ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠪᠥᠬᠥ ᠣᠷᠣᠨ᠎ᠤ 《ᠲᠠᠪᠤᠨ ᠨᠡᠢ᠌ᠬᠡᠮ ᠬᠣᠯᠪᠤᠭ᠋ᠠᠯᠠᠨ ᠬᠥᠳᠡᠯᠦᠯᠴᠡᠬᠦ》 ᠵᠢ ᠠᠬᠢᠭᠤᠯᠵᠤ 《ᠦᠳᠡᠬᠦᠰ ᠪᠠ ᠬᠡᠤᠬᠡᠳ》᠎ᠢ ᠬᠠᠯᠠᠮᠵᠢᠯᠠᠬᠤ ᠲᠤᠰᠬᠠᠢ ᠰᠡᠳᠦᠪᠲᠦ ᠰᠢᠷᠢᠰ ᠮᠡᠳᠡᠭᠡᠯᠡᠯ (ᠬᠣᠶᠠᠷ)
ᠨᠡᠶᠢᠲᠡᠯᠡᠭᠰᠡᠨ ᠴᠠᠭ᠄ 2023-04-03

    2023 ᠣᠨ᠎ᠳᠤ ᠪᠦᠬᠦ ᠣᠷᠣᠨ᠎ᠤ ᠨᠡᠢ᠌ᠭᠡᠮ᠎ᠤᠨ ᠠᠵᠢᠯ᠎ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠡᠬᠢᠯᠡᠭᠦᠯᠦᠭᠰᠡᠨ᠎ᠠᠴᠠ ᠨᠠᠭ᠋ᠠᠰᠢ ᠮᠠᠨ᠎ᠤ ᠣᠷᠣᠨ᠎ᠤ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠢᠳᠡᠪᠬᠢᠲᠡᠢ᠎ᠪᠠᠷ ᠠᠵᠢᠯᠯᠠᠭ᠎ᠠ ᠥᠷᠨᠢᠭᠦᠯᠵᠦ᠂ 《ᠲᠠᠪᠤᠨ ᠨᠡᠢ᠌ᠬᠡᠮ ᠬᠣᠯᠪᠤᠭ᠋ᠠᠯᠠᠨ ᠬᠥᠳᠡᠯᠦᠯᠴᠡᠬᠦ》 ᠵᠢ ᠠᠬᠢᠭᠤᠯᠬᠤ᠂ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠪᠠ ᠨᠠᠰᠤᠲᠠᠢ᠌ᠴᠤᠳ᠎ᠲᠤ ᠦᠢ᠍ᠯᠡᠴᠢᠯᠡᠬᠦ ᠠᠵᠢᠯ᠎ᠢ ᠠᠬᠢᠭᠤᠯᠤᠬᠰᠠᠨ ᠪᠠᠢ᠌ᠳᠠᠯ᠎ᠢ ᠭᠦᠨᠵᠡᠭᠡᠢ ᠤᠬᠠᠭᠤᠯᠤᠨ᠂ ᠨᠡᠩ ᠥᠷᠭᠡᠨ ᠰᠡᠳᠬᠢᠴᠡ᠂ ᠨᠡᠩ ᠪᠣᠳᠠᠲᠠᠢ ᠠᠷᠭ᠎ᠠ᠎ᠪᠠᠷ ᠦᠳᠡᠬᠦᠰ ᠪᠠ ᠬᠡᠤᠬᠡᠳ᠎ᠤᠨ ᠵᠣᠯ ᠵᠢᠷᠭ᠋ᠠᠯ᠎ᠢ ᠨᠡᠮᠡᠭᠳᠡᠬᠦᠯᠵᠤ ᠪᠠᠢ᠌ᠨ᠎ᠠ᠃

