳᠡᠭᠡᠭᠰᠢᠯᠡᠭᠦᠯᠬᠦ᠂ ᠨᠢᠭᠡ ᠪᠦᠯᠦᠭ ᠡᠬᠦᠳᠡ ᠵᠢ ᠬᠠᠭ᠋ᠠᠬᠤ 《ᠳᠥᠷᠪᠡᠨ ᠨᠢᠭᠡ ᠪᠦᠯᠦᠭ》᠎ᠤᠨ ᠠᠷᠭ᠎ᠠ ᠵᠢ ᠨᠠᠷᠢᠯᠢᠭ ᠣᠨᠣᠴᠠᠲᠠᠢ᠎ᠪᠠᠷ ᠨᠠᠢ᠌ᠳᠠᠪᠤᠷᠢᠵᠢᠭᠤᠯᠤᠨ᠂ ᠭᠠᠯ᠎ᠤᠨ ᠠᠶᠤᠯ᠎ᠤᠨ ᠬᠡᠮ ᠰᠣᠭᠣᠭ᠎ᠤᠨ ᠠᠰᠠᠭᠤᠳᠠᠯ᠎ᠤᠳ᠎ᠢ ᠴᠡᠪᠡᠷᠯᠡᠨ ᠳᠠᠭᠤᠰᠬᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠪᠥᠬᠥ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ ᠵᠠᠰᠠᠬᠤ ᠵᠢ ᠠᠳᠬᠤᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠮᠤᠷ ᠲᠦᠪᠰᠢᠨ᠎ᠤ ᠬᠡᠮ ᠰᠣᠭᠣᠭ᠎ᠢ ᠭᠦᠨᠵᠡᠭᠡᠢ ᠵᠢᠭᠰᠠᠭ᠋ᠠᠨ ᠪᠠᠢ᠌ᠴᠠᠭ᠋ᠠᠵᠤ᠂ ᠥᠪᠡᠰᠦᠪᠡᠨ ᠪᠠᠢ᠌ᠭᠤᠯᠤᠭᠰᠠᠨ ᠭᠡᠷ ᠪᠠᠢ᠌ᠰᠢᠩ᠎ᠤᠨ ᠠᠮᠤᠷ ᠲᠦᠪᠰᠢᠨ᠎ᠤ ᠲᠤᠰᠬᠠᠢ ᠴᠡᠭᠴᠡᠯᠡᠨ ᠵᠠᠰᠠᠯᠲᠠ᠂ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠬᠢᠨᠠᠯᠲᠠ ᠲᠠᠯᠪᠢᠵᠤ ᠪᠠᠢ᠌ᠴᠠᠭ᠋ᠠᠬᠤ ᠵᠡᠷᠭᠡ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠰᠠᠭᠤᠳᠠᠯ᠎ᠤᠨ ᠲᠣᠳᠣᠷᠬᠠᠢ ᠬᠠᠭᠤᠳᠠᠰᠤ᠂ ᠬᠠᠷᠢᠭᠤᠴᠠᠯᠭ᠎ᠠ ᠵᠢᠨ ᠲᠣᠳᠣᠷᠬᠠᠢ ᠬᠠᠭᠤᠳᠠᠰᠤ᠂ ᠠᠷᠭ᠎ᠠ ᠵᠢᠨ ᠲᠣᠳᠣᠷᠬᠠᠢ ᠬᠠᠭᠤᠳᠠᠰᠤ ᠵᠢ ᠪᠠᠢ᠌ᠭᠤᠯᠵᠤ᠂ ᠨᠠᠷᠢᠯᠢᠭ ᠣᠨᠣᠴᠠᠲᠠᠢ ᠲᠥᠷᠥᠯ ᠬᠤᠪᠢᠶᠠᠨ᠂ ᠥᠨᠳᠥᠷ ᠪᠦᠲᠦᠮᠵᠢᠲᠡᠶ ᠰᠢᠢ᠍ᠳᠪᠦᠷᠢᠯᠡᠵᠦ᠂ ᠰᠢᠨ᠎ᠡ᠎ᠪᠠᠷ ᠢᠯᠡᠷᠡᠭᠦᠯᠦᠭᠰᠡᠨ ᠬᠡᠮ ᠰᠣᠭᠣᠭ᠎ᠤᠨ ᠠᠰᠠᠭᠤᠳᠠᠯ᠎ᠢ ᠬᠥᠳᠡᠯᠦᠩᠭᠦᠢ᠎ᠪᠠᠷ ᠴᠡᠪᠡᠷᠯᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠤᠷᠲᠤ ᠬᠤᠭᠤᠴᠠᠭ᠎ᠠ᠎ᠪᠠᠷ ᠪᠦᠲᠦᠮᠵᠢᠲᠡᠶ ᠪᠠᠢ᠌ᠬᠤ ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠦᠨ ᠳᠡᠭᠡᠭᠰᠢᠯᠡᠭᠦᠯᠬᠦ ᠵᠢ ᠠᠳᠬᠤᠵᠤ᠂ 《ᠣᠳᠣᠬᠠᠨ᠎ᠳᠤ ᠥᠭᠡᠷᠡᠴᠢᠯᠡᠯᠲᠡ ᠬᠢᠬᠦ》 ᠪᠠ 《ᠣᠷᠳᠣ ᠬᠤᠭᠤᠴᠠᠭ᠎ᠠ᠎ᠪᠠᠷ ᠪᠠᠶ᠋ᠢᠭᠤᠯᠬᠤ》 ᠵᠢ ᠤᠶᠠᠯᠳᠤᠭᠤᠯᠵᠤ᠂ ᠠᠷᠠᠳ᠎ᠤᠨ ᠶᠠᠪᠤᠳᠠᠯ᠎ᠤᠨ ᠠᠶᠤᠯ ᠦᠬᠡᠢ ᠵᠢᠨ ᠬᠠᠮᠢᠶᠠᠷᠤᠯᠲᠠ ᠵᠢᠨ ᠳᠦᠷᠢᠮ᠎ᠤᠨ ᠲᠣᠭᠲᠠᠴᠠ ᠵᠢ ᠤᠯᠠᠮ ᠲᠡᠭᠦᠯᠳᠡᠷᠵᠢᠭᠦᠯᠵᠦ᠂ ᠪᠠᠢ᠌ᠩᠭᠤ ᠵᠢᠨ ᠬᠢᠨᠠᠯᠲᠠ ᠪᠠᠢ᠌ᠴᠠᠭ᠋ᠠᠯᠲᠠ ᠵᠢ ᠴᠢᠩᠭ᠋ᠠᠳᠬᠠᠨ᠂ ᠲᠤᠢ᠌ᠯ᠎ᠳᠤᠨᠢ ᠲᠤᠯᠲᠠᠯ᠎ᠠ ᠬᠡᠷᠡᠭᠵᠢᠭᠦᠯᠬᠦ ᠬᠠᠷᠢᠭᠤᠴᠠᠯᠭ᠎ᠠ ᠵᠢᠨ ᠰᠢᠰᠲᠸᠮ᠎ᠢ ᠪᠠᠢ᠌ᠭᠤᠯᠵᠤ᠂ ᠠᠶᠤᠯ ᠦᠬᠡᠢ ᠵᠢᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠬᠤ ᠵᠢ ᠪᠠᠲᠤᠯᠠᠵᠤ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠡᠷᠭᠡ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠶᠤᠯ ᠦᠬᠡᠢ ᠵᠢᠨ ᠬᠠᠮᠢᠶᠠᠷᠤᠯᠲᠠ ᠵᠢᠨ ᠲᠦᠪᠰᠢᠨ ᠪᠠ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠵᠢ ᠠᠬᠢᠭᠤᠯᠬᠤ ᠬᠡᠷᠡᠭᠳᠡᠢ᠃
ᠬᠤᠷᠠᠯ᠎ᠠᠴᠠ ᠵᠢᠭ᠋ᠠᠬᠰᠠᠨ᠎ᠨᠢ᠂ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠪᠤᠯᠤᠨ ᠦᠢ᠍ᠯᠡᠴᠢᠯᠡᠬᠡ ᠬᠦᠷᠳᠡᠭᠰᠡᠳ᠎ᠤᠨ ᠣᠨᠴᠠᠭ᠋ᠠᠢ ᠴᠢᠨᠠᠷ᠎ᠢ ᠭᠦᠢ᠍ᠴᠡᠳ ᠪᠣᠳᠣᠯᠬᠢᠯᠠᠵᠤ᠂ ᠠᠷᠠᠳ᠎ᠤᠨ ᠲᠥᠯᠥᠭᠡ ᠦᠢ᠍ᠯᠡᠴᠢᠯᠡᠬᠦ ᠣᠢ᠌ᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠬᠠᠷᠢᠭᠤᠴᠠᠯᠭ᠎ᠠ ᠡᠭᠦᠷᠭᠡᠯᠡᠬᠦ ᠪᠠ ᠰᠢᠢ᠍ᠳᠪᠦᠷᠢᠯᠡᠬᠦ ᠰᠡᠳᠬᠢᠬᠦᠢ ᠵᠢ ᠴᠢᠩᠭ᠋ᠠᠳᠬᠠᠵᠤ᠂ ᠪᠣᠳᠠᠲᠠᠢ᠎ᠳᠤ ᠰᠠᠭᠤᠷᠢᠯᠠᠨ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠲᠥᠰᠥᠯ᠎ᠢ ᠨᠠᠷᠢᠨ ᠲᠣᠭᠲᠠᠭ᠋ᠠᠵᠤ᠂ ᠨᠢᠭᠡ ᠪᠠᠢ᠌ᠭᠤᠯᠤᠮᠵᠢ ᠨᠢᠭᠡ ᠪᠣᠳᠣᠯᠭ᠎ᠠ ᠵᠢ ᠨᠠᠷᠢᠨ ᠨᠢᠮᠪᠠᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠬᠠᠤᠯᠢ ᠲᠣᠭᠲᠠᠭ᠋ᠠᠯ ᠶᠣᠰᠣᠭ᠋ᠠᠷ ᠯᠠᠪᠳᠠᠭᠤᠨ ᠪᠠᠲᠤᠲᠠᠢ ᠡᠮᠬᠢ ᠵᠢᠷᠤᠮ᠎ᠲᠠᠢ ᠠᠬᠢᠭᠤᠯᠬᠤ ᠬᠡᠷᠡᠭᠲᠡᠢ᠃ ᠠᠵᠢᠯ᠎ᠤᠨ ᠠᠷᠭ᠎ᠠ ᠵᠢ ᠡᠷᠬᠢᠮᠯᠡᠵᠦ᠂ ᠬᠡᠯᠪᠡᠷᠢᠴᠢ᠂ ᠠᠯᠪᠠ ᠬᠠᠰᠢᠬᠤ ᠵᠢ ᠴᠢᠩᠭ᠎ᠠ ᠰᠡᠷᠭᠡᠢ᠌ᠯᠡᠵᠦ᠂ ᠳᠥᠭᠥᠮ ᠪᠦᠳᠦᠭᠦᠯᠢᠭ᠂ ᠡᠭᠡᠭᠡ ᠠᠳᠠᠯᠢ ᠪᠠᠢ᠌ᠯᠭ᠋ᠠᠬᠤ ᠵᠢ ᠴᠢᠩᠭ᠎ᠠ ᠰᠡᠷᠭᠡᠢ᠌ᠯᠡᠵᠦ᠂ ᠪᠤᠭᠤᠮᠳᠠ ᠰᠢᠪᠳᠤᠯᠤᠯᠳᠠ ᠵᠢᠨ ᠲᠣᠭᠲᠠᠭᠤᠨ ᠰᠢᠯᠤᠭᠤᠨ᠂ ᠡᠮᠬᠢ ᠵᠢᠷᠤᠮ᠎ᠲᠠᠢ ᠪᠥᠭᠡᠳ ᠬᠦᠴᠦᠲᠡᠢ᠂ ᠥᠨᠳᠥᠷ ᠪᠦᠲᠦᠮᠵᠢᠲᠡᠶ ᠪᠥᠭᠡᠳ ᠴᠢᠨᠠᠷᠵᠢᠭᠤᠨ ᠪᠡᠶᠡᠯᠡᠭᠳᠡᠬᠦ ᠵᠢ ᠦᠨᠡᠨ ᠬᠦ᠌ ᠪᠠᠲᠤᠯᠠᠵᠤ᠂ ᠰᠠᠢ᠌ᠨ ᠶᠠᠪᠤᠳᠠᠯ᠎ᠢ ᠦᠨᠡᠨ ᠬᠦ᠌ ᠰᠠᠢ᠌ᠲᠤᠷ ᠬᠢᠵᠦ᠂ ᠪᠣᠳᠠᠲᠠᠢ ᠶᠠᠪᠤᠳᠠᠯ᠎ᠢ ᠦᠨᠡᠨ ᠬᠦ᠌ ᠪᠣᠳᠠᠲᠠᠢ᠎ᠪᠠᠷ ᠬᠢᠵᠦ᠂ ᠦᠢ᠍ᠯᠡᠴᠢᠯᠡᠬᠡ ᠬᠦᠷᠳᠡᠭᠰᠡᠳ᠎ᠤᠨ ᠠᠮᠢ ᠨᠠᠰᠤᠨ᠎ᠤ ᠠᠮᠤᠷ ᠲᠦᠪᠰᠢᠨ᠎ᠢ ᠴᠢᠷᠮᠠᠢ᠌ᠨ ᠬᠠᠮᠠᠭ᠋ᠠᠯᠠᠬᠤ ᠬᠡᠷᠡᠭᠲᠡᠢ᠃
ᠬᠤᠷᠠᠯ᠎ᠠᠴᠠ ᠱᠠᠭ᠋ᠠᠷᠳᠠᠭᠰᠠᠨ᠎ᠨᠢ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠪᠤᠭᠤᠮᠳᠠ ᠰᠢᠪᠳᠤᠯᠤᠯᠳᠠ ᠵᠢᠨ ᠠᠵᠢᠯᠯᠠᠭ᠎ᠠ ᠵᠢ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠤ᠎ᠪᠠᠨ ᠣᠷᠣᠭᠤᠯᠵᠤ᠂ ᠣᠷᠣᠨ ᠰᠠᠭᠤᠴᠠ ᠪᠣᠯᠣᠨ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠭᠠᠯ ᠤᠨᠲᠠᠷᠭ᠋ᠠᠵᠤ ᠭᠠᠯ᠎ᠤᠨ ᠠᠶᠤᠯ᠎ᠠᠴᠠ ᠠᠪᠤᠷᠠᠬᠤ ᠵᠡᠷᠭᠡ ᠰᠠᠯᠠᠭ᠎ᠠ ᠮᠥᠴᠢᠷ᠎ᠤᠨ᠎ᠬᠢᠨ᠎ᠲᠠᠢ ᠢᠳᠡᠪᠬᠢᠲᠡᠢ᠎ᠪᠠᠷ ᠵᠣᠬᠢᠴᠠᠭᠤᠯᠵᠤ ᠪᠠᠢ᠌ᠭ᠋ᠠᠳ ᠪᠤᠭᠤᠮᠳᠠ ᠰᠢᠪᠳᠤᠯᠤᠯᠳᠠ ᠵᠢᠨ ᠠᠵᠢᠯᠯᠠᠭ᠎ᠠ᠎ᠳᠤ ᠬᠠᠮᠲᠤ᠎ᠪᠠᠷ ᠣᠷᠣᠯᠴᠠᠭᠤᠯᠵᠤ᠂ ᠠᠵᠢᠯ᠎ᠤᠨ ᠬᠠᠮ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠱᠠᠯᠠᠪᠳᠠᠭᠤᠯᠤᠨ ᠵᠢᠯᠤᠭᠣᠳᠴᠤ ᠨᠠᠢ᠌ᠳᠠᠪᠤᠷᠢᠵᠢᠭᠤᠯᠬᠤ ᠲᠣᠭᠲᠠᠴᠠ ᠵᠢ ᠪᠠᠢ᠌ᠭᠤᠯᠵᠤ᠂ ᠭᠣᠭᠴᠣᠭ᠎ᠠ ᠨᠢᠬᠡ ᠪᠦᠷᠢ ᠵᠢ ᠴᠢᠩᠭ᠎ᠠ ᠠᠳᠬᠤᠵᠤ᠂ ᠠᠵᠢᠯ ᠨᠢᠬᠡ ᠪᠦᠷᠢ ᠵᠢ ᠪᠣᠳᠠᠲᠠᠢ ᠨᠠᠷᠢᠨ ᠠᠳᠬᠤᠵᠤ᠂ ᠪᠣᠭᠣᠮᠲᠠ ᠰᠢᠪᠳᠤᠯᠤᠯᠳᠠ ᠵᠢᠨ ᠠᠵᠢᠯᠯᠠᠭ᠎ᠠ ᠵᠢᠨ ᠪᠣᠳᠠᠲᠤ ᠦᠷ᠎ᠡ ᠪᠦᠲᠦᠮᠵᠢ᠎ᠪᠠᠷ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠬᠡᠷᠡᠭᠲᠡᠢ᠃
ᠬᠤᠷᠠᠯ ᠳᠡᠭᠡᠷ᠎ᠡ ᠪᠤᠭᠤᠲᠤ ᠬᠤᠳᠠ᠂ ᠤᠯᠠᠭ᠋ᠠᠨᠴᠠᠪ ᠬᠤᠳᠠ᠂ ᠣᠷᠳᠣᠰ᠎ᠤᠨ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠰᠠᠨᠠᠯ ᠵᠶ᠋ᠠᠨ ᠰᠣᠯᠢᠯᠴᠠᠬᠤ ᠶᠠᠷᠢᠶ᠎ᠠ ᠲᠠᠯᠪᠢᠵᠠᠢ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭ᠊ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ ᠵᠢᠨ ᠬᠠᠮᠢᠶ᠎ᠠ ᠪᠦᠬᠦᠢ ᠨᠥᠬᠥᠳ᠂ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠠᠮᠢᠶ᠎ᠠ ᠪᠦᠬᠦᠢ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠨᠥᠬᠥᠳ ᠭᠣᠣᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠵᠢᠨ ᠬᠠᠮᠢᠶ᠎ᠠ ᠪᠦᠬᠦᠢ ᠨᠥᠬᠥᠳ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠤᠷᠤᠯᠴᠠᠬᠰᠠᠨ ᠪᠠᠢ᠌ᠨ᠎ᠠ᠃