ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2023 ᠣᠨ᠎ᠤ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ᠎ᠬᠢᠨ᠎ᠤ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ ᠵᠢ ᠴᠡᠭᠴᠡᠯᠡᠬᠦ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄ 2023-04-03

     ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠬᠣᠯᠪᠣᠭᠳᠠᠯ ᠪᠦᠬᠦᠢ ᠭᠠᠢ᠌ᠯᠢ ᠬᠥᠩᠭᠡᠯᠡᠵᠦ ᠰᠦᠢ᠍ᠳᠬᠡᠯ ᠪᠠᠭᠤᠷᠠᠭᠤᠯᠬᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ ᠰᠦᠢ᠍ᠳᠬᠡᠯ ᠬᠤᠷᠢᠶᠠᠬᠤ ᠬᠠᠮᠢᠶᠠᠷᠤᠯᠲᠠ ᠵᠢ ᠤᠯᠠᠮ ᠵᠢᠷᠤᠮᠵᠢᠭᠤᠯᠤᠨ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠳᠠᠷᠤᠭ᠋ᠠᠰᠤ ᠵᠢ ᠬᠥᠩᠭᠡᠷᠡᠭᠦᠯᠦᠨ ᠬᠦᠴᠢᠷᠳᠡᠯ᠎ᠢ ᠰᠢᠢ᠍ᠳᠪᠦᠷᠢᠯᠡᠵᠦ᠂ ᠠᠮᠢᠵᠢᠷᠠᠯ᠎ᠤᠨ ᠬᠦᠴᠦᠨ᠎ᠢ ᠬᠥᠭᠵᠢᠭᠡᠨ᠂ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ  ᠡᠷᠡᠬᠦᠯ ᠵᠢᠷᠤᠮᠵᠢᠭᠤᠨ ᠡᠷᠡᠭᠦᠯ ᠬᠦᠭᠵᠢᠯᠳᠠ ᠵᠢ ᠠᠬᠢᠭᠤᠯᠬᠤ ᠵᠢᠨ ᠲᠦᠯᠤᠬᠡ᠂ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ ᠵᠢ ᠵᠠᠰᠠᠬᠤ ᠵᠢ ᠦᠷᠭᠦᠯᠵᠢᠯᠡᠨ ᠴᠢᠩᠭ᠋ᠠᠳᠬᠠᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠬᠠᠪᠰᠤᠷᠴᠤ ᠳᠠᠷᠤᠭ᠋ᠠᠰᠤ ᠵᠢ᠎ᠨᠢ ᠬᠥᠩᠭᠡᠷᠡᠭᠦᠯᠵᠦ ᠬᠦᠴᠢᠷᠳᠡᠯ᠎ᠢ᠎ᠨᠢ ᠲᠠᠢ᠌ᠯᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠪᠥᠬᠥ ᠣᠷᠣᠨ᠎ᠢ ᠵᠣᠬᠢᠶᠠᠨ ᠪᠠᠢ᠌ᠭᠤᠯᠤᠨ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ᠎ᠬᠢᠨ᠎ᠤ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ ᠵᠢ ᠴᠡᠭᠴᠡᠯᠡᠬᠦ ᠠᠵᠢᠯᠯᠠᠭ᠎ᠠ ᠦᠷᠨᠢᠬᠦᠯᠵᠡᠢ᠃