W020230331391588136112.jpg


    3 ᠰᠠᠷ᠎ᠠ ᠵᠢᠨ 26 ᠎ᠤ ᠡᠳᠦᠷ᠂ ᠪᠤᠭᠤᠲᠤ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠵᠢᠤᠶᠤᠸᠠᠨ ᠲᠣᠭᠣᠷᠢᠭ᠎ᠤᠨ ᠸᠠᠨ ᠳ᠋ᠠ ᠠᠭᠤᠳᠠᠮ ᠲᠠᠯᠠᠪᠠᠢ᠎ᠳᠤ ᠪᠤᠭᠤᠲᠤ ᠬᠤᠳᠠ ᠵᠢᠨ 2023 ᠣᠨ᠎ᠤ ᠨᠡᠢ᠌ᠭᠡᠮ᠎ᠤᠨ ᠠᠵᠢᠯ᠎ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠡᠬᠢᠯᠡᠬᠦᠯᠵᠤ᠂ ᠲᠤᠬᠠᠢ ᠵᠢᠨ ᠲᠠᠯᠠᠪᠤᠷ᠎ᠲᠤ ᠨᠡᠢ᠌ᠭᠡᠮ᠎ᠤᠨ ᠠᠵᠢᠯ᠎ᠤᠨ ᠰᠠᠭᠤᠷᠢ ᠮᠡᠳᠡᠯᠭᠡ ᠵᠢ ᠲᠦᠭᠡᠮᠡᠯᠵᠢᠭᠦᠯᠬᠦ᠂ 《ᠦᠳᠡᠬᠦᠰ ᠪᠠ ᠬᠡᠤᠬᠡᠳ》᠎ᠤᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠦᠵᠡᠭᠦᠯᠦᠯᠭᠡ᠂ ᠬᠡᠦᠬᠡᠳ᠎ᠤᠨ ᠤᠬᠠᠮᠰᠠᠷ᠎ᠤᠨ ᠪᠣᠯᠪᠠᠰᠤᠷᠠᠯ᠎ᠤᠨ ᠰᠤᠷᠤᠯᠴᠠᠯᠭ᠎ᠠ᠂ ᠨᠠᠰᠤᠲᠠᠢ᠌ᠴᠤᠳ᠎ᠤᠨ ᠤᠶᠤᠨ᠎ᠳᠤ ᠲᠤᠰᠠᠲᠠᠢ ᠲᠣᠭᠯᠠᠭ᠋ᠠᠮ᠎ᠢ ᠳᠡᠯᠭᠡᠷᠡᠭᠦᠯᠬᠦ᠂ ᠨᠠᠰᠤᠲᠠᠢ᠌ᠴᠤᠳ᠎ᠤᠨ ᠡᠷᠬᠡ ᠠᠰᠢᠭ᠎ᠢ ᠬᠠᠮᠠᠭ᠋ᠠᠯᠠᠬᠤ ᠲᠦᠷᠦ ᠵᠢᠨ ᠪᠣᠳᠣᠯᠭ᠎ᠠ ᠵᠢ ᠤᠬᠠᠭᠤᠯᠤᠨ ᠲᠠᠨᠢᠯᠴᠠᠭᠤᠯᠬᠤ ᠵᠡᠷᠭᠡ ᠦᠢ᠍ᠯᠡᠴᠢᠯᠡᠭᠡᠨ᠎ᠤ ᠦᠵᠡᠭᠦᠯᠦᠯᠭᠡ ᠵᠢᠨ ᠣᠷᠣᠨ ᠪᠠᠢ᠌ᠷᠢ 30 ᠵᠢ ᠭᠠᠷᠭ᠋ᠠᠵᠠᠢ᠃ ᠡᠭᠦᠨ᠎ᠤ ᠬᠠᠮᠲᠤ ᠲᠤᠬᠠᠢ ᠵᠢᠨ ᠲᠠᠯᠠᠪᠤᠷ᠎ᠲᠤ ᠪᠥᠬᠥ ᠣᠷᠣᠨ᠎ᠤ ᠰᠢᠯᠢᠳᠡᠭ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠷᠥᠯ ᠵᠦᠢ᠍ᠯ᠂ ᠰᠢᠯᠢᠳᠡᠭ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠭᠥᠷᠳᠡᠭᠰᠡᠨ 4 ᠲᠥᠷᠥᠯ ᠵᠦᠢ᠍ᠯ᠎ᠢ ᠰᠠᠢ᠌ᠰᠢᠶᠠᠨ ᠬᠥᠬᠢᠭᠦᠯᠵᠦ᠂ ᠬᠡᠰᠡᠭ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠪᠤᠭᠤᠲᠤ ᠬᠣᠲᠠ ᠵᠢᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠲᠠᠪᠴᠠᠩ ᠪᠤᠯᠬᠤ 《ᡁᠢ ᠶᠤᠸᠠᠨ ᠯᠦ᠍ ᠴᠧᠩ》᠎ᠲᠠᠢ ᠭᠠᠷ᠎ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃

W020230331391588148567.png


      ᠬᠥᠯᠥᠨ ᠪᠤᠢ᠍ᠢ᠍ᠷ ᠬᠤᠳᠠ ᠵᠢᠨ ᠬᠡᠭᠡᠡᠭᠤᠤᠯ ᠬᠤᠳᠠ ᠵᠢᠨ ᠾᠧ ᠰᠢ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠡᠢ᠌ᠭᠡᠮ᠎ᠤᠨ ᠠᠵᠢᠯ᠎ᠤᠨ ᠦᠷᠳᠡᠬᠡ ᠵᠢᠨ᠎ᠬᠢᠨ ᠶᠠᠨ ᠾᠸ ᠨᠡᠢ᠌ᠭᠡᠮ ᠲᠣᠭᠣᠷᠢᠭ᠎ᠤᠨ᠎ᠬᠢᠨ᠎ᠲᠠᠢ ᠬᠠᠮᠲᠤᠷᠠᠨ 《ᠤᠷᠠᠨ ᠪᠢᠴᠢᠯᠭᠡ᠎ᠪᠠᠷ ᠦᠳᠡᠯᠤᠬᠡ ᠨᠠᠰᠤ᠎ᠪᠠᠨ ᠵᠢᠷᠤᠬᠯᠠᠨᠠᠮ》 ᠨᠠᠰᠤᠲᠠᠢ᠌ᠴᠤᠳ᠎ᠤᠨ ᠤᠷᠠᠨ ᠪᠢᠴᠢᠯᠭᠡ ᠵᠢᠨ ᠤᠷᠤᠯᠳᠤᠭ᠋ᠠᠨ᠎ᠢ ᠥᠷᠨᠢᠭᠦᠯᠵᠦ᠂ ᠨᠠᠰᠤᠲᠠᠢ᠌ᠴᠤᠳ᠎ᠤᠨ ᠤᠶᠤᠨ ᠰᠠᠨᠠᠭ᠎ᠠ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠬᠤ᠎ᠳᠤ ᠲᠠᠪᠴᠠᠩ ᠬᠠᠡᠭᠭ᠋ᠠᠪᠠ᠃  

W020230331391588162419.jpg


     ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠯᠠᠭ᠋ᠠᠨᠬᠳᠠ ᠬᠣᠲᠠ᠎ᠶᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠳᠤ 《ᠠᠮᠢ ᠨᠠᠰᠤᠨ᠎ᠤ ᠰᠤᠯᠤᠡᠭᠭ᠋ᠠᠨ ᠲᠤᠯᠤᠭ᠋ᠠᠨ》 — ᠬᠡᠦᠬᠡᠳ᠎ᠤᠨ ᠥᠪᠡᠷ᠎ᠢ᠎ᠪᠠᠨ ᠲᠠᠨᠢᠨ ᠮᠡᠳᠡᠬᠦ ᠪᠠ ᠦᠰᠦᠨ ᠪᠣᠶ᠋ᠢᠵᠢᠯᠲᠠ ᠵᠢ ᠬᠠᠷᠢᠯᠴᠠᠨ ᠠᠬᠢᠭᠤᠯᠬᠤ ᠭᠣᠣᠯ ᠰᠡᠳᠦᠪᠲᠦ ᠠᠵᠢᠯᠯᠠᠭ᠎ᠠ ᠵᠢ ᠦᠷᠨᠢᠬᠦᠯᠪᠡ᠃  ᠡᠨᠡ ᠬᠦ᠌ ᠠᠵᠢᠯᠯᠠᠭ᠎ᠠ᠎ᠨᠢ ᠪᠠᠰᠠ ᠬᠡᠦᠬᠡᠳ᠎ᠤᠳ᠎ᠲᠤ ᠤᠷᠮᠠᠰᠢᠭᠤᠯᠤᠨ ᠵᠣᠷᠢᠭᠵᠢᠭᠤᠯᠬᠤ ᠨᠣᠮ ᠪᠢᠴᠢᠭ  ᠲᠦᠬᠡᠬᠡᠨ᠂ ᠬᠡᠦᠬᠡᠳ᠎ᠤᠨ ᠬᠠᠯᠠᠭᠤᠨ ᠬᠦᠷᠢᠶᠡᠯᠡᠯ᠎ᠢ ᠣᠯᠣᠭᠰᠠᠨ ᠪᠠᠢ᠌ᠨ᠎ᠠ᠃

