ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠤᠷᠢᠶᠠᠯᠠᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠎ᠳᠤ ᠬᠦᠴᠦᠨ ᠨᠡᠮᠡᠷᠢᠯᠡᠵᠤ ᠪᠠᠢ᠌ᠨ᠎ᠠ
ᠨᠡᠶᠢᠲᠡᠯᠡᠭᠰᠡᠨ ᠴᠠᠭ᠄ 2023-04-17

     ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ᠎ᠬᠢᠨ ᠤᠷᠴᠢᠮ᠎ᠳᠤ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠠᠵᠢᠯ᠎ᠳᠤ ᠬᠦᠴᠦᠨ ᠨᠡᠮᠡᠷᠢᠯᠡᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠠᠳᠠᠯᠢ ᠪᠤᠰᠤ ᠬᠡᠯᠪᠡᠷᠢ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠳᠠᠶ᠋ᠢᠴᠢᠯᠠᠨ᠂ ᠲᠣᠰ ᠲᠣᠰ᠎ᠤᠨ ᠮᠡᠳᠡᠭᠡ ᠵᠠᠩᠭᠢ ᠪᠠ ᠡᠬᠢ ᠪᠠᠶᠠᠯᠢᠭ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠠᠵᠢᠯ᠎ᠳᠤ ᠠᠷᠭ᠎ᠠ ᠤᠬᠠᠭ᠋ᠠᠨ ᠭᠠᠷᠭ᠋ᠠᠵᠤ ᠬᠦᠴᠦᠨ ᠴᠢᠳᠠᠯ ᠵᠶ᠋ᠠᠨ ᠡᠷᠬᠦᠬᠦ ᠵᠢ ᠤᠷᠢᠶᠠᠯᠠᠪᠠ᠃
     ᠮᠡᠳᠡᠭᠳᠡᠯ᠎ᠳᠤ ᠱᠠᠭ᠋ᠠᠷᠳᠠᠭᠰᠠᠨ᠎ᠨᠢ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠪᠠ ᠪᠥᠬᠥ ᠣᠷᠣᠨ᠎ᠤ ᠴᠢᠨᠠᠷᠲᠠᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠨᠤᠭᠤᠳ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ ᠵᠶ᠋ᠡᠨ ᠪᠠᠳᠠᠷᠠᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠭᠡᠰᠢᠭᠦᠨ ᠨᠢᠬᠡᠴᠢ ᠵᠢᠨ ᠬᠦᠴᠦᠨ᠎ᠢ ᠨᠢᠭᠲᠠᠷᠠᠭᠤᠯᠤᠨ ᠳᠠᠶ᠋ᠢᠴᠢᠯᠠᠵᠤ᠂ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠬᠠᠮᠵᠢᠨ ᠲᠤᠬᠠᠢ ᠵᠢᠨ ᠭᠠᠵᠠᠷ᠎ᠤᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠪᠠ ᠡᠬᠢ ᠪᠠᠶᠠᠯᠢᠭ᠎ᠤᠨ ᠳᠠᠪᠠᠭᠤᠯᠢᠭ᠎ᠢ ᠣᠷᠣᠨ᠎ᠤ ᠳᠣᠲᠣᠷ᠎ᠠ ᠭᠠᠳᠠᠨ᠎ᠠ ᠤᠬᠠᠭᠤᠯᠵᠤ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢᠨ ᠲᠠᠲᠠᠬᠤ ᠬᠦᠴᠦᠨ᠎ᠢ ᠳᠡᠭᠡᠭᠰᠢᠯᠡᠭᠦᠯᠦᠨ᠂ ᠲᠥᠷᠥᠯ ᠵᠦᠢ᠍ᠯ᠎ᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ᠃ ᠭᠠᠵᠠᠷ ᠤᠷᠤᠨ᠎ᠤ ᠬᠠᠷᠢᠶᠠᠨ᠎ᠳᠤ᠎ᠬᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠭᠡᠰᠢᠭᠦᠨ ᠨᠢᠬᠡᠴᠢ ᠵᠢᠨ ᠵᠶ᠋ᠡᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠠᠵᠢᠯ᠎ᠳᠤ ᠬᠦᠴᠦ ᠨᠡᠮᠡᠷᠢᠯᠡᠬᠦ ᠵᠢ ᠪᠠᠢ᠌ᠩᠭᠤ ᠠᠩᠬᠠᠷᠴᠤ᠂ ᠲᠡᠳᠡᠨ᠎ᠤ ᠠᠵᠢᠯ᠎ᠤᠨ ᠬᠢᠯᠠᠰ ᠴᠡᠭ᠎ᠢ ᠡᠵᠡᠮᠰᠢᠨ᠂ ᠬᠠᠮᠢᠶ᠎ᠠ ᠪᠦᠬᠦᠢ ᠲᠣᠭ᠎ᠠ ᠪᠠᠷᠢᠮᠲᠠ ᠵᠢ ᠴᠠᠭ ᠲᠤᠬᠠᠢ᠎ᠳᠤ᠎ᠨᠢ ᠬᠤᠷᠢᠶᠠᠩᠭᠤᠢ᠌ᠯᠠᠵᠤ᠂ ᠨᠡᠢ᠌ᠲᠡᠯᠢᠭ ᠵᠢᠱ᠌ᠢᠶ᠎ᠡ ᠵᠢᠨ ᠤᠬᠠᠭᠤᠯᠭ᠎ᠠ ᠵᠢ ᠴᠢᠩᠭ᠋ᠠᠳᠬᠠᠬᠤ ᠬᠡᠷᠡᠭᠲᠡᠢ᠃ ᠰᠣᠯᠢᠯᠴᠠᠭ᠎ᠠ ᠬᠢᠵᠦ ᠬᠠᠷᠢᠯᠴᠠᠨ ᠲᠣᠯᠢᠳᠠᠬᠤ ᠵᠢ ᠴᠢᠩᠭ᠋ᠠᠳᠬᠠᠵᠤ᠂ ᠪᠠᠢ᠌ᠴᠠᠭ᠋ᠠᠨ ᠰᠤᠳᠤᠯᠬᠤ ᠬᠤᠷᠠᠯ᠂ ᠶᠠᠷᠢᠯᠴᠠᠬᠤ ᠬᠤᠷᠠᠯ᠂ ᠰᠣᠯᠢᠯᠴᠠᠭ᠋ᠠᠨ᠎ᠤ ᠬᠤᠷᠠᠯ᠎ᠤᠨ ᠬᠡᠯᠪᠡᠷᠢ᠎ᠪᠠᠷ ᠲᠦᠷᠦᠯ ᠵᠦᠢ᠍ᠯ᠎ᠤᠨ ᠵᠤᠯᠭ᠋ᠠᠯᠴᠠᠭ᠎ᠠ᠎ᠲᠠᠢ᠂ ᠠᠵᠢᠯ ᠲᠦᠷᠦᠯ ᠠᠳᠠᠯᠢᠪᠲᠤᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠵᠣᠬᠢᠶᠠᠨ ᠪᠠᠢ᠌ᠭᠤᠯᠵᠤ᠂ ᠪᠠᠭ᠎ᠠ ᠬᠡᠯᠪᠡᠷᠢ ᠵᠢᠨ ᠲᠤᠷᠰᠢᠯᠭ᠎ᠠ ᠰᠣᠯᠢᠯᠴᠠᠬᠤ ᠬᠤᠷᠠᠯ ᠬᠢᠵᠤ᠂ ᠣᠴᠢ ᠦᠰᠤᠷᠤᠬᠡᠳ ᠠᠭᠤᠯᠨ ᠵᠢ ᠰᠢᠳᠠᠭ᠋ᠠᠬᠤ ᠪᠠᠢ᠌ᠳᠠᠯ ᠵᠶ᠋ᠡᠷ ᠬᠤᠳᠠᠯᠳᠤᠭ᠋ᠠᠴᠢᠨ ᠤᠷᠢᠬᠤ ᠠᠵᠢᠯ᠎ᠤᠨ ᠪᠠᠢ᠌ᠳᠠᠯ᠎ᠢ ᠪᠤᠢ ᠪᠤᠯᠭ᠋ᠠᠵᠤ᠂ ᠪᠡᠯᠡ ᠮᠥᠩᠭᠥ ᠲᠠᠲᠠᠬᠤ ᠪᠣᠳᠠᠲᠤ ᠦᠷ᠎ᠡ ᠪᠦᠲᠦᠮᠵᠢ ᠵᠢ ᠲᠠᠰᠤᠷᠠᠯᠳᠠ ᠦᠭᠡᠢ ᠥᠷᠭᠡᠳᠬᠡᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠤᠳᠠᠯᠳᠤᠭ᠋ᠠᠴᠢᠨ ᠤᠷᠢᠵᠤ ᠪᠡᠯᠡ ᠮᠥᠩᠭᠥ ᠲᠠᠲᠠᠬᠤ ᠰᠢᠨ᠎ᠡ ᠬᠦᠴᠦᠨ ᠪᠣᠯᠭ᠋ᠠᠬᠤ ᠬᠡᠷᠡᠭᠲᠡᠢ᠃

 


ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ᠎ᠤ 《ᠲᠠᠪᠤᠨ ᠨᠡᠢ᠌ᠬᠡᠮ ᠬᠣᠯᠪᠤᠭ᠋ᠠᠯᠠᠨ ᠬᠥᠳᠡᠯᠦᠯᠴᠡᠬᠦ》 ᠵᠢ ᠠᠬᠢᠭᠤᠯᠵᠤ 《ᠨᠠᠰᠤᠳᠠᠳ ᠪᠠ ᠬᠡᠤᠬᠡᠳ》᠎ᠢ ᠬᠠᠯᠠᠮᠵᠢᠯᠠᠬᠤ ᠰᠢᠷᠢᠰ ᠲᠤᠰᠬᠠᠢ ᠰᠡᠳᠦᠪᠲᠦ ᠮᠡᠳᠡᠭᠡᠯᠡᠯ (ᠵᠢᠷᠭᠤᠭ᠎ᠠ)
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠱᠠᠰᠢᠨ ᠰᠤᠷᠲᠠᠬᠤᠨ᠎ᠤ ᠠᠵᠢᠯᠯᠠᠭ᠎ᠠ ᠵᠢᠨ ᠲᠠᠯᠠᠪᠤᠷ ᠵᠢᠨ ᠬᠠᠤᠯᠢ ᠵᠢᠨ ᠡᠷᠬᠡᠳᠡᠨ᠎ᠤ ᠲᠠᠡᠭᠰᠠᠯᠠᠯᠳᠠ ᠵᠢ ᠰᠢᠯᠢᠳᠡᠭᠵᠢᠬᠦᠯᠪᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠵᠠᠰᠠᠭ᠎ᠤᠨ ᠣᠷᠳᠣᠨ᠎ᠤ ᠬᠤᠳᠠᠯᠳᠤᠨ ᠠᠪᠴᠤ ᠦᠭᠭᠦ ᠲᠤᠳᠤᠭ᠋ᠠᠳᠤ ᠡᠵᠡᠮᠳᠡᠯ ᠬᠠᠮᠢᠶᠠᠷᠤᠯᠳᠠ ᠬᠠᠮᠢᠶᠠᠷᠤᠯᠳᠠ ᠵᠢ ᠴᠢᠡᠭᠭ᠋ᠠᠳᠬᠠᠵᠤ ᠪᠠᠢ᠌ᠨ᠎ᠠ
ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭ᠋ᠠᠷ ᠬᠤᠭᠤᠴᠠᠭ᠋ᠠᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠨᠡᠯᠡᠬᠦ ᠵᠦᠪᠯᠡᠯ᠎ᠤᠨ᠎ᠬᠢᠨ ᠬᠣᠶᠠᠳᠤᠭ᠋ᠠᠷ ᠤᠳᠠᠭ᠋ᠠᠨ᠎ᠤ ᠦᠨᠡᠯᠡᠯᠳᠡ ᠵᠢᠨ ᠬᠤᠷᠠᠯ ᠬᠤᠷᠠᠯᠳᠤᠭᠤᠯᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠺᠠᠳ᠋ᠷ᠎ᠤᠨ ᠰᠡᠳᠬᠢᠴᠡ ᠵᠢᠨ ᠡᠷᠡᠬᠦᠯ ᠮᠡᠨᠳᠤ ᠵᠢᠨ ᠲᠠᠢ᠌ᠯᠤᠮᠵᠢ ᠡᠷᠬᠢᠯᠡᠪᠡ
 
            