     ᠠᠵᠢᠯ ᠲᠥᠷᠥᠯ᠎ᠤᠨ ᠨᠡᠢ᠌ᠭᠡᠮᠯᠢᠭ᠂ ᠬᠤᠳᠠᠯᠳᠤᠭ᠋ᠠᠴᠢᠳ᠎ᠤᠨ ᠡᠪᠯᠡᠯ᠎ᠤᠨ᠎ᠬᠢᠨ 《ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠨ᠎ᠤ ᠡᠪᠯᠡᠯ᠎ᠤᠨ᠎ᠬᠢᠨ᠎ᠤ ᠰᠦᠢ᠍ᠳᠬᠡᠯ ᠬᠤᠷᠢᠶᠠᠬᠤ ᠵᠢ ᠤᠯᠠᠮ ᠵᠢᠷᠤᠮᠵᠢᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠡᠭᠭᠢᠮ᠎ᠤᠨ ᠮᠡᠳᠡᠭᠳᠡᠯ》 ᠵᠡᠷᠭᠡ ᠬᠤᠯᠪᠤᠬᠳᠠᠯ ᠪᠦᠬᠦᠢ ᠲᠦᠷᠤ ᠵᠢᠨ ᠪᠤᠳᠤᠯᠭ᠎ᠠ᠂ ᠲᠦᠷᠢᠮ ᠲᠤᠬᠳᠠᠭ᠋ᠠᠯ᠎ᠤᠨ ᠱᠠᠭ᠋ᠠᠷᠳᠠᠯᠭ᠎ᠠ᠎ᠪᠠᠷ ᠥᠪᠡᠷ ᠵᠶ᠋ᠡᠨ ᠪᠠᠢ᠌ᠴᠠᠭ᠋ᠠᠵᠤ ᠥᠪᠡᠷ ᠵᠶ᠋ᠡᠨ ᠵᠠᠯᠠᠷᠠᠭᠤᠯᠤᠨ᠎ᠠ᠃ ᠣᠨ᠎ᠤ ᠰᠦᠢ᠍ᠳᠬᠡᠯ ᠬᠤᠷᠢᠶᠠᠯᠲᠠ ᠵᠢ ᠥᠪᠡᠰᠦᠪᠡᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠡᠬᠡ ᠲᠠᠩᠰᠠ ᠵᠢ ᠪᠠᠢ᠌ᠭᠤᠯᠵᠤ᠂ ᠬᠠᠤᠯᠢ ᠲᠣᠭᠲᠠᠭ᠋ᠠᠯ᠎ᠠᠴᠠ ᠵᠥᠷᠢᠴᠡᠨ ᠰᠦᠢ᠍ᠳᠬᠡᠯ ᠬᠤᠷᠢᠶᠠᠭᠰᠠᠨ ᠪᠣᠶ ᠪᠦᠬᠦᠢ ᠠᠰᠠᠭᠤᠳᠠᠯ᠎ᠢ ᠪᠥᠬᠥ ᠲᠠᠯ᠎ᠠ᠎ᠪᠠᠷ ᠴᠡᠭᠴᠡᠯᠡᠨ ᠰᠠᠢ᠌ᠵᠢᠷᠠᠭᠤᠯᠬᠤ ᠵᠢ ᠪᠠᠳᠤᠯᠠᠬᠤ ᠵᠢᠨ ᠬᠠᠮᠳᠤ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠨ᠎ᠤ ᠡᠪᠯᠡᠯ᠎ᠤᠨ 《ᠬᠡᠯᠲᠦᠷᠢᠭᠦᠯᠵᠦ ᠪᠣᠯᠬᠤ ᠵᠢ᠎ᠨᠢ ᠬᠡᠯᠲᠦᠷᠢᠭᠦᠯᠬᠦ᠂ ᠬᠠᠰᠤᠵᠤ ᠪᠣᠯᠬᠤ ᠵᠢ᠎ᠨᠢ  ᠬᠠᠰᠤᠬᠤ》 ᠵᠠᠷᠴᠢᠮ ᠵᠶ᠋ᠡᠷ ᠡᠵᠡᠩᠨᠡᠯᠲᠡ᠎ᠳᠤ ᠬᠦᠴᠢᠷᠳᠡᠯᠲᠡᠢ ᠭᠡᠰᠢᠭᠦᠨ ᠠᠵᠤ ᠠᠬᠤᠢ᠌ᠯᠠᠯ ᠪᠠ ᠪᠤᠰᠤᠳ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠰᠠᠨᠠᠭ᠋ᠠᠴᠢᠯᠠᠭ᠎ᠠ᠎ᠠᠴᠠ᠎ᠪᠠᠨ ᠬᠠᠰᠤᠵᠤ ᠬᠡᠯᠲᠦᠷᠢᠭᠦᠯᠦᠨ᠂ ᠠᠵᠤ ᠠᠬᠤᠢ᠌ᠯᠠᠯ᠎ᠤᠨ ᠳᠠᠷᠤᠭ᠋ᠠᠰᠤ ᠵᠢ ᠬᠥᠩᠭᠡᠷᠡᠭᠦᠯᠬᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ᠎ᠳᠤ ᠬᠦᠴᠦᠨ ᠴᠢᠳᠠᠯ ᠵᠶ᠋ᠠᠨ ᠡᠷᠭᠦᠬᠦ ᠵᠢ ᠵᠣᠷᠢᠭᠵᠢᠭᠤᠯᠤᠨ᠎ᠠ᠃
     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠠᠷᠠᠭ᠋ᠠᠴᠢ᠎ᠪᠠᠷ ᠡᠳᠦᠷ ᠲᠤᠲᠤᠮ᠎ᠤᠨ ᠪᠠᠢ᠌ᠴᠠᠭ᠋ᠠᠯᠲᠠ᠂ ᠵᠠᠰᠠᠭ ᠵᠠᠬᠢᠷᠭ᠋ᠠᠨ᠎ᠤ ᠪᠣᠯᠵᠣᠨ ᠶᠠᠷᠢᠯᠴᠠᠬᠤ᠂ ᠰᠤᠭᠤᠴᠢᠨ ᠪᠠᠢ᠌ᠴᠠᠭ᠋ᠠᠵᠤ ᠬᠢᠨᠠᠨ ᠪᠤᠳᠤᠬᠤ᠂  ᠱᠠᠯᠠᠪᠳᠠᠭᠤᠯᠤᠨ ᠵᠢᠯᠤᠭᠣᠳᠬᠤ ᠡᠷᠴᠢᠮ ᠵᠶ᠋ᠡᠨ ᠴᠢᠩᠭ᠋ᠠᠷᠠᠭᠤᠯᠵᠤ᠂ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠢᠯᠡᠴᠢᠯᠡᠨ ᠮᠡᠳᠡᠭᠦᠯᠬᠦ ᠠᠷᠭ᠎ᠠ ᠵᠢ ᠢᠯᠡᠵᠢᠬᠦᠯᠤᠨ᠂ ᠨᠡᠢ᠌ᠭᠡᠮ᠎ᠤᠨ ᠬᠢᠨᠠᠯᠲᠠ ᠵᠢ ᠴᠢᠩᠭ᠋ᠠᠳᠬᠠᠨ᠎ᠠ᠃ ᠡᠭᠦᠨ᠎ᠤ ᠬᠠᠮᠲᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠨ᠎ᠤ ᠡᠪᠯᠡᠯ᠎ᠤᠨ ᠰᠦᠢ᠍ᠳᠬᠡᠯ ᠬᠤᠷᠢᠶᠠᠬᠤ ᠲᠤᠰᠬᠠᠢ ᠵᠦᠢ᠍ᠯ᠎ᠤᠨ ᠰᠤᠭᠤᠴᠢᠨ ᠪᠠᠢ᠌ᠴᠠᠭ᠋ᠠᠯᠲᠠ ᠬᠢᠬᠦ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠰᠤᠭᠤᠴᠢᠨ ᠪᠠᠢ᠌ᠴᠠᠭ᠋ᠠᠯᠲᠠ ᠬᠢᠬᠦ ᠬᠠᠷᠢᠴᠠᠯ᠎ᠢ ᠨᠡᠮᠡᠭᠳᠡᠭᠦᠯᠦᠨ᠂ ᠰᠤᠭᠤᠴᠢᠨ ᠪᠠᠢ᠌ᠴᠠᠭ᠋ᠠᠯᠲᠠ ᠬᠢᠬᠦ ᠵᠢᠨ ᠬᠠᠨᠳᠤᠯᠭ᠋ᠠᠲᠤ ᠴᠢᠨᠠᠷ ᠪᠠ ᠪᠦᠲᠦᠮᠵᠢᠲᠦ ᠴᠢᠨᠠᠷ᠎ᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ᠂ ᠢᠲᠡᠭᠡᠮᠵᠢ᠎ᠪᠠᠷ ᠵᠠᠯᠬᠠᠭ᠋ᠠᠨ ᠴᠡᠭᠡᠷᠯᠡᠭᠦᠯᠬᠦ᠂ ᠢᠯᠡ᠎ᠪᠠᠷ ᠢᠯᠡᠴᠢᠯᠡᠬᠦ᠂ ᠦᠨᠡᠯᠡᠵᠤ ᠲᠡᠰ ᠪᠠᠭᠤᠷᠠᠭᠤᠯᠬᠤ ᠵᠡᠷᠭᠡ ᠠᠷᠭ᠎ᠠ ᠵᠢ ᠶᠡᠷᠦᠩᠬᠡᠢ᠌ᠯᠡᠨ ᠬᠡᠷᠡᠭᠯᠡᠵᠦ᠂ ᠵᠠᠯᠬᠠᠭ᠋ᠠᠨ ᠰᠢᠢ᠍ᠳᠬᠡᠬᠦ ᠡᠷᠴᠢᠮ ᠵᠶ᠋ᠡᠨ ᠴᠢᠩᠭ᠋ᠠᠷᠠᠭᠤᠯᠤᠨ᠂ ᠲᠣᠭᠲᠠᠭ᠋ᠠᠯ᠎ᠠᠴᠠ ᠵᠥᠷᠢᠴᠡᠨ ᠰᠦᠢ᠍ᠳᠬᠡᠯ ᠬᠤᠷᠢᠶᠠᠬᠤ ᠰᠤᠷᠲᠠᠯ᠎ᠢ ᠴᠢᠩᠭ᠎ᠠ  ᠬᠤᠷᠢᠬᠯᠠᠬᠤ ᠪᠤᠯᠤᠨ᠎ᠠ᠃



 

ᠢᠷᠡᠯᠲᠡ᠄ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠢᠡᠭᠭᠢᠮ᠎ᠤᠨ ᠤᠳᠤᠷᠢᠳᠤᠯᠭ᠎ᠠ ᠬᠦᠬᠡᠬᠤᠳᠠ᠎ᠳᠤ ᠬᠠᠩᠰᠢ ᠵᠢᠨ ᠲᠠᠬᠢᠯᠭ᠎ᠠ ᠵᠡᠷᠬᠡ ᠠᠵᠢᠯ᠎ᠢ ᠪᠠᠢ᠌ᠴᠠᠭ᠋ᠠᠨ ᠵᠢᠯᠣᠭᠣᠳᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠰᠢᠰᠲ᠋ᠧᠮ᠎ᠤᠨ ᠺᠠᠳ᠋ᠷ ᠠᠵᠢᠯᠳᠠᠳ ᠸᠠᠩ ᠰᠧ ᠪᠢᠨ ᠫᠷᠤᠹᠧᠰᠰᠤᠷ᠎ᠤᠨ ᠬᠥᠬᠡᠬᠣᠲᠠ᠎ᠳᠤ ᠥᠷᠨᠢᠭᠦᠯᠦᠭᠰᠡᠨ ᠨᠡᠢ᠌ᠭᠡᠮ᠎ᠤᠨ ᠠᠵᠢᠯ᠎ᠤᠨ ᠲᠤᠰᠬᠠᠢ ᠰᠡᠳᠦᠪᠲᠦ ᠡᠷᠳᠡᠮ ᠰᠢᠨᠵᠢᠯᠡᠭᠡᠨ᠎ᠤ ᠲᠠᠢ᠌ᠯᠤᠮᠵᠢ ᠵᠢ ᠰᠤᠨᠤᠰᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠰᠢᠰᠲ᠋ᠧᠮ᠎ᠤᠨ ᠺᠠᠳ᠋ᠷ ᠠᠵᠢᠯᠳᠠᠳ ᠸᠠᠩ ᠰᠧ ᠪᠢᠨ ᠫᠷᠤᠹᠧᠰᠰᠤᠷ᠎ᠤᠨ ᠬᠥᠬᠡᠬᠣᠲᠠ᠎ᠳᠤ ᠥᠷᠨᠢᠭᠦᠯᠦᠭᠰᠡᠨ ᠨᠡᠢ᠌ᠭᠡᠮ᠎ᠤᠨ ᠠᠵᠢᠯ᠎ᠤᠨ ᠲᠤᠰᠬᠠᠢ ᠰᠡᠳᠦᠪᠲᠦ ᠡᠷᠳᠡᠮ ᠰᠢᠨᠵᠢᠯᠡᠭᠡᠨ᠎ᠤ ᠲᠠᠢ᠌ᠯᠤᠮᠵᠢ ᠵᠢ ᠰᠤᠨᠤᠰᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠬᠢᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠭᠠᠯ᠎ᠢ ᠰᠡᠷᠬᠡᠢ᠌ᠯᠡᠬᠦ ᠪᠤᠭᠤᠮᠳᠠ ᠰᠢᠪᠳᠤᠯᠤᠯᠳᠠ ᠵᠢᠨ ᠠᠵᠢᠯᠯᠠᠭ᠎ᠠ ᠦᠷᠨᠢᠬᠦᠯᠪᠡ
ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠤᠷᠢᠶᠠᠯᠠᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠎ᠳᠤ ᠬᠦᠴᠦᠨ ᠨᠡᠮᠡᠷᠢᠯᠡᠵᠤ ᠪᠠᠢ᠌ᠨ᠎ᠠ
 
            