W020230331391588176248.png


     ᠬᠢᠩᠭ᠋ᠠᠨ ᠠᠢ᠌ᠮᠠᠭ᠎ᠤᠨ ᠨᠡᠢ᠌ᠭᠡᠮ᠎ᠤᠨ ᠠᠵᠢᠯ᠎ᠤᠨ ᠦᠷᠳᠡᠬᠡ ᠤᠯᠠᠭ᠋ᠠᠨᠬᠣᠲᠠ ᠵᠢᠨ ᠲᠢᠶᠠᠨ ᠵᠢᠶᠣᠣ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ᠎ᠬᠢᠨ᠎ᠲᠠᠢ ᠬᠣᠯᠪᠤᠭ᠋ᠠᠯᠠᠨ ᠹᠦ᠋ ᠠᠨ ᠨᠡᠢ᠌ᠭᠡᠮ ᠲᠣᠭᠣᠷᠢᠭ᠎ᠲᠤ 《ᠲᠠᠪᠤᠨ ᠨᠡᠢ᠌ᠬᠡᠮ ᠬᠣᠯᠪᠤᠭ᠋ᠠᠯᠠᠨ ᠬᠥᠳᠡᠯᠦᠯᠴᠡᠬᠦ》 《ᠦᠳᠡᠬᠦᠰ ᠪᠠ ᠬᠡᠤᠬᠡᠳ》᠎ᠢ ᠬᠠᠯᠠᠮᠵᠢᠯᠠᠨ ᠬᠠᠢ᠌ᠷᠠᠯᠠᠬᠤ ᠨᠡᠢ᠌ᠭᠡᠮ᠎ᠤᠨ ᠠᠵᠢᠯ᠎ᠤᠨ ᠭᠣᠣᠯ ᠰᠡᠳᠦᠪᠲᠦ ᠭᠡᠷ ᠪᠦᠯᠢ ᠵᠢᠨ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠵᠡᠢ᠃ ᠬᠠᠷᠢᠶᠠᠲᠤ ᠣᠷᠣᠨ᠎ᠤ ᠰᠠᠭᠤᠭ᠋ᠠᠯᠢ ᠠᠷᠠᠳ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠴᠢᠭᠯᠡᠭᠦᠯᠦᠨ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠮᠡᠳᠡᠯᠭᠡ ᠵᠢ ᠲᠦᠭᠡᠮᠡᠯᠵᠢᠭᠦᠯᠬᠦ᠎ᠪᠠᠷ ᠭᠣᠣᠯ ᠠᠭᠤᠯᠭ᠎ᠠ ᠪᠣᠯᠭ᠋ᠠᠭᠰᠠᠨ ᠵᠢᠭ᠋ᠠᠨ ᠰᠤᠷᠭ᠋ᠠᠯᠲᠠ ᠵᠢᠨ ᠲᠠᠢ᠌ᠯᠤᠮᠵᠢ ᠵᠢ ᠲᠤᠬᠠᠢ ᠵᠢᠨ ᠲᠠᠯᠠᠪᠤᠷ᠎ᠲᠤ ᠥᠷᠨᠢᠭᠦᠯᠵᠦ᠂ ᠭᠡᠷ᠎ᠤᠨ ᠠᠬᠠᠮᠠᠳ᠎ᠢ ᠬᠠᠪᠰᠤᠷᠤᠨ ᠬᠥᠲᠥᠯᠥᠨ ᠵᠢᠯᠤᠭᠣᠳᠴᠤ ᠪᠠᠢ᠌ᠭ᠋ᠠᠳ ᠲᠣᠰ ᠪᠡᠶ᠎ᠡ ᠵᠢᠨ ᠪᠣᠯᠪᠠᠰᠤᠷᠠᠯ᠎ᠢ᠎ᠨᠢ ᠴᠢᠩᠭ᠋ᠠᠳᠬᠠᠵᠤ᠂ ᠵᠥᠪ ᠣᠨᠣᠪᠴᠢᠲᠠᠶ ᠰᠤᠷᠭ᠋ᠠᠨ ᠬᠥᠮᠦᠵᠢᠯ᠎ᠤᠨ ᠦᠵᠡᠯᠲᠡ ᠵᠢ ᠪᠣᠶ ᠪᠣᠯᠭ᠋ᠠᠵᠤ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠰᠠᠢ᠌ᠨ ᠰᠠᠢ᠌ᠬᠠᠨ ᠣᠷᠴᠢᠨ ᠲᠣᠭᠣᠷᠢᠨ᠎ᠢ ᠪᠣᠶ ᠪᠣᠯᠭ᠋ᠠᠪᠠ᠃

W020230331391588192703.jpg


     ᠰᠢᠯᠢ ᠵᠢᠨ ᠭᠣᠣᠯ ᠠᠢ᠌ᠮᠠᠭ᠎ᠤᠨ ᠰᠠᠨ ᠺᠤᠸᠠᠨ ᠶᠤᠸᠠᠨ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠨᠡᠢ᠌ᠭᠮ ᠲᠣᠭᠣᠷᠢᠭ᠎ᠤᠨ ᠦᠢ᠍ᠯᠡᠴᠢᠯᠡᠭᠡᠨ᠎ᠤ ᠲᠥᠪ ᠡᠷᠳᠡᠨᠢ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠬᠤᠸᠠ ᠶᠢᠦ ᠨᠡᠢ᠌ᠭᠡᠮ ᠲᠣᠭᠣᠷᠢᠭ᠎ᠲᠠᠢ᠎ᠤᠨ᠎ᠬᠢᠨ᠎ᠲᠠᠢ ᠬᠠᠮᠲᠤᠷᠠᠨ ᠨᠡᠢ᠌ᠭᠡᠮ᠎ᠤᠨ ᠠᠵᠢᠯ᠎ᠤᠨ ᠲᠠᠰᠤᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠵᠡᠭᠦᠯᠦᠯᠭᠡ ᠵᠢᠨ ᠲᠢᠩᠬᠢᠮ᠎ᠳᠤ 《ᠬᠡᠦᠬᠡᠳ᠎ᠤᠨ ᠬᠠᠷᠠᠭ᠋ᠠᠨ᠎ᠤ ᠶᠢᠷᠳᠢᠨᠴᠤ — ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠳᠣᠨ ᠎ᠳᠤ᠎ᠬᠢ ᠠᠶᠠᠯᠠᠯ》 ᠵᠶ᠋ᠠᠷ ᠭᠣᠣᠯ ᠰᠡᠳᠦᠪ ᠪᠣᠯᠭ᠋ᠠᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠪᠡ᠃ ᠲᠤᠬᠠᠢ ᠵᠢᠨ ᠲᠠᠯᠠᠪᠠᠢ᠎ᠳᠤ ᠵᠢᠷᠤᠭ ᠪᠢᠴᠢᠭ᠎ᠢ ᠬᠣᠣᠰᠯᠠᠭᠤᠯᠬᠤ ᠠᠷᠭ᠎ᠠ᠎ᠪᠠᠷ ᠬᠡᠦᠬᠡᠳ᠎ᠤᠳ᠎ᠲᠤ ᠤᠳᠤ ᠦᠶ᠎ᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠣᠳᠣᠬᠢ ᠪᠠᠢ᠌ᠳᠠᠯ ᠪᠠ ᠬᠠᠨᠳᠤᠰᠢ ᠵᠢ ᠦᠵᠡᠬᠦᠯᠬᠦ ᠵᠢᠨ ᠤᠯᠠᠮ᠎ᠠᠴᠠ ᠰᠢᠨᠵᠢᠯᠡᠬᠦ ᠤᠬᠠᠭ᠋ᠠᠨ᠎ᠤ ᠷᠢᠳᠢ ᠰᠢᠳᠢ ᠵᠢ ᠮᠡᠳᠡᠷᠡᠭᠦᠯᠵᠦ᠂ ᠬᠡᠦᠬᠡᠳ᠎ᠤᠳ᠎ᠤᠨ ᠰᠢᠨᠵᠢᠯᠡᠬᠦ ᠤᠬᠠᠭ᠋ᠠᠨ᠎ᠢ ᠰᠤᠷᠴᠤ ᠰᠢᠨᠵᠢᠯᠡᠬᠦ ᠤᠬᠠᠭ᠋ᠠᠨ᠎ᠢ ᠬᠠᠢ᠌ᠷᠠᠯᠠᠬᠤ ᠤᠷᠮ᠎ᠠ ᠵᠣᠷᠢᠭ᠎ᠢ ᠬᠥᠭᠵᠢᠭᠡᠵᠡᠢ᠃

W020230331391588192694.jpg


     ᠣᠷᠳᠣᠰ ᠬᠣᠲᠠ ᠵᠢᠨ ᠣᠲᠣᠭ᠎ᠤᠨ ᠡᠮᠦᠨᠡᠲᠦ ᠬᠣᠰᠢᠭᠤᠨ᠎ᠤ ᠤᠪᠤᠭ᠎ᠠ ᠪᠠᠯᠭ᠋ᠠᠰᠤᠨ᠎ᠤ ᠨᠡᠢ᠌ᠭᠡᠮ᠎ᠤᠨ ᠊ᠵᠢᠯ᠎ᠤᠨ ᠥᠷᠲᠡᠭᠡ ᠵᠢᠨ᠎ᠬᠢᠨ ᠤᠯᠤᠰ᠎ᠤᠨ ᠬᠣᠶᠠᠳᠤᠭ᠋ᠠᠷ ᠳᠡᠰ᠎ᠤᠨ ᠰᠡᠳᠬᠢᠴᠡ ᠵᠢᠨ ᠵᠦᠪᠯᠡᠭᠴᠢ ᠤᠯᠠᠭ᠋ᠠᠨ ᠪᠠᠭᠰᠢ ᠵᠢ ᠤᠷᠢᠵᠤ ᠳᠥᠷᠪᠡᠳᠦᠭᠡᠷ ᠪᠠᠭ᠎ᠠ ᠰᠤᠷᠭ᠋ᠠᠭᠤᠯᠢ᠎ᠳᠤ ᠬᠥᠮᠥᠰ᠎ᠤᠨ ᠬᠣᠭᠣᠷᠣᠨᠳᠣᠬᠢ ᠬᠠᠷᠢᠴᠠᠭ᠋ᠠᠨ᠎ᠤ ᠰᠡᠳᠬᠢᠴᠡ ᠵᠢᠨ ᠵᠢᠯᠤᠭᠤᠳᠤᠮᠵᠢ ᠵᠢ ᠠᠵᠢᠯᠯᠠᠭ᠎ᠠ2 ᠲᠠᠯᠠᠪᠠᠢ ᠦᠷᠨᠢᠬᠦᠯᠵᠤ᠂ ᠬᠡᠦᠬᠡᠳ᠎ᠲᠤ ᠥᠪᠡᠷ ᠥᠪᠡᠷ᠎ᠤᠨ ᠵᠠᠩ ᠴᠢᠨᠠᠷ᠎ᠤᠨ ᠣᠨᠴᠠᠯᠢᠭ᠎ᠢ᠎ᠨᠢ ᠤᠢ᠌ᠯᠠᠭ᠋ᠠᠭᠤᠯᠬᠤ ᠵᠢᠨ ᠬᠠᠮᠳᠤ  ᠬᠥᠮᠥᠰ᠎ᠤᠨ ᠬᠠᠷᠢᠴᠠᠭ᠎ᠠ ᠵᠢ ᠰᠢᠢ᠍ᠳᠪᠦᠷᠢᠯᠡᠬᠦ ᠠᠷᠭ᠎ᠠ ᠪᠠ ᠤᠷᠠᠯᠢᠭ᠎ᠢ ᠡᠵᠡᠮᠰᠢᠭᠦᠯᠵᠦ᠂ ᠪᠠᠭᠰᠢ ᠰᠤᠷᠤᠭᠴᠢ᠂ ᠭᠡᠷ᠎ᠤᠨ ᠠᠬᠠᠮᠠᠳ᠎ᠤᠨ ᠰᠠᠢ᠌ᠨ ᠦᠨᠡᠯᠡᠯᠲᠡ ᠵᠢ ᠣᠯᠣᠭᠰᠠᠨ ᠪᠠᠢ᠌ᠨ᠎ᠠ᠃
 W020230331391588214555.jpg   


     ᠮᠠᠨᠵᠤᠤᠷ ᠬᠣᠲᠠ ᠵᠢᠨ ᠬᠣᠩ ᠢᠦᠢ ᠨᠡᠢ᠌ᠭᠡᠮ᠎ᠤᠨ ᠠᠵᠢᠯᠲᠠᠨ ᠪᠠ ᠰᠠᠢ᠌ᠨ ᠲᠤᠷᠠᠴᠤᠤᠯ ᠬᠡᠷ᠎ᠲᠤ᠎ᠨᠢ ᠬᠦᠷᠴᠦ ᠰᠤᠷᠪᠤᠯᠵᠢᠯᠠᠬᠤ᠂ ᠶᠠᠷᠢᠯᠴᠠᠨ ᠰᠣᠯᠢᠯᠴᠠᠬᠤ᠂ ᠨᠥᠬᠥᠷᠯᠡᠨ ᠰᠣᠯᠢᠯᠴᠠᠬᠤ ᠵᠡᠷᠭᠡ ᠠᠷᠭ᠎ᠠ᠎ᠪᠠᠷ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠪᠰᠤᠷᠤᠨ ᠰᠡᠳᠬᠢᠯ᠎ᠤᠨ ᠳᠠᠷᠤᠭ᠋ᠠᠰᠤ ᠵᠢ᠎ᠨᠢ ᠲᠠᠢ᠌ᠳᠬᠤᠷᠠᠭᠤᠯᠵᠤ᠂ ᠬᠡᠦᠬᠡᠳ᠎ᠤᠳ᠎ᠢ ᠠᠮᠢᠳᠤᠷᠠᠯ᠎ᠤᠨ ᠬᠦᠴᠢᠷᠳᠡᠯ᠎ᠳᠤ ᠵᠣᠷᠢᠭᠲᠠᠢ᠎ᠪᠠᠷ ᠬᠠᠨᠳᠤᠬᠤ ᠵᠢ ᠵᠣᠷᠢᠭᠵᠢᠭᠤᠯᠵᠤ ᠪᠠᠢ᠌ᠨ᠎ᠠ᠃ ᠨᠡᠢ᠌ᠭᠡᠮ᠎ᠤᠨ ᠠᠵᠢᠯᠲᠠᠨ ᠪᠠ ᠰᠠᠢ᠌ᠨ ᠳᠤᠷ᠎ᠠ ᠵᠢᠨ ᠠᠵᠢᠯᠯᠠᠭᠴᠢᠳ ᠪᠠᠰᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠴᠢᠭᠯᠡᠭᠦᠯᠦᠨ ᠰᠦᠢ᠍ᠳᠬᠡᠯ ᠬᠤᠷᠢᠶᠠᠬᠤ ᠦᠭᠡᠢ᠎ᠪᠠᠷ ᠬᠢᠴᠢᠶᠡᠯ ᠰᠤᠷᠤᠯᠭ᠎ᠠ ᠵᠢᠨ ᠬᠠᠪᠰᠤᠷᠤᠮᠵᠢ ᠵᠢᠯᠣᠭᠣᠳᠤᠯᠭ᠎ᠠ ᠥᠷᠨᠢᠭᠦᠯᠦᠭᠰᠡᠨ ᠪᠥᠭᠡᠳ ᠲᠡᠳᠡᠨ᠎ᠳᠤ ᠰᠢᠨᠵᠢᠯᠡᠬᠦ ᠤᠬᠠᠭ᠋ᠠᠨᠴᠢ ᠰᠤᠷᠤᠯᠴᠠᠬᠤ ᠲᠥᠯᠥᠪᠯᠡᠭᠡ ᠲᠣᠭᠲᠠᠭ᠋ᠠᠨ ᠥᠭᠴᠦ᠂ ᠵᠥᠪ ᠣᠨᠣᠪᠴᠢᠲᠠᠶ ᠰᠤᠷᠤᠯᠴᠠᠬᠤ ᠠᠷᠭ᠎ᠠ ᠵᠢ ᠤᠯᠠᠮᠵᠢᠯᠠᠵᠤ᠂ ᠮᠠᠰᠢ ᠰᠠᠢ᠌ᠨ ᠠᠵᠢᠯᠯᠠᠭ᠋ᠠᠨ᠎ᠤ ᠦᠷ᠎ᠡ ᠪᠦᠲᠦᠮᠵᠢ ᠤᠯᠪᠠ᠃




 

ᠢᠷᠡᠯᠲᠡ᠄ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠰᠦᠯᠵᠢᠶᠡᠨ᠎ᠤ ᠠᠮᠤᠷ ᠲᠦᠪᠰᠢᠨ᠎ᠤ ᠬᠦᠮᠤᠵᠢᠯ᠎ᠤᠨ ᠪᠤᠯᠪᠠᠰᠤᠷᠠᠯ ᠡᠷᠬᠢᠯᠡᠪᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2023 ᠣᠨ᠎ᠤ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ᠎ᠬᠢᠨ᠎ᠤ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ ᠵᠢ ᠴᠡᠭᠴᠡᠯᠡᠬᠦ ᠠᠵᠢᠯᠯᠠᠭ᠎ᠠ ᠦᠷᠨᠢᠬᠦᠯᠪᠡ
ᠲᠢᠡᠭᠭᠢᠮ᠎ᠤᠨ ᠤᠳᠤᠷᠢᠳᠤᠯᠭ᠎ᠠ ᠬᠦᠬᠡᠬᠤᠳᠠ᠎ᠳᠤ ᠬᠠᠩᠰᠢ ᠵᠢᠨ ᠲᠠᠬᠢᠯᠭ᠎ᠠ ᠵᠡᠷᠬᠡ ᠠᠵᠢᠯ᠎ᠢ ᠪᠠᠢ᠌ᠴᠠᠭ᠋ᠠᠨ ᠵᠢᠯᠣᠭᠣᠳᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠰᠢᠰᠲ᠋ᠧᠮ᠎ᠤᠨ ᠺᠠᠳ᠋ᠷ ᠠᠵᠢᠯᠳᠠᠳ ᠸᠠᠩ ᠰᠧ ᠪᠢᠨ ᠫᠷᠤᠹᠧᠰᠰᠤᠷ᠎ᠤᠨ ᠬᠥᠬᠡᠬᠣᠲᠠ᠎ᠳᠤ ᠥᠷᠨᠢᠭᠦᠯᠦᠭᠰᠡᠨ ᠨᠡᠢ᠌ᠭᠡᠮ᠎ᠤᠨ ᠠᠵᠢᠯ᠎ᠤᠨ ᠲᠤᠰᠬᠠᠢ ᠰᠡᠳᠦᠪᠲᠦ ᠡᠷᠳᠡᠮ ᠰᠢᠨᠵᠢᠯᠡᠭᠡᠨ᠎ᠤ ᠲᠠᠢ᠌ᠯᠤᠮᠵᠢ ᠵᠢ ᠰᠤᠨᠤᠰᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠰᠢᠰᠲ᠋ᠧᠮ᠎ᠤᠨ ᠺᠠᠳ᠋ᠷ ᠠᠵᠢᠯᠳᠠᠳ ᠸᠠᠩ ᠰᠧ ᠪᠢᠨ ᠫᠷᠤᠹᠧᠰᠰᠤᠷ᠎ᠤᠨ ᠬᠥᠬᠡᠬᠣᠲᠠ᠎ᠳᠤ ᠥᠷᠨᠢᠭᠦᠯᠦᠭᠰᠡᠨ ᠨᠡᠢ᠌ᠭᠡᠮ᠎ᠤᠨ ᠠᠵᠢᠯ᠎ᠤᠨ ᠲᠤᠰᠬᠠᠢ ᠰᠡᠳᠦᠪᠲᠦ ᠡᠷᠳᠡᠮ ᠰᠢᠨᠵᠢᠯᠡᠭᠡᠨ᠎ᠤ ᠲᠠᠢ᠌ᠯᠤᠮᠵᠢ ᠵᠢ ᠰᠤᠨᠤᠰᠪᠠ
 
            